ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠲᠢᠩᠬᠢᠮ ᠮᠡᠳᠡᠭᠳᠡᠯ ᠪᠠᠭᠤᠯᠭᠠᠵᠤ ︽ᠰᠤᠷᠭᠠᠭᠤᠯᠢ ᠳᠠᠪᠰᠢᠭᠰᠠᠨ ᠨᠠᠶᠢᠷ︾ ᠬᠢᠬᠦ ᠶᠢ ᠡᠷᠡᠰ ᠴᠠᠭᠠᠵᠠᠯᠠᠪᠠ
ᠨᠡᠶᠢᠲᠡᠯᠡᠭᠰᠡᠨ ᠴᠠᠭ᠄
2017/6/28
       ᠤᠯᠤᠰ ᠤᠨ ᠨᠢᠭᠡᠳᠦᠯᠳᠡᠢ ᠰᠢᠯᠭᠠᠯᠳᠠ ᠲᠠᠭᠤᠰᠴᠤ ᠰᠢᠯᠭᠠᠯᠳᠠ ᠶᠢᠨ ᠬᠤᠪᠢ ᠨᠡᠶᠢᠳᠡᠯᠡᠭᠦ ᠲᠠᠰᠢᠷᠠᠮ ᠳᠤ᠂ ᠲᠦᠪ ᠤᠨ ᠨᠠᠢᠮᠠᠨ ᠲᠤᠬᠳᠠᠭᠠᠯ ᠪᠠ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠢᠵᠢ ᠪᠦᠷᠢᠳᠦᠭᠦᠯᠦᠭᠰᠡᠨ 28 ᠲᠤᠬᠳᠠᠭᠠᠯ ᠤᠨ ᠵᠤᠷᠢᠭ ᠰᠠᠨᠠᠭ᠎ᠠ ᠵᠢᠴᠢ ᠨᠠᠮ ᠤᠨ ᠬᠡᠰᠢᠭᠦᠨ ᠺᠠᠳ᠋ᠷᠴᠤᠳ ᠤᠨ ᠠᠷᠢᠭᠤᠨ ᠴᠢᠭᠡᠴᠢ ᠪᠠᠷ ᠪᠡᠶ᠎ᠠ ᠪᠠᠨ ᠱᠠᠭᠠᠷᠳᠠᠬᠤ ᠬᠠᠮᠢᠶ᠎ᠠ ᠪᠦᠬᠦᠢ ᠲᠤᠬᠳᠠᠭᠠᠯ ᠢ ᠴᠢᠨᠠᠬᠰᠢᠳᠠ ᠬᠦᠨᠵᠡᠭᠡᠢ ᠨᠡᠶᠢᠳᠡᠪᠦᠷᠢᠵᠢᠭᠤᠯᠬᠤ ᠶᠢᠨ ᠲᠦᠯᠦᠭᠡ᠂ ᠲᠦᠷᠦᠭᠦᠭᠡᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠢᠩᠬᠢᠮ ︽ᠲᠤᠬᠳᠠᠭᠠᠯ ᠠᠴᠠ ᠵᠦᠷᠢᠴᠡᠨ ︿ᠰᠤᠷᠭᠠᠭᠤᠯᠢ ᠲᠠᠪᠰᠢᠬᠰᠠᠨ ᠨᠠᠶᠢᠷ﹀ ︿ᠪᠠᠭᠰᠢ ᠳᠠᠭᠠᠨ ᠲᠠᠯᠠᠷᠬᠠᠬᠤ ᠲᠠᠶᠢᠯᠠᠯᠭ᠎ᠠ﹀ ᠬᠢᠭᠦ ᠶᠢ ᠡᠷᠡᠰ ᠴᠠᠭᠠᠵᠠᠯᠠᠬᠤ ᠲᠤᠬᠠᠢ ᠮᠡᠳᠡᠭᠳᠡᠯ︾ ︵ᠲᠤᠤᠷ᠎ᠠ ︽ᠮᠡᠳᠡᠭᠳᠡᠯ ᠬᠡᠵᠤ ᠲᠦᠭᠦᠮᠴᠢᠯᠡᠨ᠎ᠠ︶ ᠪᠠᠭᠤᠯᠭᠠᠵᠤ᠂ ᠨᠠᠮ ᠤᠨ ᠬᠡᠰᠢᠭᠦᠨ ᠺᠠᠳ᠋ᠷᠴᠤᠳ ᠤᠨ ᠲᠤᠬᠳᠠᠭᠠᠯ ᠠᠴᠠ ᠵᠦᠷᠢᠴᠡᠵᠤ ︽ᠰᠤᠷᠭᠠᠭᠤᠯᠢ ᠲᠠᠪᠰᠢᠬᠰᠠᠨ ᠨᠠᠶᠢᠷ︾ ︽ᠪᠠᠭᠰᠢ ᠳᠠᠭᠠᠨ ᠲᠠᠯᠠᠷᠬᠠᠬᠤ ᠲᠠᠶᠢᠯᠠᠯᠭ᠎ᠠ︾ ᠬᠢᠭᠦ ᠶᠢ ᠡᠷᠡᠰ ᠴᠠᠭᠠᠵᠠᠯᠠᠬᠤ ᠲᠤᠬᠠᠢ ᠲᠠᠬᠢᠨᠳᠠ ᠲᠤᠷᠠᠳᠤᠭᠰᠠᠨ ᠪᠠᠶᠢᠨ᠎ᠠ᠃       ︽ᠮᠡᠳᠡᠭᠳᠡᠯ︾ ᠳᠤ᠂ ᠡᠪ ᠬᠠᠮᠳᠤ ᠨᠠᠮ ᠤᠨ ᠬᠡᠰᠢᠭᠦᠨ᠂ ᠤᠯᠤᠰ ᠤᠨ ᠠᠯᠪᠠᠳᠠᠨ ᠪᠠ ᠤᠯᠤᠰ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠳ᠋ᠤ᠋ ᠲᠤᠰᠢᠶᠠᠯ ᠡᠭᠦᠷᠭᠡᠯᠡᠵᠤ ᠪᠦᠬᠦᠢ ᠬᠦᠮᠦᠰ᠂ ᠤᠨᠴᠠᠭᠠᠢᠢᠯᠠᠨ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠠᠷᠢᠭᠤᠨ ᠴᠢᠭᠡᠴᠢ ᠪᠠᠷ ᠪᠡᠶ᠎ᠠ ᠪᠠᠨ ᠱᠠᠭᠠᠷᠳᠠᠬᠤ᠂ ᠡᠯ᠎ᠠ ᠵᠦᠢᠯ ᠤᠨ ᠲᠤᠬᠳᠠᠭᠠᠯ ᠢ ᠴᠢᠩᠭ᠋᠎ᠠ ᠵᠢᠷᠤᠮᠯᠠᠨ᠂ ᠦᠷ᠎ᠠ ᠬᠡᠤᠭᠡᠳ ᠲᠡᠭᠡᠨ ︽ᠰᠤᠷᠭᠠᠭᠤᠯᠢ ᠲᠠᠪᠰᠢᠬᠰᠠᠨ ᠨᠠᠶᠢᠷ︾ ︽ᠪᠠᠭᠰᠢ ᠳᠠᠭᠠᠨ ᠲᠠᠯᠠᠷᠬᠠᠬᠤ ᠲᠠᠶᠢᠯᠠᠯᠭ᠎ᠠ︾ ᠵᠡᠷᠭᠡ ᠰᠠᠳᠤᠨ ᠲᠦᠷᠦᠯ ᠠᠴᠠ ᠪᠤᠰᠤ ᠬᠦᠮᠦᠰ ᠢ ᠤᠷᠤᠯᠴᠠᠭᠤᠯᠤᠬᠰᠠᠨ ᠨᠠᠶᠢᠷ ᠲᠠᠶᠢᠯᠠᠯᠭ᠎ᠠ ᠬᠢᠭᠦ ᠶᠢ ᠡᠷᠡᠰ ᠴᠠᠭᠠᠵᠠᠯᠠᠵᠤ᠂ ᠰᠠᠳᠤᠨ ᠲᠦᠷᠦᠯ ᠠᠴᠠ ᠪᠤᠰᠤ ᠬᠦᠮᠦᠰ ᠤᠨ ᠲᠠᠶᠢᠯᠠᠯᠭ᠎ᠠ ᠪᠠ ᠪᠤᠰᠤᠳ ᠬᠡᠯᠪᠡᠷᠢ ᠶᠢᠨ ᠲᠠᠶᠢᠯᠠᠯᠭ᠎ᠠ ᠳ᠋ᠤ᠋ ᠤᠷᠤᠯᠴᠠᠬᠤ ᠶᠢ ᠡᠷᠡᠰ ᠴᠠᠭᠠᠵᠠᠯᠠᠵᠤ᠂ ᠠᠯᠪᠠᠨ ᠤ ᠵᠤᠭᠤᠰ ᠢ ᠵᠠᠷᠤᠬᠤ᠂ ᠪᠤᠰᠤᠳ ᠠᠰᠢᠭ ᠲᠤᠰᠠ ᠶᠢᠨ ᠬᠠᠷᠢᠴᠠᠭ᠎ᠠ ᠪᠦᠬᠦᠢ ᠨᠢᠭᠡᠴᠡ ᠶᠢ ᠡᠷᠢᠵᠤ ᠬᠤᠪᠢ ᠬᠦᠮᠦᠨ ᠤ ᠲᠠᠩᠰᠠ ᠪᠠᠨ ᠲᠠᠶᠢᠯᠤᠭᠤᠯᠬᠤ ᠪᠤᠶᠤ ᠬᠡᠤᠭᠡᠳ ᠤᠨ ᠢᠶᠠᠨ ᠰᠤᠷᠤᠯᠭ᠎ᠠ ᠶᠢᠨ ᠰᠦᠢᠳᠭᠡᠯ ᠢ ᠭᠠᠷᠭᠠᠭᠤᠯᠬᠤ ᠵᠡᠷᠭᠡ ᠶᠢ ᠡᠷᠡᠰ ᠴᠠᠭᠠᠵᠠᠯᠠᠨ᠎ᠠ᠃ ᠠᠯᠪᠠᠨ ᠤ ᠮᠠᠰᠢᠨ ᠲᠡᠷᠭᠡ ᠶᠢ ᠬᠦᠳᠡᠯᠭᠡᠭᠦ᠂ ᠠᠯᠪᠠᠨ ᠤ ᠵᠤᠭᠤᠰ ᠢᠶᠠᠷ ᠮᠠᠰᠢᠨ ᠲᠡᠷᠭᠡ ᠲᠦᠷᠢᠶᠡᠰᠦᠯᠡᠭᠦ ᠵᠡᠷᠭᠡ ᠪᠠᠷ ᠦᠷ᠎ᠠ ᠬᠡᠤᠭᠡᠳ ᠪᠠ ᠰᠠᠳᠤᠨ ᠲᠦᠷᠦᠯ ᠢᠶᠠᠨ ᠰᠤᠷᠭᠠᠭᠤᠯᠢ ᠳᠤᠨᠢ ᠬᠦᠷᠭᠡᠭᠦ ᠪᠤᠶᠤ ᠵᠤᠭᠠᠴᠠᠭᠤᠯᠬᠤ ᠶᠢ ᠡᠷᠡᠰ ᠴᠠᠭᠠᠵᠠᠯᠠᠬᠤ ᠬᠡᠷᠡᠭᠳᠡᠢ ᠭᠡᠵᠤ ᠱᠠᠭᠠᠷᠳᠠᠪᠠ᠃       ︽ᠮᠡᠳᠡᠭᠳᠡᠯ︾ ᠳᠤ᠂ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠪᠠᠭ︶ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠰᠠᠶᠢᠳᠤᠷ ᠬᠦᠢᠴᠡᠳᠭᠡᠵᠤ᠂ ᠲᠤᠬᠠᠢ ᠶᠢᠨ ᠪᠦᠰᠡ ᠨᠤᠲᠤᠭ᠂ ᠲᠤᠬᠠᠢ ᠶᠢᠨ ᠰᠠᠯᠠᠭ᠎ᠠ ᠮᠦᠴᠢᠷ᠂ ᠲᠤᠬᠠᠢ ᠶᠢᠨ ᠨᠢᠭᠡᠴᠡ ᠶᠢᠨ ᠢᠶᠠᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠤᠳᠤᠷᠢᠳᠬᠤ ᠺᠠᠳ᠋ᠷᠴᠤᠳ ᠤᠨ ᠠᠷᠢᠭᠤᠨ ᠴᠢᠭᠡᠴᠢ ᠪᠠᠷ ᠪᠡᠶ᠎ᠠ ᠪᠠᠨ ᠱᠠᠭᠠᠷᠳᠠᠬᠤ ᠠᠵᠢᠯ ᠢ ᠬᠢᠨᠠᠮᠠᠭᠠᠢ ᠠᠳᠬᠤᠬᠤ ᠬᠡᠷᠡᠭᠳᠡᠢ᠃ ᠨᠠᠮ ᠤᠨ ᠬᠡᠰᠢᠭᠦᠨ ᠪᠤᠯᠤᠨ ᠺᠠᠳ᠋ᠷ ᠤᠨ ᠤᠬᠠᠭᠤᠯᠭ᠎ᠠ ᠬᠦᠮᠦᠵᠢᠯ ᠪᠠ ᠬᠢᠨᠠᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠵᠤ᠂ ᠤᠬᠠᠭᠤᠯᠭ᠎ᠠ ᠬᠦᠮᠦᠵᠢᠯ ᠪᠠ ᠰᠡᠷᠬᠡᠶᠢᠯᠡᠨ ᠰᠠᠨᠠᠭᠤᠯᠬᠤ ᠠᠵᠢᠯ ᠢ ᠢᠳᠡᠪᠬᠢᠳᠡᠢ ᠰᠠᠨᠠᠭᠠᠴᠢᠯᠠᠭ᠎ᠠ ᠠᠴᠠ ᠪᠠᠨ ᠰᠠᠶᠢᠳᠤᠷ ᠬᠢᠭᠦ ᠬᠡᠷᠡᠭᠳᠡᠢ ᠭᠡᠵᠤ ᠱᠠᠭᠠᠷᠳᠠᠵᠠᠢ᠃        ︽ᠮᠡᠳᠡᠭᠳᠡᠯ︾ ᠳᠤ᠂ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ ᠬᠢᠨᠠᠯᠳᠠ ᠲᠠᠯᠪᠢᠬᠤ ᠠᠷᠭ᠎ᠠ ᠵᠠᠮ ᠢᠶᠠᠨ ᠦᠷᠭᠡᠳᠭᠡᠨ᠂ ᠬᠢᠨᠠᠯᠳᠠ ᠲᠠᠯᠪᠢᠬᠤ ᠡᠷᠴᠢᠮ ᠢᠶᠠᠨ ᠴᠢᠩᠬᠠᠷᠠᠭᠤᠯᠬᠤ ᠬᠡᠷᠡᠭᠳᠡᠢ᠃ ᠲᠤᠬᠳᠠᠭᠠᠯ ᠠᠴᠠ ᠵᠦᠷᠢᠴᠡᠵᠤ ︽ᠰᠤᠷᠭᠠᠭᠤᠯᠢ ᠲᠠᠪᠰᠢᠬᠰᠠᠨ ᠨᠠᠶᠢᠷ︾ ︽ᠪᠠᠭᠰᠢ ᠳᠠᠭᠠᠨ ᠲᠠᠯᠠᠷᠬᠠᠬᠤ ᠲᠠᠶᠢᠯᠠᠯᠭ᠎ᠠ︾ ᠬᠢᠭᠰᠡᠨ ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠤ᠂ ᠤᠯᠠᠨ ᠳᠤ ᠢᠯᠡᠴᠢᠯᠡᠨ ᠵᠠᠷᠯᠠᠬᠤ ᠶᠢᠨ ᠬᠠᠮᠳᠤ ᠲᠤᠬᠠᠢ ᠶᠢᠨ ᠬᠦᠮᠦᠨ ᠠᠴᠠ ᠬᠠᠷᠢᠭᠤᠴᠠᠯᠭ᠎ᠠ ᠶᠢ ᠴᠢᠩᠭ᠋᠎ᠠ ᠨᠡᠭᠡᠮᠵᠢᠯᠡᠵᠤ᠂ ᠲᠠᠷᠡᠴᠢᠯᠠᠨ ᠬᠠᠮᠢᠶ᠎ᠠ ᠪᠦᠬᠦᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠪᠠᠭ︶ ᠠᠴᠠ ᠭᠤᠤᠯ ᠴᠤᠬᠴᠠ ᠶᠢᠨ ᠬᠠᠷᠢᠭᠤᠴᠠᠯᠭ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠳᠤ ᠪᠠᠶᠢᠴᠠᠭᠠᠬᠤ ᠪᠠᠭ︶ ᠠᠴᠠ ᠬᠢᠨᠠᠯᠳᠠ ᠲᠠᠯᠪᠢᠬᠰᠠᠨ ᠬᠠᠷᠢᠭᠤᠴᠠᠯᠭ᠎ᠠ ᠶᠢ ᠴᠢᠩᠭ᠋᠎ᠠ ᠨᠡᠭᠡᠮᠵᠢᠯᠡᠭᠦ ᠬᠡᠷᠡᠭᠳᠡᠢ ᠬᠡᠵᠤ ᠱᠠᠭᠠᠷᠳᠠᠪᠠ᠃ᠦᠪᠦᠷ ᠮᠣᠩᠭᠤᠯ ᠤᠨ ᠦᠪᠡᠷᠳᠡᠭᠡᠨ ᠵᠠᠰᠬᠠᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠢᠩᠬᠢᠮ ᠤᠨ ᠢᠯᠡᠴᠢᠯᠡᠨ ᠮᠡᠳᠡᠭᠦᠯᠭᠦ ᠤᠳᠠᠰᠦ᠄ 0471-12388ᠢᠯᠡᠴᠢᠯᠡᠨ ᠮᠡᠳᠡᠭᠦᠯᠭᠦ ᠨᠤᠲ᠄ neimeng.12388.gov.cn
 
ᠢᠷᠡᠯᠲᠡ᠄ ᠥᠪᠥᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号