ᠣᠩᠨᠢᠭᠤᠳ ᠬᠤᠰᠢᠭᠤᠨ ᠤ ᠪᠠᠶᠠᠨᠲᠠᠯ᠎ᠠ ᠰᠤᠮᠣ ᠳᠠᠬᠢ ᠲᠤᠮᠢᠯᠠᠭᠰᠠᠨ ᠰᠠᠯᠪᠣᠷᠢ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠷᠠᠳ ᠤᠯᠠᠨ ᠤ ᠬᠠᠨᠣᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2017/6/21
      ᠰᠢᠨ᠎ᠡ ᠪᠠᠶᠢᠳᠠᠯ ᠳᠤ ᠵᠤᠬᠢᠴᠠᠨ᠂ ᠠᠮᠣᠷ ᠢ ᠬᠠᠮᠠᠭᠠᠯᠠᠬᠤ ᠠᠵᠢᠯ ᠤᠨ ᠬᠠᠷᠠᠯᠲᠠ ᠱᠠᠭᠠᠷᠳᠠᠯᠭ᠎ᠠ ᠶᠢ ᠴᠢᠩᠭ᠎ᠠ ᠡᠵᠡᠮᠳᠡᠵᠣ᠂ ᠬᠠᠣᠯᠢ ᠶᠤᠰᠣᠭᠠᠷ ᠲᠣᠰᠢᠶᠠᠯ ᠢᠶᠠᠨ ᠭᠦᠢᠴᠡᠳᠭᠡᠬᠦ ᠪᠠ ᠠᠷᠠᠳ ᠤᠨ ᠠᠮᠢᠳᠣᠷᠠᠯ ᠳᠤ ᠦᠢᠯᠡᠴᠢᠯᠡᠬᠦ ᠴᠢᠳᠠᠪᠣᠷᠢ ᠪᠠᠨ ᠦᠨᠡᠨ ᠬᠦ ᠳᠡᠭᠡᠭᠰᠢᠯᠡᠭᠦᠯᠬᠦ ᠶᠢᠨ ᠲᠦᠯᠦᠭᠡ᠂ ᠣᠩᠨᠢᠭᠤᠳ ᠬᠤᠰᠢᠭᠤᠨ ᠤ ᠪᠠᠶᠠᠨᠲᠠᠯ᠎ᠠ ᠰᠤᠮᠣ ᠳᠠᠬᠢ ᠲᠤᠮᠢᠯᠠᠭᠰᠠᠨ ᠰᠠᠯᠪᠣᠷᠢ ᠤᠯᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠵᠣ ᠬᠠᠷᠢᠶ᠎ᠠ ᠲᠤᠭᠤᠷᠢᠭ ᠤᠨ ᠢᠶᠠᠨ ᠠᠷᠠᠳ ᠤᠯᠠᠨ ᠤ ᠬᠠᠨᠣᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠪᠠᠶᠢᠨ᠎ᠠ᠃       ᠪᠠᠶᠠᠨᠲᠠᠯ᠎ᠠ ᠰᠤᠮᠣ ᠳᠠᠬᠢ ᠲᠤᠮᠢᠯᠠᠭᠰᠠᠨ ᠰᠠᠯᠪᠣᠷᠢ ᠠᠷᠠᠳ ᠤᠨ ᠴᠠᠭᠳᠠᠭᠠᠨ ᠤ ᠲᠣᠰᠢᠶᠠᠯ ᠬᠠᠷᠢᠭᠤᠴᠠᠯᠭ᠎ᠠ ᠶᠢ ᠲᠤᠳᠣᠷᠬᠠᠶᠢᠯᠠᠵᠤ᠂ ᠠᠷᠠᠳ ᠤᠨ ᠴᠠᠭᠳᠠᠭ᠎ᠠ ᠶᠢ ᠵᠤᠬᠢᠶᠠᠨ ᠪᠠᠶᠢᠭᠤᠯᠣᠨ ᠲᠤᠭᠤᠷᠢᠨ ᠦᠵᠡᠵᠦ ᠪᠣᠯᠭᠤᠭᠠᠨ ᠲᠣᠬᠢᠨᠢᠭᠤᠯᠬᠤ ᠠᠵᠢᠯᠯᠠᠭᠠᠨ ᠦᠷᠨᠢᠭᠦᠯᠵᠦ᠂ ᠵᠦᠷᠢᠴᠡᠯ ᠮᠥᠷᠭᠦᠯᠳᠦᠭᠡᠨ ᠤ ᠪᠠᠶᠢᠴᠠᠭᠠᠯᠲᠠ ᠬᠢᠬᠦ ᠪᠠᠷ ᠳᠠᠮᠵᠢᠨ ᠢᠯᠡᠷᠡᠭᠦᠯᠦᠭᠰᠡᠨ ᠡᠯ᠎ᠡ ᠵᠦᠢᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠲᠦᠷᠦᠯ ᠬᠤᠪᠢᠶᠠᠨ ᠬᠤᠷᠢᠶᠠᠩᠭᠤᠶᠢᠯᠠᠨ ᠳ᠋ᠦᠩᠨᠡᠵᠦ ᠭᠦᠨᠵᠡᠭᠡᠢ ᠰᠣᠳᠣᠯᠠᠨ ᠮᠠᠭᠠᠳᠯᠠᠵᠣ᠂ ᠡᠯ᠎ᠡ ᠵᠦᠢᠯ ᠤᠨ ᠲᠤᠭᠲᠠᠭᠤᠨ ᠪᠤᠰᠣ ᠡᠯᠧᠮᠧᠨ᠋ᠲ ᠪᠣᠯᠣᠨ ᠠᠰᠠᠭᠤᠳᠠᠯ ᠢ ᠳᠤᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠣ᠂ ᠠᠳᠠᠯᠢ ᠪᠤᠰᠣ ᠶᠢᠨ ᠵᠦᠷᠢᠴᠡᠯ ᠳᠤ ᠴᠢᠭᠯᠡᠭᠦᠯᠦᠨ ᠰᠢᠢᠳᠪᠦᠷᠢᠯᠡᠬᠦ ᠲᠦᠰᠦᠯ ᠲᠤᠭᠲᠠᠭᠠᠨ ᠬᠡᠷᠡᠭᠵᠢᠭᠦᠯᠵᠦ ᠪᠣᠢ᠃       ᠤᠳᠣᠬᠠᠨ ᠤ ᠡᠯ᠎ᠡ ᠵᠦᠢᠯ ᠤᠨ ᠵᠦᠷᠢᠴᠠᠯ  ᠵᠢᠭᠤᠷᠠᠯᠳᠤᠭᠠᠨ ᠢ ᠲᠦᠷᠭᠡᠨ ᠵᠣᠬᠢᠴᠠᠭᠤᠯᠵᠣ ᠲᠦᠷᠭᠡᠨ ᠰᠢᠢᠳᠪᠦᠷᠢᠯᠡᠨ᠂ ᠲᠤᠭᠳᠠᠭᠰᠠᠨ ᠬᠤᠭᠤᠴᠠᠭᠠᠨ ᠳᠤ ᠵᠤᠬᠢᠴᠠᠭᠤᠯᠬᠤ ᠶᠢ ᠪᠠᠷᠢᠮᠲᠠᠯᠠᠵᠤ᠂ ᠡᠩ ᠤᠨ ᠵᠢᠭᠤᠷᠠᠯᠳᠣᠭᠠᠨ ᠤ ᠪᠣᠳᠠᠳᠣ ᠪᠠᠶᠢᠳᠠᠯ᠂ ᠭᠡᠷᠡᠴᠢ ᠪᠠᠷᠢᠮᠲᠠ ᠶᠢ ᠪᠠᠶᠢᠴᠠᠭᠠᠨ ᠲᠤᠲᠣᠯᠠᠭᠰᠠᠨ ᠰᠠᠭᠤᠷᠢᠨ ᠳᠡᠭᠡᠷ᠎ᠡ ᠴᠠᠭ ᠲᠤᠬᠠᠢ ᠳᠤᠨᠢ ᠡᠶᠡᠳᠡᠭᠦᠯᠵᠦ᠂ ᠵᠦᠷᠢᠴᠡᠯ ᠢ ᠦᠨᠳᠦᠰᠦᠨ ᠱᠠᠲᠤᠨ ᠳᠤᠨᠢ ᠦᠭᠡᠶᠢᠰᠭᠡᠨ᠂ ᠡᠭᠦᠰᠦᠯᠲᠡ ᠶᠢᠨ ᠱᠠᠲᠦᠨ ᠳᠤᠨᠢ ᠬᠢᠵᠠᠭᠠᠷᠯᠠᠵᠣ᠂ ᠲᠦᠪᠡᠭ  ᠪᠤᠳᠣᠯᠢᠶᠠᠨᠲᠠᠢ ᠵᠦᠷᠢᠴᠡᠯ  ᠵᠢᠭᠤᠷᠠᠯᠳᠤᠭᠠᠨ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ᠂ ᠡᠷᠲᠡᠭᠡᠨ ᠦᠭᠡᠶᠢᠰᠬᠡᠨ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ᠃     《ᠬᠡᠨ ᠵᠤᠬᠢᠴᠠᠭᠤᠯᠣᠨ ᠰᠢᠢᠳᠪᠦᠷᠢᠯᠡᠪᠡᠯ᠂ ᠬᠡᠨ ᠬᠠᠷᠢᠭᠤᠴᠠᠨ ᠰᠤᠷᠪᠣᠯᠵᠢᠯᠠᠬᠤ》ᠵᠠᠷᠴᠢᠮ ᠢ ᠪᠠᠷᠢᠮᠲᠠᠯᠠᠨ᠂ ᠠᠷᠠᠳ ᠤᠨ ᠴᠠᠭᠳᠠᠭ᠎ᠠ ᠨᠠᠷ ᠰᠢᠢᠳᠪᠦᠷᠢᠯᠡᠭᠰᠡᠨ ᠵᠦᠷᠢᠴᠡᠯ ᠤᠨ ᠲᠣᠬᠠᠢ ᠰᠤᠷᠪᠣᠯᠵᠢᠯᠠᠬᠤ ᠶᠠᠪᠣᠴᠠ ᠳᠤ᠂ ᠣᠯᠠᠨ ᠲᠦᠮᠡᠨ ᠲᠠᠢ ᠨᠢᠭᠤᠷᠳᠡᠨ ᠶᠠᠷᠢᠯᠴᠠᠨ ᠣᠯᠠᠨ ᠳᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠣᠰᠴᠤ᠂ ᠡᠭᠦᠨ ᠤ ᠤᠯᠠᠮ ᠠᠴᠠ ᠵᠦᠷᠢᠴᠡᠯ ᠤᠨ ᠪᠠᠶᠢᠳᠠᠯ ᠳᠠᠬᠢᠨᠲᠠ ᠡᠭᠦᠰᠬᠦ ᠶᠢ ᠬᠤᠷᠢᠭᠯᠠᠵᠤ ᠪᠤᠢ᠃      ᠳᠤᠭᠲᠠᠭᠰᠠᠨ ᠭᠠᠵᠠᠷ ᠲᠤ ᠣᠬᠠᠭᠤᠯᠵᠣ᠂ ᠲᠤᠭᠤᠷᠢᠨ ᠤᠬᠠᠭᠤᠯᠵᠣ᠂ ᠡᠷᠦᠬᠡ ᠳᠤ ᠬᠦᠷᠴᠦ ᠣᠬᠠᠭᠤᠯᠬᠤ ᠬᠡᠯᠪᠡᠷᠢ ᠪᠠᠷ ᠬᠠᠣᠯᠢ ᠲᠦᠭᠡᠮᠡᠯᠵᠢᠭᠦᠯᠬᠦ ᠬᠦᠮᠦᠵᠢᠯ ᠤᠨ ᠣᠬᠠᠭᠤᠯᠭ᠎ᠠ ᠶᠢᠨ ᠠᠵᠢᠯᠯᠠᠭᠠᠨ ᠦᠷᠨᠢᠭᠦᠯᠬᠦ ᠶᠢᠨ ᠬᠠᠮᠲᠤ᠂ ᠤᠯᠠᠨ ᠳᠦᠮᠡᠨ ᠤ ᠮᠠᠳᠠᠭ ᠲᠠᠢ ᠠᠰᠠᠭᠤᠳᠠᠯ ᠢ ᠨᠢ ᠨᠠᠷᠢᠨ ᠬᠢᠨᠠᠮᠠᠭᠠᠢ ᠵᠠᠳᠠᠯᠣᠨ ᠦᠭᠴᠦ᠂ ᠣᠯᠠᠨ ᠳᠦᠮᠡᠨ ᠤ ᠡᠷᠡᠭᠡᠯᠵᠡᠯ ᠢ ᠦᠭᠡᠶᠢᠰᠭᠡᠵᠤ᠂ ᠲᠡᠳᠡᠨ ᠤ ᠬᠠᠣᠯᠢ ᠶᠢ ᠣᠶᠢᠯᠭᠠᠬᠤ᠂ ᠬᠠᠣᠯᠢ ᠶᠢ ᠮᠡᠳᠡᠬᠦ᠂ ᠬᠠᠣᠯᠢ ᠶᠢ ᠰᠠᠬᠢᠬᠤ᠂ ᠬᠠᠣᠯᠢ ᠶᠢ ᠬᠡᠷᠡᠭᠯᠡᠬᠦ ᠣᠬᠠᠮᠰᠠᠷ ᠢ ᠦᠨᠡᠨᠬᠦ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ᠂ ᠬᠠᠷᠢᠯᠴᠠᠨ ᠰᠡᠷᠭᠡᠶᠢᠯᠡᠬᠦ ᠴᠢᠳᠠᠪᠦᠷᠢ ᠶᠢ ᠨᠢ ᠴᠢᠩᠭᠠᠳᠬᠠᠵᠤ ᠪᠠᠶᠢᠨ᠎ᠠ᠃ ︵ᠰᠡᠴᠡᠨᠲᠣ︶                                        ᠣᠯᠠᠭᠠᠨ ᠬᠠᠳᠠ ᠶᠢᠨ ᠡᠳᠦᠷ ᠤᠨ ᠰᠤᠨᠢᠨ ᠠᠴᠠ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号