ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠠᠷ ᠭᠤᠶᠤᠴᠢᠯᠠᠬᠤ ᠳᠠᠭᠠᠨ ᠲᠠᠷᠠᠭᠠᠴᠢ ᠪᠠᠷ ᠬᠢᠬᠦ ᠠᠵᠢᠯ ᠢᠶᠠᠨ ᠦᠨᠡᠨ ᠮᠦᠨ ᠢᠶᠠᠷ ᠨᠢ ᠮᠡᠳᠡᠬᠦᠯᠬᠦ ᠬᠡᠷᠡᠭᠳᠠᠢ
ᠨᠡᠶᠢᠲᠡᠯᠡᠭᠰᠡᠨ ᠴᠠᠭ᠄
2017/6/28
      ᠦᠢᠷ᠎ᠠ ᠳᠤ᠂ ᠲᠦᠪ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠬᠥᠮᠤᠨ ᠤ ᠬᠥᠴᠤᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ᠂ ᠤᠯᠤᠰ ᠤᠨ ᠦᠢᠯᠡᠳᠪᠤᠷᠢ ᠬᠤᠳᠠᠯᠳᠤᠭᠠᠨ ᠤ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠶᠡᠷᠤᠩᠭᠡᠢ ᠲᠤᠪᠴᠢᠶ᠎ᠠ᠂ ᠤᠯᠤᠰ ᠤᠨ ᠠᠯᠪᠠᠳᠠᠨ ᠤ ᠲᠤᠪᠴᠢᠶ᠎ᠠ ᠬᠠᠮᠳᠤᠷᠠᠨ ︽ᠠᠯᠪᠠᠳᠠᠨ ᠤ ᠠᠯᠪᠠᠨ ᠲᠤᠰᠢᠶᠠᠯ ᠠᠴᠠ ᠪᠠᠨ ᠪᠠᠭᠤᠬᠰᠠᠨ ᠤ ᠲᠠᠷᠠᠭᠠᠬᠢ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠰᠠᠨᠠᠯ︾ ︵ᠲᠤᠷᠤᠬᠰᠢ ︽ᠰᠠᠨᠠᠯ︾ ᠭᠡᠵᠤ ᠲᠤᠪᠴᠢᠯᠠᠨ᠎ᠠ︶ ᠢ ᠲᠠᠷᠬᠠᠭᠠᠪᠠ᠃      ︽ᠰᠠᠨᠠᠯ︾ ᠳᠤ᠂ ᠡᠯ᠎ᠠ ᠱᠠᠳᠤᠨ ᠤ ᠪᠠᠶᠢᠭᠤᠯᠤᠯᠭ᠎ᠠ ᠳᠠᠬᠢ ᠤᠤᠯ ᠤᠨ ᠤᠳᠤᠷᠢᠳᠬᠤ ᠪᠠᠬ ᠤᠨ ᠪᠦᠷᠢᠯᠳᠤᠬᠦᠨ ᠪᠠᠶᠢᠬᠰᠠᠨ ᠠᠯᠪᠠᠳᠠᠨ ᠵᠢᠴᠢ ᠰᠢᠶᠠᠨ ᠪᠠ ᠭᠠᠵᠠᠷ ᠤᠨ ᠱᠠᠳᠤᠨ ᠠᠴᠠ ᠲᠡᠭᠡᠭᠰᠢᠬᠢ ᠲᠤᠰᠢᠶᠠᠯ ᠡᠬᠦᠷᠭᠡᠯᠡᠵᠤ ᠪᠠᠶᠢᠬᠰᠠᠨ ᠪᠤᠰᠤᠳ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠲᠠᠷᠠᠭ᠎ᠠ 3 ᠵᠢᠯ ᠤᠨ ᠲᠤᠳᠤᠷ᠎ᠠ᠂ ᠤᠤᠯ ᠤᠨ ᠡᠬᠦᠷᠭᠡᠯᠡᠵᠤ ᠪᠠᠶᠢᠬᠰᠠᠨ ᠲᠤᠰᠢᠶᠠᠯ ᠤᠨ ᠬᠠᠷᠢᠶᠠᠨ ᠳᠠᠬᠢ ᠭᠠᠵᠠᠷ ᠤᠷᠤᠨ ᠪᠠ ᠲᠤᠬᠠᠢᠢᠯᠠᠭᠰᠠᠨ ᠠᠵᠢᠯ ᠤᠨ ᠬᠡᠪᠴᠢᠶᠡᠨ ᠲᠤᠳᠤᠷᠡᠬᠢ ᠠᠵᠤ ᠠᠬᠤᠢᠢᠯᠠᠯ᠂ ᠵᠠᠭᠤᠴᠢ ᠪᠠᠶᠢᠭᠤᠯᠤᠮᠵᠢ ᠪᠤᠶᠤ ᠪᠤᠰᠤᠳ ᠠᠰᠢᠬ ᠬᠤᠨᠵᠢᠬᠤ ᠴᠢᠨᠠᠷᠳᠠᠢ ᠵᠤᠬᠢᠶᠠᠨ ᠪᠠᠶᠢᠭᠤᠯᠤᠯᠳᠡ ᠶᠢᠨ ᠤᠷᠢᠯᠲᠠ ᠶᠢ ᠬᠥᠯᠢᠶᠡᠨ ᠠᠪᠴᠤ ᠪᠤᠯᠬᠤ ᠦᠭᠡᠢ᠂ ᠬᠤᠪᠢ ᠬᠥᠮᠤᠨ ᠤᠤᠯ ᠤᠨ ᠡᠬᠦᠷᠭᠡᠯᠡᠵᠤ ᠪᠠᠶᠢᠬᠰᠠᠨ ᠳᠤᠰᠢᠶᠠᠯ ᠳᠤ ᠬᠠᠷᠢᠶᠠᠯᠠᠭᠳᠠᠬᠤ ᠳᠤᠬᠠᠢᠢᠯᠠᠬᠰᠠᠨ ᠠᠵᠢᠯ ᠲᠠᠢ ᠰᠢᠭᠤᠳ ᠬᠤᠯᠪᠤᠭ᠎ᠠ ᠲᠠᠢ ᠠᠰᠢᠭ ᠬᠤᠨᠵᠢᠬᠤ ᠴᠢᠨᠠᠷᠳᠠᠢ ᠠᠵᠢᠯᠯᠠᠭ᠎ᠠ ᠶᠢ ᠬᠢᠵᠤ ᠪᠤᠯᠬᠤ ᠦᠭᠡᠢ︔ ᠪᠤᠰᠤᠳ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠲᠠᠷᠠᠭ᠎ᠠ 2 ᠵᠢᠯ ᠤᠨ ᠲᠤᠳᠤᠷ᠎ᠠ᠂ ᠤᠤᠯ ᠤᠨ ᠠᠵᠢᠯ ᠤᠨ ᠲᠤᠬᠠᠢᠢᠯᠠᠭᠰᠠᠨ ᠠᠵᠢᠯ ᠲᠠᠢ ᠰᠢᠭᠤᠳ ᠬᠤᠯᠪᠤᠭ᠎ᠠ ᠲᠠᠢ ᠠᠵᠤ ᠠᠬᠤᠢᠢᠯᠠᠯ᠂ ᠵᠠᠭᠤᠴᠢ ᠪᠠᠶᠢᠭᠤᠯᠤᠮᠵᠢ ᠪᠤᠶᠤ ᠪᠤᠰᠤᠳ ᠠᠰᠢᠬ ᠬᠤᠨᠵᠢᠬᠤ ᠴᠢᠨᠠᠷᠳᠠᠢ ᠵᠤᠬᠢᠶᠠᠨ ᠪᠠᠶᠢᠭᠤᠯᠤᠯᠳᠡ ᠶᠢᠨ ᠤᠷᠢᠯᠲᠠ ᠶᠢ ᠬᠥᠯᠢᠶᠡᠨ ᠠᠪᠴᠤ ᠪᠤᠯᠬᠤ ᠦᠭᠡᠢ᠂ ᠬᠤᠪᠢ ᠬᠥᠮᠤᠨ ᠤᠤᠯ ᠤᠨ ᠲᠤᠬᠠᠢᠢᠯᠠᠭᠰᠠᠨ ᠠᠵᠢᠯ ᠲᠠᠢ ᠪᠠᠨ ᠰᠢᠭᠤᠳ ᠬᠤᠯᠪᠤᠭ᠎ᠠ ᠲᠠᠢ ᠠᠰᠢᠬ ᠬᠤᠨᠵᠢᠬᠤ ᠴᠢᠨᠠᠷᠳᠠᠢ ᠠᠵᠢᠯᠯᠠᠭ᠎ᠠ ᠶᠢ ᠬᠢᠵᠤ ᠪᠤᠯᠬᠤ ᠦᠭᠡᠢ ᠭᠡᠵᠤ ᠲᠤᠬᠳᠠᠭᠠᠪᠠ᠃       ︽ᠰᠠᠨᠠᠯ︾ ᠳᠤ᠂ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠠᠷ ᠭᠤᠶᠤᠴᠢᠯᠠᠬᠤ ᠳᠠᠭᠠᠨ ᠲᠠᠷᠠᠭᠠᠴᠢ ᠪᠠᠷ ᠬᠢᠬᠦ ᠠᠵᠢᠯ ᠢᠶᠠᠨ ᠦᠨᠡᠨ ᠮᠦᠨ ᠢᠶᠠᠷ ᠨᠢ ᠮᠡᠳᠡᠬᠦᠯᠤᠨ᠂ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠠᠵᠢᠯ ᠬᠢᠬᠦ ᠬᠢᠵᠠᠭᠠᠷᠯᠠᠯ ᠤᠨ ᠬᠤᠭᠤᠴᠠᠭᠠᠨ ᠳᠤ ᠠᠵᠢᠯ ᠤᠨ ᠬᠤᠪᠢᠷᠠᠯᠳᠠ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠬᠦᠯᠬᠦ ᠬᠡᠷᠡᠭᠳᠠᠢ︔ ᠠᠯᠪᠠᠳᠠᠨ ᠤ ᠤᠤᠯ ᠤᠨ ᠪᠠᠶᠢᠭ᠎ᠠ ᠨᠢᠭᠡᠴᠡ ᠠᠯᠪᠠᠨ ᠲᠤᠰᠢᠶᠠᠯ ᠠᠴᠠ ᠪᠠᠨ ᠪᠠᠭᠤᠬᠤ ᠶᠢ ᠨᠢ ᠵᠦᠪᠰᠢᠶᠡᠷᠡᠬᠦ ᠠᠴᠠ ᠡᠮᠤᠨ᠎ᠠ ᠬᠤᠪᠢ ᠬᠥᠮᠤᠨ ᠲᠠᠢ ᠶᠠᠷᠢᠯᠴᠠᠵᠤ᠂ ᠲᠠᠷᠠᠭᠠᠴᠢ ᠪᠠᠷ ᠬᠢᠬᠦ ᠠᠵᠢᠯ ᠤᠨ ᠪᠠᠶᠢᠳᠠᠯ ᠢ ᠦᠢᠯᠠᠭᠠᠨ᠂ ᠠᠵᠢᠯ ᠬᠢᠬᠦ ᠬᠢᠵᠠᠭᠠᠷᠯᠠᠯ ᠤᠨ ᠲᠤᠬᠳᠠᠭᠠᠯ ᠢ ᠴᠢᠩᠭ᠎ᠠ ᠵᠢᠷᠤᠮᠯᠠᠬᠤ ᠲᠤᠬᠠᠢ ᠰᠠᠨᠠᠭᠤᠯᠬᠤ ᠬᠡᠷᠡᠭᠳᠠᠢ︔ ᠠᠯᠪᠠᠳᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠯᠪᠠᠳᠠᠨ ᠤ ᠠᠯᠪᠠᠨ ᠲᠤᠰᠢᠶᠠᠯ ᠠᠴᠠ ᠪᠠᠨ ᠪᠠᠭᠤᠬᠰᠠᠨ ᠤ ᠲᠠᠷᠠᠭᠠᠬᠢ ᠬᠢᠬᠦ ᠠᠵᠢᠯ ᠢ ᠲᠠᠩᠰᠠᠯᠠᠬᠤ ᠪᠠ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠡᠯ᠎ᠠ ᠪᠠᠶᠢᠭᠤᠯᠤᠯᠭ᠎ᠠ ᠶᠢᠨ ᠠᠯᠪᠠᠨ ᠲᠤᠰᠢᠶᠠᠯ ᠠᠴᠠ ᠪᠠᠨ ᠪᠠᠭᠤᠬᠰᠠᠨ ᠤ ᠲᠠᠷᠠᠭᠠᠬᠢ ᠬᠢᠬᠦ ᠠᠵᠢᠯ ᠤᠨ ᠲᠤᠬᠠᠢ ᠲᠤᠬᠳᠠᠭᠠᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠵᠢᠯᠤᠭᠤᠳᠬᠤ ᠪᠠ ᠬᠢᠨᠠᠨ ᠪᠠᠶᠢᠴᠠᠭᠠᠬᠤ ᠬᠡᠷᠡᠭᠳᠠᠢ︔ ᠦᠢᠯᠡᠳᠪᠤᠷᠢ ᠬᠤᠳᠠᠯᠳᠤᠭ᠎ᠠ᠂ ᠵᠠᠬ᠎ᠠ ᠲᠠᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠᠶᠢᠴᠠᠭᠠᠨ ᠲᠤᠳᠤᠯᠠᠭᠰᠠᠨ ᠲᠤᠬᠳᠠᠭᠠᠯ ᠵᠦᠷᠢᠴᠡᠨ ᠠᠵᠢᠯ ᠡᠷᠬᠢᠯᠡᠭᠰᠡᠨ ᠬᠥᠮᠤᠰ ᠪᠤᠯᠤᠨ ᠤᠷᠢᠵᠤ ᠬᠡᠷᠡᠭᠯᠡᠭᠰᠡᠨ ᠠᠵᠤ ᠠᠬᠤᠢᠢᠯᠠᠯ ᠳᠤ ᠵᠤᠬᠢᠴᠠᠩᠭᠤᠢ ᠰᠢᠳᠭᠡᠯ ᠦᠭᠬᠦ ᠬᠡᠷᠡᠭᠳᠠᠢ ᠭᠡᠵᠤ ᠱᠠᠭᠠᠷᠳᠠᠪᠠ᠃         ︽ᠰᠠᠨᠠᠯ︾ ᠳᠤ᠂ ᠲᠦᠷᠤ ᠶᠢᠨ ᠪᠤᠳᠤᠯᠭ᠎ᠠ ᠶᠢ ᠤᠨᠤᠪᠴᠢᠳᠠᠢ ᠡᠵᠡᠮᠳᠡᠨ ᠬᠡᠷᠡᠭᠵᠢᠬᠦᠯᠵᠤ᠂ ᠠᠯᠪᠠᠳᠠᠨ ᠤ ᠬᠠᠤᠯᠢ ᠶᠤᠰᠤᠭᠠᠷ ᠠᠯᠪᠠᠨ ᠲᠤᠰᠢᠶᠠᠯ ᠠᠴᠠ ᠪᠠᠨ ᠪᠠᠭᠤᠬᠤ ᠦᠢᠯᠡ ᠠᠵᠢᠯᠯᠠᠭ᠎ᠠ ᠳᠤ ᠵᠦᠪ ᠢᠶᠠᠷ ᠬᠠᠨᠳᠤᠨ᠂ ᠴᠢᠳᠠᠪᠤᠷᠢᠳᠠᠨ ᠤ ᠵᠦᠢ ᠵᠤᠬᠢᠰᠳᠠᠢ ᠰᠢᠯᠵᠢᠬᠦ ᠶᠢ ᠲᠡᠮᠵᠢᠵᠤ᠂ ᠠᠯᠪᠠᠨ ᠲᠤᠰᠢᠶᠠᠯ ᠠᠴᠠ ᠪᠠᠨ ᠪᠠᠭᠤᠭᠰᠠᠨ ᠠᠯᠪᠠᠳᠠᠨ ᠤ ᠬᠠᠤᠯᠢ ᠶᠤᠰᠤ ᠪᠠᠷ ᠠᠵᠢᠯ ᠤᠯᠬᠤ ᠪᠠ ᠦᠢᠯᠡᠰ ᠴᠤᠭᠴᠠᠯᠠᠬᠤ ᠡᠷᠭᠡ ᠠᠰᠢᠬ ᠢ ᠬᠥᠢᠴᠡᠳ ᠬᠥᠨᠳᠤᠳᠭᠡᠨ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃ ︽ᠰᠠᠨᠠᠯ︾ ᠪᠤᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠺᠠᠳ᠋ᠷ ᠢ ᠴᠢᠩᠭ᠎ᠠ ᠬᠠᠮᠢᠶᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ ᠠᠯᠪᠠᠳᠠᠨ ᠤ ᠬᠢᠨᠠᠯᠳᠠ ᠬᠢᠵᠠᠭᠠᠷᠯᠠᠯ ᠤᠨ ᠲᠤᠬᠳᠠᠴᠠ ᠶᠢ ᠲᠡᠬᠦᠯᠳᠡᠷᠵᠢᠬᠦᠯᠬᠦ ᠴᠢᠬᠤᠯᠠ ᠠᠷᠭ᠎ᠠ ᠬᠡᠮᠵᠢᠶ᠎ᠠ ᠮᠦᠨ᠃ ᠲᠠᠷᠠᠭᠠᠴᠢ ᠶᠢᠨ ᠠᠯᠬᠤᠮ ᠳᠤ᠂ ᠡᠯ᠎ᠠ ᠱᠠᠳᠤᠨ ᠤ ᠠᠯᠪᠠᠳᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠦᠢᠯᠡᠳᠪᠤᠷᠢ ᠬᠤᠳᠠᠯᠳᠤᠭ᠎ᠠ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ︽ᠰᠠᠨᠠᠯ︾ ᠤᠨ ᠱᠠᠭᠠᠷᠳᠠᠯᠭ᠎ᠠ ᠶᠤᠰᠤᠭᠠᠷ᠂ ᠠᠯᠪᠠᠳᠠᠨ ᠤ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠲᠠᠷᠠᠭᠠᠬᠢ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃                                                       ᠭᠡᠭᠡᠨᠳᠤᠶᠠᠭ᠎ᠠ    
 
ᠢᠷᠡᠯᠲᠡ᠄ ᠠᠷᠠᠳ ᠤᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号