ᠳ᠋ᠤᠸᠠᠨ ᡁᠢ ᠴᠢᠶᠠᠩ ᠬᠤᠲᠠ ᠶᠢᠨ ᠨᠠᠮ ᠤᠨ ᠬᠤᠷᠢᠶᠠᠨ ᠤ ᠲᠤᠯᠤᠳᠤᠭᠠᠷ ᠬᠤᠭᠤᠴᠠᠭᠠᠨ ᠤ ᠬᠤᠷᠢᠨ ᠨᠠᠢᠮᠠᠳᠤᠭᠠᠷ ᠤᠳᠠᠭᠠᠨ ᠤ ᠪᠠᠶᠢᠡᠭᠭᠤ ᠶᠢᠨ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/6/30
       6 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠬᠤᠲᠠ ᠶᠢᠨ ᠨᠠᠮ ᠤᠨ ᠬᠤᠷᠢᠶᠠᠨ ᠤ ᠲᠤᠯᠤᠳᠤᠭᠠᠷ ᠬᠤᠭᠤᠴᠠᠭᠠᠨ ᠤ ᠬᠤᠷᠢᠨ ᠨᠠᠢᠮᠠᠳᠤᠭᠠᠷ ᠤᠳᠠᠭᠠᠨ ᠤ ᠪᠠᠶᠢᠡᠭᠭᠤ ᠶᠢᠨ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠨᠠᠮ ᠤᠨ ᠬᠤᠷᠢᠶᠠᠨ ᠤ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠨ ︽ᠡᠷᠬᠢᠨ ᠬᠠᠷᠠᠵᠤ︾ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠰᠤᠳᠤᠯᠪᠠ︔ ᠪᠦᠬᠦ ᠤᠷᠤᠨ ᠤ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠵᠢᠴᠢ ᠭᠠᠳᠠᠭᠰᠢ ᠴᠢᠯᠦᠭᠡᠲᠡᠢ ᠶᠠᠪᠤᠯᠴᠠᠬᠤ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭᠠᠨ ᠤ ᠪᠡᠯᠡᠳᠭᠡᠯ ᠺᠤᠮᠢᠰ ᠤᠨ ᠠᠯᠪᠠᠨ ᠭᠡᠷ ᠤᠨ ᠨᠠᠢᠮᠠᠳᠤᠭᠠᠷ ᠤᠳᠠᠭᠠᠨ ᠤ ᠲᠤᠬᠢᠷᠠᠭᠤᠯᠤᠯᠲᠠ ᠶᠢᠨ ᠬᠤᠷᠠᠯ ᠤᠨ ᠵᠤᠷᠢᠭ ᠰᠠᠨᠠᠭ᠋ ᠎ᠠ ᠶᠢ ᠤᠯᠠᠮᠵᠢᠯᠠᠨ ᠰᠤᠷᠤᠯᠴᠠᠵᠤ᠂ ᠤᠭᠲᠤᠨ ᠪᠡᠯᠭᠡᠯᠡᠬᠦ ᠪᠡᠯᠡᠳᠭᠡᠯ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠲᠡ ᠵᠢ‌‍ᠰᠤᠨᠤᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠲᠡᠭᠡᠷ᠎ᠡ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠲᠠ ᠬᠤᠲᠠ ᠶᠢᠨ ᠬᠤᠷᠢᠶᠠᠨ ᠤ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠨ ︿ᠡᠷᠬᠢᠨ ᠬᠠᠷᠠᠵᠤ﹀ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠡᠷᠡᠭᠵᠢᠬᠦᠯᠬᠦ ᠲᠦᠰᠦᠯ︾ ᠪᠤᠯᠤᠨ ᠬᠦᠮᠦᠨ ᠰᠤᠩᠭᠤᠨ ᠬᠡᠷᠡᠭᠯᠡᠬᠦ ᠠᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠲᠤᠭᠤᠷᠢᠨ ᠪᠠᠶᠢᠴᠠᠭᠠᠬᠤ ᠠᠵᠢᠯ ᠤᠨ ᠭᠤᠷᠪᠠᠨ ᠲᠤᠰᠬᠠᠢ ᠵᠦᠢᠯ ᠤᠨ ᠴᠡᠭᠴᠡᠯᠡᠨ ᠰᠠᠶᠢᠵᠢᠷᠠᠭᠤᠯᠬᠤ ᠲᠦᠰᠦᠯ ᠵᠢᠴᠢ ᠵᠢᠷᠭᠤᠭᠠᠨ ᠲᠤᠰᠬᠠᠢ ᠵᠦᠢᠯ ᠤᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠬᠢᠨᠠᠨ ᠵᠦᠪᠯᠡᠨ ᠪᠠᠳᠤᠯᠠᠵᠤ᠂ ᠲᠦᠷᠦᠬᠦᠯᠡᠨ ᠬᠠᠷᠢᠭᠤᠴᠠᠬᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠦᠴᠢᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠤᠯᠤᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠤᠳᠤᠷᠬᠠᠶᠢᠯᠠᠪᠠ᠃ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠲᠠ ᠬᠤᠲᠠ ᠶᠢᠨ ᠬᠤᠷᠢᠶᠠᠨ ᠤ ᠲᠦᠪ ᠤᠨ ᠲᠤᠭᠤᠷᠢᠨ ᠪᠠᠶᠢᠴᠠᠭᠠᠨ ︿ᠡᠷᠬᠢᠨ ᠬᠠᠷᠠᠵᠤ﹀︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠨᠡᠷᠡᠰ︾ ᠢ ᠬᠢᠨᠠᠨ ᠵᠦᠪᠯᠡᠨ ᠪᠠᠳᠤᠯᠠᠵᠤ᠂ ᠤᠳᠤᠷᠢᠳᠬᠤ ᠲᠤᠭᠤᠶᠢᠯᠠᠩ ᠤᠨ ᠠᠯᠪᠠᠨ ᠭᠡᠷ ᠪᠠᠶᠢᠭᠤᠯᠪᠠ᠃           ᠬᠤᠷᠠᠯ ᠠᠴᠠ᠂ ᠬᠤᠲᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ᠂ ᠬᠤᠲᠠ ᠶᠢᠨ ᠬᠡᠳᠦᠨ ᠪᠠᠭ ᠤᠨ ᠨᠠᠮ ᠤᠨ ᠤᠳᠤᠷᠢᠳᠬᠤ ᠲᠤᠭᠤᠶᠢᠯᠠᠩ᠂ ᠡᠯ᠎ᠡ ᠭᠠᠵᠠᠷ᠂ ᠡᠯ᠎ᠠ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠤᠯᠤᠰ ᠲᠦᠷᠦ ᠶᠢᠨ ᠵᠤᠭᠰᠤᠴᠠ ᠪᠠᠨ ᠤᠯᠠᠮ ᠲᠡᠭᠡᠭᠰᠢᠯᠡᠬᠦᠯᠵᠦ᠂ ᠲᠡᠭᠡᠳᠦ ᠬᠡᠮᠵᠢᠶ᠎ᠡ ᠪᠠᠷ ᠬᠠᠷᠢᠭᠤᠴᠠᠬᠤ ᠤᠯᠤᠰ ᠲᠦᠷᠦ ᠶᠢᠨ ᠤᠬᠠᠮᠰᠠᠷ ᠢᠶᠠᠷ ᠲᠦᠪ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠶᠢ ᠰᠠᠶᠢᠲᠤᠷ ᠴᠢᠩᠭ᠎ᠠ ᠠᠳᠬᠤᠬᠤ ᠬᠡᠷᠡᠭᠲᠡᠢ᠃ ᠡᠯ᠎ᠡ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠪᠤᠯᠤᠨ ᠱᠦᠵᠢ ᠲᠦᠰᠦᠯ ᠳᠤ ᠲᠤᠭᠳᠠᠭᠠᠭᠰᠠᠨ ᠭᠤᠤᠯᠳᠠᠯᠭ᠎ᠠ ᠲᠠᠢ ᠡᠬᠦᠷᠭᠡ ᠪᠤᠯᠤᠨ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠦᠨᠳᠦᠰᠦᠯᠡᠨ᠂ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠨᠢᠭᠡᠳᠦᠭᠡᠷ ᠬᠠᠷᠢᠭᠤᠴᠠᠯᠭ᠎ᠠ ᠶᠢ ᠦᠨᠡᠨ ᠬᠦ ᠡᠬᠦᠷᠭᠡᠯᠡᠵᠦ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠬᠠᠷᠢᠭᠤᠴᠠᠯᠭ᠎ᠠ ᠡᠬᠦᠷᠭᠡᠯᠡᠨ᠂ ᠠᠵᠢᠯ ᠢᠶᠠᠨ ᠯᠠᠪᠳᠠᠭᠤᠨ ᠪᠠᠳᠤᠲᠠᠢ ᠬᠢᠬᠦ ᠶᠢ ᠱᠠᠭᠠᠷᠳᠠᠬᠤ ᠬᠡᠷᠡᠭᠲᠡᠢ ᠭᠡᠵᠦ ᠴᠢᠬᠤᠯᠠᠴᠢᠯᠠᠪᠠ᠃      ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠭᠤᠷᠢᠨ ᠪᠠᠶᠢᠴᠠᠭᠠᠬᠤ ᠦᠶᠡᠰ ᠲᠠᠬᠢ ᠴᠢᠬᠤᠯᠠ ᠶᠠᠷᠢᠶᠠᠨ ᠳᠠᠭᠠᠨ ᠲᠤᠷᠠᠳᠤᠭᠰᠠᠨ ︽ᠦᠨᠳᠦᠷ ᠲᠤ ᠠᠪᠠᠷᠢᠨ ᠠᠯᠤᠰ ᠢ ᠪᠠᠷᠠᠯᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠤᠯᠤᠨ ᠪᠦᠬᠦ ᠤᠷᠤᠨ ᠤ ︽ᠨᠢᠭᠡ ᠪᠦᠰᠡ ᠨᠢᠭᠡ ᠵᠠᠮ︾ ᠵᠢᠴᠢ ᠭᠠᠳᠠᠭᠰᠢ ᠴᠢᠯᠦᠭᠡᠲᠡᠢ ᠶᠠᠪᠤᠯᠴᠠᠬᠤ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠬᠤᠲᠠ ᠶᠢᠨ ᠲᠤᠯᠤᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠲᠤᠷᠠᠳᠤᠭᠰᠠᠨ ︽ᠪᠡᠭᠡᠵᠢᠩ ᠲᠢᠶᠠᠨᠵᠢᠨ ᠲᠠᠢ ᠠᠭᠤᠰᠤᠯᠴᠠᠨ᠂ ᠵᠡᠬᠦᠨ ᠬᠤᠶᠢᠰᠢ ᠦᠷᠭᠡᠳᠭᠡᠬᠦ᠂ ᠤᠮᠠᠷᠠᠰᠢ ᠴᠢᠯᠦᠭᠡᠲᠡᠢ ᠶᠠᠪᠤᠯᠴᠠᠬᠤ᠂ ᠲᠠᠯᠠᠢ ᠲᠠᠭᠠᠤ ᠤᠷᠤᠨ ᠵᠦᠭ ᠬᠠᠨᠳᠤᠬᠤ︾ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠢ ᠠᠷᠠᠯᠵᠢᠶ᠎ᠠ᠂ ᠵᠢᠭᠤᠯᠴᠢᠯᠠᠯ᠂ ᠠᠵᠤ ᠦᠢᠯᠡᠰ ᠤᠨ ᠬᠠᠮᠳᠤᠷᠠᠯᠴᠠᠭ᠎ᠠ ᠵᠡᠷᠭᠡ ᠲᠠᠯ᠎ᠠ ᠪᠠᠷ ᠢᠯᠡᠬᠦᠦ ᠬᠦᠴᠦᠯᠡᠵᠦ᠂ ᠤᠷᠤᠨ ᠪᠠᠶᠢᠷᠢ ᠵᠠᠮ ᠬᠠᠷᠢᠯᠴᠠᠭᠠᠨ ᠤ ᠲᠠᠪᠠᠭᠤᠯᠢᠭ ᠢᠶᠠᠨ ᠠᠵᠤ ᠠᠬᠤᠢ ᠶᠢᠨ ᠠᠮᠢᠵᠢᠷᠠᠯ ᠤᠨ ᠬᠦᠴᠦ᠂ ᠬᠦᠭᠵᠢᠯᠲᠡ ᠶᠢᠨ ᠬᠦᠳᠡᠯᠭᠡᠬᠦ ᠬᠦᠴᠦᠨ ᠪᠤᠯᠭᠠᠬᠤ ᠬᠡᠷᠡᠭᠲᠡᠢ᠃ ᠡᠬᠦᠨ ᠤ ᠬᠠᠮᠲᠤ ᠤᠯᠠᠭᠠᠨᠬᠠᠲᠠ ᠶᠢᠨ ᠪᠠᠷᠠᠭᠤᠨ ᠤᠷᠤᠨ ᠢ ᠨᠡᠬᠡᠭᠡᠨ ᠬᠦᠭᠵᠢᠬᠦᠯᠬᠦ᠂ ᠵᠡᠬᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠦᠭᠵᠢᠬᠦᠯᠬᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠳᠤᠷᠠᠭᠰᠠᠨ ᠬᠦᠭᠵᠢᠯᠲᠡ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠮᠵᠢᠬᠦ ᠬᠠᠮᠳᠤᠷᠠᠯᠴᠠᠭ᠎ᠠ ᠵᠡᠷᠭᠡ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠬᠦ ᠲᠠᠪᠠᠭᠤᠯᠢᠭ ᠢᠶᠠᠨ ᠠᠰᠢᠭᠯᠠᠨ᠂ ᠡᠯ᠎ᠡ ᠵᠦᠢᠯ ᠤᠨ ᠡᠬᠢ ᠪᠠᠶᠠᠯᠢᠭ᠂ ᠢᠯᠠᠩᠭᠤᠶ᠎ᠠ ᠤᠯᠠᠨ ᠵᠢᠯ ᠤᠨ ᠲᠤᠷᠰᠢ ᠳᠤ ᠪᠦᠷᠢᠯᠳᠦᠭᠰᠡᠨ ᠴᠢᠳᠠᠪᠤᠷᠢᠳᠠᠨ ᠤ ᠡᠬᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ ᠠᠰᠢᠭᠯᠠᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠤᠶᠤᠨ ᠤᠬᠠᠭᠠᠨ ᠲᠠᠳᠠᠬᠤ ᠠᠵᠤ ᠦᠢᠯᠡᠰ ᠲᠠᠳᠠᠬᠤ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠡᠬᠦᠨ ᠤ ᠤᠯᠠᠮ ᠢᠶᠠᠷ ᠬᠦᠭᠵᠢᠯᠲᠡ ᠶᠢ ᠪᠡᠶᠡᠯᠡᠬᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃        ᠬᠤᠷᠠᠯ ᠠᠴᠠ᠂ ᠪᠦᠬᠦ ᠬᠤᠲᠠ ᠶᠢᠨ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ ᠤᠬᠠᠮᠰᠠᠷ ᠢᠶᠠᠨ ᠤᠯᠠᠮ ᠲᠡᠭᠡᠭᠰᠢᠯᠡᠬᠦᠯᠵᠦ᠂ ᠡᠯ᠎ᠡ ᠵᠦᠢᠯ ᠤᠨ ᠲᠦᠰᠦᠯ ᠢᠶᠠᠨ ᠤᠯᠠᠮ ᠨᠠᠷᠢᠯᠢᠭᠵᠢᠭᠤᠯᠤᠨ ᠲᠡᠬᠦᠯᠲᠡᠷᠵᠢᠬᠦᠯᠵᠦ᠂ ᠡᠯ᠎ᠡ ᠵᠦᠢᠯ ᠤᠨ ᠠᠵᠢᠯ ᠤᠨ ᠲᠦᠪᠰᠢᠨ ᠢᠶᠠᠨ ᠲᠡᠭᠡᠭᠰᠢᠯᠡᠬᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠮᠠᠨ ᠤ ᠬᠤᠲᠠ ᠳᠠᠬᠢ ᠭᠡᠷᠡᠯ ᠰᠠᠴᠤᠷᠠᠩᠭᠤᠢ ᠦᠢᠯᠡᠳᠦᠯᠭᠡ ᠶᠢ ᠪᠦᠬᠦ ᠲᠠᠯ᠎ᠠ ᠪᠠᠷ ᠬᠠᠷᠢᠭᠤ ᠮᠡᠳᠡᠬᠦᠯᠬᠦ ᠬᠡᠷᠡᠭᠲᠡᠢ᠃ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠦᠨᠳᠦᠰᠦᠳᠡᠡ ᠤ ᠤᠷᠤᠨ ᠤ ᠦᠪᠡᠷᠲᠡᠭᠡᠨ ᠵᠠᠰᠠᠬᠤ ᠲᠦᠷᠢᠮ ᠢ ᠬᠦᠨᠵᠡᠭᠡᠢ ᠤᠬᠠᠭᠤᠯᠵᠤ᠂ ᠦᠪᠦᠷ ᠮᠤᠩᠭᠤᠯ᠂ ᠤᠯᠠᠭᠠᠨᠬᠠᠲᠠ ᠬᠤᠲᠠ ᠶᠢᠨ 70 ᠵᠢᠯ ᠤᠨ ᠭᠡᠷᠡᠯ ᠰᠠᠴᠤᠷᠠᠩᠭᠤᠢ ᠲᠡᠦᠬᠡ ᠶᠢᠨ ᠠᠶᠠᠨ ᠪᠤᠯᠤᠨ ᠠᠤᠭ᠎ᠠ ᠶᠡᠭᠡ ᠠᠮᠵᠢᠯᠲᠠ ᠪᠦᠳᠦᠭᠡᠯ ᠢ ᠰᠠᠶᠢᠲᠤᠷ ᠤᠬᠠᠭᠤᠯᠵᠤ᠂ ᠤᠯᠠᠨ ᠲᠦᠮᠡᠨ ᠤ ᠵᠤᠯ ᠵᠢᠷᠭᠠᠯ᠂ ᠤᠮᠤᠭ ᠪᠠᠭ᠋ᠠᠳᠤᠯ ᠢᠳᠡᠭᠡᠯ ᠵᠤᠷᠢᠭ ᠢ ᠨᠢ ᠨᠡᠮᠡᠭᠲᠡᠬᠦᠯᠵᠦ᠂ ᠺᠠᠳ᠋ᠷ ᠤᠯᠠᠨ ᠲᠦᠮᠡᠨ ᠤ ᠠᠵᠢᠯ ᠶᠠᠪᠤᠳᠠᠯ ᠬᠢᠵᠦ ᠦᠢᠯᠡᠰ ᠪᠤᠰᠬᠠᠬᠤ᠂ ᠤᠯᠠᠭᠠᠨᠬᠠᠲᠠ ᠬᠤᠲᠠ ᠶᠢᠨ ᠲᠠᠪᠠᠯᠲᠠ ᠬᠦᠭᠵᠢᠯᠲᠡ ᠶᠢ ᠠᠬᠢᠭᠤᠯᠬᠤ ᠵᠦᠪ ᠡᠨᠧᠷᠬᠢ ᠶᠢ ᠬᠦᠭᠵᠢᠭᠡᠬᠦ ᠬᠡᠷᠡᠭᠲᠡᠢ᠃ ᠬᠤᠯᠪᠤᠭᠳᠠᠯ ᠪᠦᠬᠦᠢ ᠲᠦᠷᠢᠮ ᠲᠤᠭᠳᠠᠭᠠᠯ ᠶᠤᠰᠤᠭᠠᠷ ᠠᠷᠪᠢᠯᠠᠨ ᠭᠠᠮᠨᠠᠵᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠷᠠᠰᠬᠠᠨ ᠪᠡᠯᠭᠡᠯᠡᠬᠦ ᠠᠵᠢᠯ ᠤᠨ ᠤᠷᠤᠭᠰᠢᠲᠠᠢ ᠶᠠᠪᠤᠭᠳᠠᠵᠤ᠂ ᠰᠠᠶᠢᠨ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠲᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠳ ᠬᠤᠷᠠᠯ ᠳᠤ ᠤᠷᠤᠯᠴᠠᠵᠤ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ᠂ ᠬᠤᠲᠠ ᠶᠢᠨ ᠵᠠᠰᠠᠭ ᠤᠨ ᠤᠷᠲᠤᠨ ᠤ ᠬᠤᠯᠪᠤᠭᠳᠠᠯ ᠪᠦᠬᠦᠢ ᠬᠤᠲᠠ ᠶᠢᠨ ᠲᠡᠳ᠋ ᠲᠠᠷᠤᠭ᠎ᠠ ᠨᠠᠷ ᠬᠤᠷᠠᠯ ᠳᠤ ᠰᠤᠯᠠ ᠤᠷᠤᠯᠴᠠᠪᠠ᠃                                                                                                              ᠨᠠᠶᠢᠷᠠᠭᠤᠯᠤᠭᠴᠢ᠄ ᠭᠡᠭᠡᠨᠳᠤᠶᠠᠭ᠎ᠠ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号