ᠮᠠᠨ ᠤ ᠤᠷᠤᠨ ᠤ 22 ᠴᠢᠳᠠᠪᠤᠷᠢᠳᠠᠨ ᠪᠦᠬᠦ ᠤᠯᠤᠰ ᠤᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ‌ᠠᠵᠢᠯ ᠤᠨ ᠴᠢᠳᠠᠪᠤᠷᠢᠳᠠᠨ ᠤ ᠬᠦᠮᠦᠷᠭᠡ ᠳᠤ ᠰᠤᠩᠭᠤᠬᠳᠠᠵᠠᠢ
ᠨᠡᠶᠢᠲᠡᠯᠡᠭᠰᠡᠨ ᠴᠠᠭ᠄
2017/6/28
     ᠤᠢᠢᠷ᠎ᠠ ᠶᠢᠨ ᠡᠳᠦᠷ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠠᠴᠠ ᠨᠡᠶᠢᠳᠡᠯᠡᠭᠰᠡᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠤ ᠨᠡᠷᠡᠰ ᠲᠤ ᠮᠠᠨ ᠤ ᠤᠷᠤᠨ ᠤ 22 ᠴᠢᠳᠠᠪᠤᠷᠢᠳᠠᠨ ᠵᠢᠬᠰᠠᠭᠠᠭᠳᠠᠪᠠ᠃ ᠡᠨᠡ ᠨᠢ ᠮᠠᠨ ᠤ ᠤᠷᠤᠨ ᠤ ᠲᠤᠰᠬᠠᠢ ᠠᠰᠢᠬ ᠤᠨ ᠮᠡᠳᠡᠭᠡ ᠵᠠᠩᠬᠢ ᠶᠢᠨ ᠴᠢᠳᠠᠪᠤᠷᠢᠳᠠᠨ ᠠᠩᠬᠠᠳᠠᠭᠴᠢ ᠤᠳᠠᠭ᠎ᠠ ᠪᠦᠬᠦ ᠤᠯᠤᠰ ᠤᠨ ᠲᠤᠰᠬᠠᠢ ᠠᠰᠢᠭ ᠤᠨ ᠪᠤᠳᠠᠳᠤ ᠠᠵᠢᠯ ᠤᠨ ᠴᠢᠳᠠᠪᠤᠷᠢᠳᠠᠨ ᠤ ᠬᠦᠮᠦᠷᠭᠡ ᠳᠤ ᠰᠤᠩᠭᠤᠭᠳᠠᠨ ᠤᠷᠤᠭᠰᠠᠨ ᠢ ᠬᠠᠷᠠᠭᠤᠯᠵᠤ ᠪᠠᠶᠢᠨ᠎ᠠ᠃      ᠪᠦᠬᠦ ᠤᠯᠤᠰ ᠤᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠤ ᠰᠢᠯᠭᠠᠷᠠᠭᠤᠯᠤᠯᠳᠠ ᠶᠢᠨ ᠠᠵᠢᠯ ᠢ ᠪᠦᠬᠦ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠠᠴᠠ 2015 ᠤᠨ ᠤ 12 ᠰᠠᠷ᠎ᠠ ᠳᠤ ᠡᠬᠢᠯᠡᠨ ᠵᠤᠬᠢᠶᠠᠨ ᠪᠠᠶᠢᠭᠤᠯᠤᠨ ᠦᠷᠨᠢᠭᠦᠯᠵᠤ᠂ ︽ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠶᠢᠳᠠᠯ ᠳᠤᠤᠷ᠎ᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠬᠦ ᠲᠤᠬᠠᠢ ᠰᠠᠨᠠᠯ︾ ᠢ ᠬᠦᠨᠵᠡᠭᠡᠢ ᠲᠤᠤᠱᠯᠠᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠤᠰᠬᠠᠢ ᠠᠰᠢᠭ ᠤᠨ ᠮᠡᠳᠡᠭᠡ ᠵᠠᠩᠬᠢ ᠶᠢᠨ ᠴᠢᠳᠠᠪᠤᠷᠢᠳᠠᠨ ᠤ ᠡᠩᠨᠡᠭᠡ ᠶᠢ ᠬᠦᠴᠦᠷᠭᠡᠭᠵᠢᠭᠦᠯᠵᠤ᠂ ᠲᠤᠰᠬᠠᠢ ᠠᠰᠢᠭ ᠤᠨ ᠮᠡᠳᠡᠭᠡ ᠵᠠᠩᠬᠢ ᠶᠢᠨ ᠴᠢᠳᠠᠪᠤᠷᠢᠳᠠᠨ ᠤ ᠡᠩᠨᠡᠭᠡ ᠶᠢᠨ ᠪᠦᠲᠦᠴᠡ ᠪᠤᠯᠤᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ ᠪᠠᠷ ᠵᠤᠷᠢᠯᠭ᠎ᠠ ᠪᠠᠨ ᠪᠤᠯᠭᠠᠭᠰᠠᠨ ᠶᠤᠮ᠃ ᠤᠢᠢᠯᠠᠭᠠᠭᠰᠠᠨ ᠢᠶᠠᠷ᠂ ᠦᠪᠦᠷ ᠮᠤᠩᠭᠤᠯ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠨᠢ 2017 ᠤᠨ ᠳᠤ ᠦᠪᠡᠷᠳᠡᠭᠡᠨ ᠵᠠᠰᠠᠬᠤ ᠤᠷᠤᠨ ᠤ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠤ ᠬᠦᠮᠦᠷᠭᠡ ᠶᠢ ᠪᠠᠶᠢᠭᠤᠯᠵᠤ᠂ ᠬᠦᠮᠦᠷᠭᠡᠨ ᠳᠤ ᠤᠷᠤᠬᠤ ᠴᠢᠳᠠᠪᠤᠷᠢᠳᠠᠨ ᠳᠤ ᠲᠤᠰᠬᠠᠢ ᠠᠰᠢᠭ ᠤᠨ ᠪᠠᠶᠢᠷᠢᠯᠠᠭᠤᠯᠤᠯᠳᠠ ᠪᠠ ᠠᠭᠤᠳᠠᠯᠤᠯᠳᠠ᠂ ᠲᠤᠰᠬᠠᠢ ᠠᠰᠢᠭ ᠤᠨ ᠮᠡᠳᠡᠭᠡ ᠵᠠᠩᠭᠢ ᠶᠢᠨ ᠵᠠᠳᠠᠯᠤᠯᠳᠠ ᠵᠡᠷᠭᠡ ᠲᠤᠰᠬᠠᠢ ᠮᠡᠷᠭᠡᠵᠢᠯ ᠤᠨ ᠪᠤᠯᠪᠠᠰᠤᠷᠠᠯ ᠢ ᠦᠷᠨᠢᠭᠦᠯᠵᠤ ᠂ ᠴᠢᠳᠠᠪᠤᠷᠢᠳᠠᠨ ᠤ ᠰᠤᠯᠢᠯᠴᠠᠭ᠎ᠠ᠂ ᠬᠦᠮᠦᠵᠢᠯ᠂ ᠰᠤᠳᠤᠯᠭᠠᠨ ᠤ ᠰᠡᠳᠦᠪ ᠤᠨ ᠲᠦᠷᠦᠯ ᠵᠦᠢᠯ ᠢ ᠬᠦᠭᠵᠢᠬᠦᠯᠪᠡ᠃ ᠰᠢᠯᠭᠠᠷᠠᠭᠤᠯᠤᠨ ᠰᠤᠩᠭᠤᠭᠳᠠᠭᠰᠠᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠨᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠰᠢᠨᠵᠢᠯᠡᠬᠦ ᠤᠬᠠᠭᠠᠨ ᠤ ᠬᠦᠭᠵᠢᠯᠳᠡ ᠳᠤ ᠦᠢᠯᠡᠴᠢᠯᠡᠵᠤ᠂ ᠴᠢᠬᠤᠯᠠ ᠶᠡᠭᠡ ᠠᠵᠤ ᠠᠬᠤᠢ ᠶᠢᠨ ᠠᠵᠢᠯᠯᠠᠭ᠎ᠠ᠂ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠯᠳᠡ ᠪᠤᠯᠤᠨ ᠬᠡᠷᠡᠭᠯᠡᠭᠡᠨ ᠤ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠲᠤᠰᠬᠠᠢ ᠠᠰᠢᠭ ᠤᠨ ᠮᠡᠳᠡᠭᠡ ᠵᠠᠩᠬᠢ ᠶᠢᠨ ᠡᠬᠢ ᠪᠠᠶᠠᠯᠢᠭ ᠤᠨ ᠵᠤᠬᠢᠶᠠᠨ ᠪᠠᠶᠢᠭᠤᠯᠤᠯᠳᠠ ᠪᠤᠯᠤᠨ ᠪᠦᠲᠦᠭᠡᠨ ᠪᠠᠶᠢᠭᠤᠯᠤᠯᠳᠠ᠂ ᠵᠠᠳᠠᠯᠤᠯᠳᠠ᠂ ᠰᠢᠨᠵᠢᠯᠡᠯᠳᠡ᠂ ᠠᠰᠢᠬᠯᠠᠯᠳᠠ ᠪᠤᠯᠤᠨ ᠦᠢᠯᠡᠴᠢᠯᠡᠭᠡ ᠵᠡᠷᠭᠡ ᠠᠵᠢᠯ ᠳᠤ ᠬᠤᠪᠢ ᠨᠡᠮᠡᠷᠢ ᠪᠠᠨ ᠦᠵᠡᠭᠦᠯᠬᠦ ᠪᠤᠯᠤᠨ᠎ᠠ᠃                                                        ᠨᠠᠶᠢᠷᠠᠭᠤᠯᠤᠭᠴᠢ᠄  ᠪᠤᠶᠠᠨ᠋ᠦ᠌ᠨᠳᠦᠰᠦ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号