ᠤᠩᠨᠢᠭᠤᠳ ᠬᠤᠰᠢᠭᠤᠨ ᠤ ᠭᠡᠷᠰᠡᠩ ᠰᠤᠮᠣ ᠳᠣᠮᠳᠠᠳᠣ ᠣᠯᠣᠰ ᠤᠨ ᠡᠪ ᠬᠠᠮᠲᠣ ᠨᠠᠮ ᠪᠠᠶᠢᠭᠤᠯᠣᠭᠳᠠᠭᠰᠠᠨ 96 ᠵᠢᠯ ᠤᠨ ᠤᠢ ᠵᠢᠴᠢ ᠥᠪᠥᠷ ᠮᠤᠩᠭᠤᠯ ᠤᠨ ᠥᠪᠡᠷᠲᠡᠭᠡᠨ ᠵᠠᠰᠠᠬᠤ  ᠤᠷᠣᠨ ᠪᠠᠶᠢᠭᠤᠯᠣᠭᠳᠠᠭᠰᠠᠨ 70 ᠵᠢᠯ ᠤᠨ ᠤᠢ ᠶᠢᠨ ᠪᠠᠶᠠᠷ ᠢ ᠪᠡᠯᠡᠭᠯᠡᠪᠡ
ᠨᠡᠶᠢᠲᠡᠯᠡᠭᠰᠡᠨ ᠴᠠᠭ᠄
2017/6/30
      6 ᠰᠠᠷ᠎ᠠ ᠶᠢᠨ 28 ᠤ ᠡᠳᠦᠷ᠂ ᠤᠩᠨᠢᠭᠤᠳ ᠬᠤᠰᠢᠭᠤᠨ ᠤ ᠭᠡᠷᠰᠡᠩ ᠰᠤᠮᠣ ᠳᠣᠮᠳᠠᠳᠣ ᠣᠯᠣᠰ ᠤᠨ ᠡᠪ ᠬᠠᠮᠲᠣ ᠨᠠᠮ ᠪᠠᠶᠢᠭᠤᠯᠣᠭᠳᠠᠭᠰᠠᠨ 96 ᠵᠢᠯ ᠤᠨ ᠤᠢ ᠵᠢᠴᠢ ᠥᠪᠥᠷ ᠮᠤᠩᠭᠤᠯ ᠤᠨ ᠥᠪᠡᠷᠲᠡᠭᠡᠨ ᠵᠠᠰᠠᠬᠤ  ᠤᠷᠣᠨ ᠪᠠᠶᠢᠭᠤᠯᠣᠭᠳᠠᠭᠰᠠᠨ 70 ᠵᠢᠯ ᠤᠨ ᠤᠢ ᠶᠢᠨ ᠪᠠᠶᠠᠷ ᠢ ᠳᠤᠬᠢᠨᠯᠳᠣᠭᠤᠯᠣᠨ ᠨᠠᠮ ᠤᠨ ᠬᠠᠶᠢᠷ᠎ᠠ ᠬᠠᠯᠠᠮᠵᠢ ᠪᠠᠷ ᠤᠯᠤᠭᠰᠠᠨ ᠠᠮᠵᠢᠯᠲᠠ ᠪᠦᠲᠦᠮᠵᠢ ᠪᠠ ᠦᠨᠢᠷ ᠪᠠᠶᠠᠯᠢᠭ ᠰᠤᠶᠤᠯ ᠤᠨ ᠥᠪ ᠢ  ᠬᠠᠷᠠᠭᠤᠯᠣᠭᠰᠠᠨ ᠣᠯᠠᠮᠵᠢᠯᠠᠯᠲᠣ  ᠠᠷᠠᠳ ᠤᠨ  ᠣᠷᠠᠯᠢᠭ ᠤᠨ ᠲᠤᠭᠯᠠᠯᠲᠠ ᠭᠠᠷᠭᠠᠵᠤ᠂ ᠰᠤᠮᠤᠨ ᠤ ᠮᠠᠯᠴᠢᠳ᠂ ᠺᠠᠲᠠᠷ ᠠᠵᠢᠯᠲᠠᠳ ᠵᠢᠴᠢ ᠭᠡᠷᠰᠡᠩ ᠭᠤᠣᠯ ᠪᠠᠭ᠎ᠠ ᠰᠣᠷᠭᠠᠭᠤᠯᠢ ᠶᠢᠨ ᠪᠠᠭᠰᠢ ᠨᠠᠷ ᠭᠤᠴᠤ ᠰᠠᠶᠢᠬᠠᠨ ᠲᠤᠭᠯᠠᠯᠲᠠ ᠪᠠᠷ ᠢᠶᠠᠨ ᠬᠦᠷᠦᠯᠴᠡᠨ ᠢᠷᠡᠭᠰᠡᠨ ᠦᠵᠡᠭᠴᠢᠳ ᠢᠶᠠᠨ ᠪᠠᠶᠠᠰᠬᠠᠭᠰᠠᠨ ᠪᠠᠶᠢᠨ᠎ᠠ  ᠃ ᠬᠡᠷᠰᠡᠩ  ᠰᠤᠮᠤᠨ ᠤᠶᠢᠷ᠎ᠠ ᠶᠢᠨ ᠵᠢᠯ ᠠᠴᠠ ᠨᠠᠰᠢ ᠦᠵᠡᠰᠭᠦᠯᠡᠭᠲᠦ ᠰᠠᠶᠢᠬᠠᠨ ᠪᠠ ᠦᠷᠨᠢᠩᠭᠦᠢ ᠬᠦᠭᠵᠢᠯᠲᠡ ᠶᠢᠨ ᠬᠤᠣᠰ ᠠᠮᠵᠢᠯᠲᠠ ᠤᠯᠬᠤ ᠶᠢᠨ ᠲᠦᠯᠦᠭᠡ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠦᠷᠤ ᠶᠢᠨ ᠪᠤᠲᠤᠯᠭ᠎ᠠ ᠶᠢᠨ ᠪᠠᠶᠢᠷᠢᠯᠠᠭᠤᠯᠣᠯᠲᠠ ᠳᠡᠭᠡᠷ᠎ᠡ ᠨᠢᠭᠡᠳᠬᠡᠵᠤ᠂ ᠬᠦᠭᠵᠢᠯᠲᠡ ᠶᠢ  ᠡᠷᠢᠯᠬᠢᠯᠡᠨ ᠥᠭᠡᠷᠡᠴᠢᠯᠡᠯᠲᠡ ᠶᠢ ᠠᠬᠢᠭᠤᠯᠵᠣ᠂ ᠪᠦᠬᠦ ᠰᠣᠮᠣᠨ ᠤ ᠠᠷᠠᠳ ᠲᠦᠮᠡᠨ ᠢ ᠪᠦᠯᠬᠦᠮᠲᠡᠭᠦᠯᠦᠨ᠂ ᠡᠶ᠎ᠡ ᠵᠤᠬᠢᠴᠠᠩᠭᠤᠢ᠂ ᠪᠤᠯᠪᠠᠰᠣᠨ ᠴᠢᠨᠡᠭᠡᠯᠢᠩ ᠨᠡᠶᠢᠭᠡᠮ ᠢ ᠪᠦᠲᠦᠭᠡᠨ ᠪᠠᠶᠢᠭᠤᠯᠵᠣ ᠪᠠᠶᠢᠨ᠎ᠠ᠃                                      ᠡᠷᠳᠡᠨᠢᠳᠦᠭᠦᠷᠡᠩ ᠮᠡᠳᠡᠭᠡᠯᠡᠵᠤ ᠡᠷᠬᠢᠮᠪᠢᠯᠢᠭ ᠨᠠᠶᠢᠷᠠᠭᠤᠯᠪᠠ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号