ᠣᠩᠨᠢᠭᠤᠳ ᠬᠤᠰᠢᠭᠤᠨ ᠤ ᠠᠵᠤ ᠦᠢᠯᠡᠰ ᠢᠶᠠᠷ ᠤᠨᠢᠨ ᠳᠡᠭᠡᠷ᠎ᠡ ᠨᠢ ᠶᠠᠳᠠᠭᠤ ᠶᠢ ᠳᠡᠳᠭᠦᠭᠦ ᠠᠵᠢᠯ ᠢᠯᠡᠳᠳᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2017/6/9
      ᠣᠶᠢᠷ᠎ᠠ ᠶᠢᠨ ᠵᠢᠯ ᠳᠤ ᠣᠩᠨᠢᠭᠤᠳ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠠᠵᠣ ᠦᠢᠯᠡᠰ ᠢ ᠬᠦᠭᠵᠢᠭᠦᠯᠬᠦ ᠶᠢ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠦ ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ 《3661》ᠢᠨᠵᠧᠨᠧᠷᠢᠩ ᠲᠠᠢ ᠣᠶᠠᠯᠳᠤᠭᠤᠯᠣᠨ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ  ᠂ ᠣᠨᠢᠨ ᠳᠡᠭᠡᠷ᠎ᠡ ᠨᠢ ᠬᠠᠪᠰᠦᠷᠤᠨ ᠳᠡᠳᠭᠦᠬᠦ᠂ ᠣᠨᠢᠨ ᠳᠡᠭᠡᠷ᠎ᠡ ᠨᠢ ᠳᠠᠶᠢᠴᠢᠯᠠᠬᠤ᠂ ᠣᠨᠢᠨ ᠳᠡᠭᠡᠷ᠎ᠡ ᠨᠢ ᠳᠦᠯᠬᠢᠨ ᠠᠬᠢᠭᠤᠯᠬᠤ ᠠᠷᠭ᠎ᠠ ᠠᠪᠴᠢᠯ ᠭᠠᠷᠭᠠᠵᠣ᠂ ᠠᠵᠣ ᠦᠢᠯᠡᠰ ᠢ ᠬᠦᠭᠵᠢᠭᠦᠯᠦᠨ ᠠᠵᠣ ᠠᠬᠤᠶᠢᠯᠠᠯ ᠢᠶᠠᠨ ᠪᠣᠵᠠᠭᠠᠶᠢᠷᠠᠭᠤᠯᠬᠤ ᠪᠠ ᠶᠠᠳᠠᠭᠤ ᠬᠦᠴᠢᠷᠲᠠᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠪᠠᠨ ᠪᠶᠠᠯᠡᠭᠦᠯᠦᠭᠰᠡᠨ ᠪᠠᠶᠢᠨ᠎ᠠ᠃ 2013 ᠣᠠ ᠳᠤ ᠪᠦᠬᠦ ᠬᠤᠰᠢᠭᠤᠨ  ᠳᠤ ᠨᠡᠶᠢᠲᠡ61127 ᠶᠠᠳᠠᠭᠤ ᠬᠦᠴᠢᠷᠲᠠᠢ ᠬᠦᠮᠦᠨ ᠠᠮᠠ ᠪᠠᠶᠢᠭᠰᠠᠨ ᠠᠴᠠ 2017 ᠣᠨ ᠪᠣᠯᠬᠤ  ᠳᠤ 25443 ᠬᠦᠮᠥᠨ ᠪᠣᠯᠵᠤ᠂ ᠵᠢᠯ ᠪᠦᠷᠢ ᠳᠣᠮᠳᠠᠴᠢ ᠪᠠᠷ 1.19 ᠲᠦᠮᠡᠨ ᠶᠠᠳᠠᠭᠤ ᠬᠦᠴᠢᠷᠲᠠᠢ ᠬᠦᠮᠦᠨ ᠠᠮᠠ ᠶᠠᠳᠠᠭᠤ ᠠᠴᠠ ᠠᠩᠬᠢᠵᠢᠷᠠᠵᠣ ᠪᠣᠢ᠃  2013 ᠣᠨ ᠳᠤ ᠶᠠᠳᠠᠭᠤᠷᠠᠭᠰᠠᠨ ᠨᠤᠷᠮ᠎ᠠ14.7 % ᠪᠠᠶᠢᠵᠣ᠂ 2016 ᠣᠨ ᠤ ᠵᠢᠯ ᠤᠨ ᠡᠴᠦᠰ ᠪᠣᠯᠬᠤ ᠳᠤ 6.1%  ᠪᠣᠯᠪᠠ᠃ ᠡᠨᠡ ᠵᠢᠯ 1.1 ᠲᠦᠮᠡᠨ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠣ᠂ 64 ᠭᠤᠣᠯᠳᠠᠭ᠎ᠠ ᠲᠠᠢ ᠶᠠᠳᠠᠭᠤ ᠭᠦᠴᠢᠷᠲᠠᠢ ᠭᠠᠴᠠᠭ᠎ᠠ ᠲᠣᠰᠬᠤᠨ ᠢ ᠶᠠᠳᠠᠭᠤ ᠠᠴᠠ ᠠᠩᠬᠢᠵᠢᠷᠠᠭᠤᠯᠬᠤ ᠬᠠᠷᠠᠯᠲᠠ ᠪᠠᠨ ᠪᠡᠶᠡᠯᠡᠭᠦᠯᠬᠦ ᠪᠠᠷ ᠲᠦᠯᠦᠪᠯᠡᠵᠦ ᠪᠣᠢ᠃       ᠲᠥᠷᠥ ᠶᠢᠨ ᠪᠣᠳᠣᠯᠭ᠎ᠠ ᠳᠣᠭᠲᠠᠭᠠᠵᠣ᠂ ᠣᠨᠢᠨ ᠳᠡᠭᠡᠷ᠎ᠡ ᠨᠢ ᠶᠠᠳᠠᠭᠤ ᠶᠢ ᠳᠡᠳᠭᠦᠪᠡ᠃ ᠳᠣᠬᠠᠢ ᠶᠢᠨ ᠭᠠᠵᠠᠷ ᠣᠷᠣᠨ ᠤ ᠪᠣᠳᠠᠳᠦ ᠪᠠᠶᠢᠳᠠᠯ ᠲᠠᠢ ᠪᠠᠨ‌ᠣᠶᠠᠯᠳᠤᠭᠤᠯᠣᠨ᠂ ᠭᠠᠭ᠋ᠠᠢ᠂ ᠦᠬᠡᠷ᠂ ᠬᠤᠨᠢ᠂ ᠢᠳᠡᠰᠢᠨ ᠨᠣᠭᠤᠭ᠎ᠠ ᠂ ᠲᠦᠮᠦᠰᠦ᠂ ᠰᠢᠬᠢᠷ ᠵᠡᠷᠭᠡ ᠵᠢᠷᠭᠤᠭᠠᠨ ᠵᠦᠢᠯ ᠤᠨ ᠠᠵᠣ ᠦᠢᠯᠡᠰ ᠢ ᠬᠦᠴᠦᠯᠡᠨ ᠬᠦᠭᠵᠢᠭᠦᠯᠵᠦ ᠠᠷᠠᠳ ᠤᠨ ᠣᠷᠣᠯᠭ᠎ᠠ ᠶᠢ  ᠨᠡᠮᠡᠭᠳᠡᠭᠦᠯᠵᠡᠢ᠃ ᠤᠷᠢᠳ ᠬᠤᠵᠢᠳ 3 ᠠᠵᠣ ᠦᠢᠯᠡᠰ ᠢᠶᠠᠷ ᠶᠠᠳᠠᠭᠤ ᠶᠢ ᠳᠡᠳᠭᠦᠬᠦ ᠶᠢ ᠠᠬᠢᠭᠤᠯᠬᠤ ᠲᠣᠬᠠᠢ ᠰᠠᠨᠠᠯ ᠢ ᠨᠠᠶᠢᠷᠠᠭᠤᠯᠠᠨ ᠭᠠᠷᠭᠠᠵᠣ᠂  ᠪᠣᠲᠠᠲᠠᠢ ᠬᠠᠪᠰᠦᠷᠤᠨ ᠳᠡᠳᠭᠦᠬᠦ ᠠᠷᠭ᠎ᠠ ᠠᠪᠴᠢᠯ ᠪᠠ ᠨᠦᠬᠦᠪᠦᠷᠢ ᠣᠯᠭᠤᠬᠤ ᠪᠠᠷᠢᠮᠵᠢᠶ᠎ᠠ ᠶᠢ ᠨᠢᠭᠡᠳ ᠨᠢᠭᠡ ᠪᠠᠷ ᠨᠠᠶᠢᠳᠠᠪᠣᠷᠢᠵᠢᠭᠤᠯᠣᠭᠰᠠᠨ ᠪᠠᠶᠢᠨ᠎ᠠ᠃ 2016 ᠣᠨ ᠳᠤ᠂ ᠬᠤᠰᠢᠭᠤᠨ ᠠᠴᠠ 5000 ᠲᠦᠮᠡᠨ ᠲᠦᠭᠦᠷᠢᠭ ᠤᠨ ᠠᠵᠣ ᠦᠢᠯᠡᠰ ᠢᠶᠠᠷ ᠶᠠᠳᠠᠭᠤ ᠶᠢ ᠳᠡᠳᠭᠦᠬᠦ ᠪᠡᠯᠡ ᠤᠷᠣᠭᠤᠯᠵᠤ᠂ ᠲᠠᠷᠢᠶᠠᠯᠠᠩ ᠮᠠᠯ ᠠᠵᠤ ᠠᠬᠤᠢ ᠲᠠᠢ ᠬᠤᠯᠪᠣᠭᠳᠠᠰᠠᠨ 6000 ᠲᠦᠮᠡᠨ‌‍ᠲ᠋ᠦ᠋ᠭᠦᠷᠢᠩ ᠤᠨ ᠪᠡᠯᠡ ᠮᠥᠩᠭᠦ ᠶᠢ ᠨᠢᠭᠡᠳᠭᠡᠭᠰᠡᠨ ᠪᠠᠶᠢᠨ᠎ᠠ᠃ ᠨᠡᠨ ᠵᠢᠯ 1.5 ᠳ᠋ᠦᠩᠰᠢᠭᠤᠷ ᠲᠦᠭᠦᠷᠢᠩ ᠠᠴᠠ ᠳᠡᠭᠡᠭᠰᠢ ᠪᠡᠯᠡ ᠣᠷᠣᠭᠤᠯᠠᠨ᠂ ᠨᠡᠩ ᠤᠯᠠᠨ ᠶᠠᠳᠠᠭᠤ ᠬᠦᠴᠢᠷᠲᠠᠢ ᠬᠦᠮᠦᠨ ᠠᠮᠠ ᠶᠢ ᠭᠤᠣᠯᠯᠠᠬᠤ ᠠᠵᠤ ᠦᠢᠯᠡᠰ ᠲᠤ ᠣᠷᠣᠭᠤᠯᠬᠤ ᠪᠠᠷ ᠲᠦᠯᠦᠪᠯᠡᠵᠣ ᠪᠠᠶᠢᠨ᠎ᠠ᠃ ᠤᠨᠴᠠᠭᠠᠶᠢᠯᠠᠨ 10 ᠲᠦᠮᠡᠨ ᠲᠦᠭᠦᠷᠢᠭ ᠠᠴᠠ ᠳᠡᠭᠡᠭᠰᠢ ᠡᠳ᠋ ᠤᠨ ᠵᠠᠰᠠᠭ ᠤᠨ ᠨᠦᠬᠦᠪᠦᠷᠢ ᠮᠦᠩᠬᠦ ᠶᠢᠨ ᠳᠡᠮᠵᠢᠯᠭᠡ ᠬᠦᠷᠲᠡᠭᠰᠡᠨ ᠡᠳ᠋ᠯᠡᠭᠰᠡᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠲᠡ ᠶᠢᠨ  ᠡᠷᠦᠬᠡ ᠪᠦᠷᠢ ᠵᠠᠪᠠᠯ 1ᠳᠠᠩᠰᠠ ᠪᠠᠶᠢᠭᠤᠯᠣᠨ ᠺᠠᠷᠲ ᠵᠣᠬᠢᠶᠠᠭᠰᠠᠨ ᠶᠠᠳᠠᠭᠤ ᠬᠦᠴᠢᠷᠲᠠᠢ ᠬᠦᠮᠦᠨ ᠠᠮᠠ ᠶᠢ ᠳᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠣ᠂ 5 ᠵᠢᠯ ᠳᠠᠷᠠᠭᠠᠯᠠᠨ ᠵᠢᠯ ᠤᠨ ᠣᠷᠣᠯᠭ᠎ᠠ ᠶᠢ 1ᠲᠦᠮᠡᠨ ᠲᠦᠭᠦᠷᠢᠭ ᠠᠴᠠ ᠳᠡᠭᠡᠭᠰᠢ ᠳᠤ ᠬᠦᠷᠭᠡᠬᠦ ᠶᠢ ᠪᠠᠲᠣᠯᠠᠬᠤ ᠬᠡᠷᠡᠭᠲᠡᠢ ᠭᠡᠵᠣ ᠳᠣᠭᠲᠠᠭᠠᠭᠰᠠᠨ ᠪᠠᠶᠢᠨ᠎ᠠ᠃ ᠡᠭᠦᠨ ᠤ ᠰᠠᠭᠤᠷᠢᠨ ᠳᠡᠭᠡᠷ᠎ᠡ᠂ 1.5 ᠳ᠋ᠦᠩᠰᠢᠭᠤᠷ ᠲᠦᠭᠦᠷᠢᠭ ᠤᠨ《 ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ》ᠶᠠᠳᠠᠭᠤ ᠶᠢ ᠳᠡᠳᠭᠦᠬᠦ ᠪᠡᠯᠡ ᠮᠥᠩᠬᠦ ᠶᠢ ᠵᠦᠪ ᠤᠨᠤᠪᠴᠢᠲᠠᠢ ᠨᠠᠶᠢᠳᠠᠪᠣᠷᠢᠵᠢᠭᠤᠯᠵᠣ᠂ ᠨᠡᠶᠢᠲᠡ 3.6 ᠳ᠋ᠦᠩᠰᠢᠭᠤᠷ ᠲᠦᠭᠦᠷᠢᠭ ᠤᠨ ᠮᠥᠩᠬᠦᠨ ᠭᠦᠢᠯᠭᠡᠭᠡᠨ ᠤ ᠶᠠᠳᠠᠭᠤ ᠵᠢ‌‍ᠲ᠋ᠡᠳᠭᠦᠬᠦ ᠵᠢᠭᠡᠯᠡᠯᠭᠡ ᠲᠠᠷᠬᠠᠭᠠᠵᠣ᠂ ᠪᠦᠬᠦᠨ ᠢ ᠠᠵᠤ ᠦᠢᠯᠡᠰ ᠤᠨ ᠤᠷᠣᠯᠭ᠎ᠠ ᠶᠢ ᠨᠡᠮᠡᠭᠳᠡᠭᠦᠯᠬᠦ ᠳᠤ ᠵᠠᠷᠦᠴᠠᠭᠤᠯᠪᠠ᠃       ᠲᠣᠯᠣᠭᠠᠶᠢᠯᠠᠭᠴᠢ ᠠᠵᠣ ᠠᠬᠤᠶᠢᠯᠠᠯ ᠢ ᠬᠦᠮᠦᠵᠢᠭᠦᠯᠵᠣ᠂ ᠣᠨᠢᠨ ᠳᠡᠭᠡᠷ᠎ᠡ ᠨᠢ ᠳᠠᠶᠢᠴᠢᠯᠠᠪᠠ᠃  ᠲᠣᠯᠣᠭᠠᠶᠢᠯᠠᠭᠴᠢ ᠠᠵᠣ ᠠᠬᠤᠶᠢᠯᠠᠯ ᠢ ᠬᠦᠮᠦᠵᠢᠭᠦᠯᠬᠦ ᠶᠢ ᠠᠵᠦ ᠦᠢᠯᠡᠰ ᠢᠶᠠᠷ ᠶᠠᠳᠠᠭᠤ ᠶᠢ ᠳᠡᠳᠭᠦᠬᠦ ᠴᠢᠬᠤᠯᠠ ᠠᠷᠭ᠎ᠠ ᠠᠪᠴᠢᠯ  ᠪᠤᠯᠭᠠᠵᠤ᠂ᠲᠣᠯᠣᠭᠠᠶᠢᠯᠠᠭᠴᠢ ᠠᠵᠣ ᠠᠬᠤᠶᠢᠯᠠᠯ ᠢ ᠢᠳᠡᠪᠬᠢᠲᠠᠢ ᠵᠢᠯᠣᠭᠤᠳᠣᠨ《 ᠠᠵᠦ ᠠᠬᠤᠶᠢᠯᠠᠯ + ᠰᠠᠭᠤᠷᠢᠨ ᠭᠠᠵᠠᠷ  + ᠲᠠᠷᠢᠴᠢᠶᠠᠨ ᠡᠷᠦᠬᠡ ︵ᠶᠠᠳᠠᠭᠤ ᠬᠦᠴᠢᠷᠲᠠᠢ ᠡᠷᠦᠬᠡ︶》ᠬᠡᠯᠪᠡᠷᠢ ᠪᠠᠷ ᠳᠠᠮᠵᠢᠵᠣ᠂ ᠶᠠᠳᠠᠭᠤ ᠬᠦᠴᠢᠷᠲᠠᠢ ᠡᠷᠦᠬᠡ ᠲᠠᠢ ᠠᠰᠢᠭ ᠤᠷᠦᠯᠭ᠎ᠠ ᠪᠠᠨ ᠬᠠᠮᠲᠦᠪᠡᠷ ᠡᠳ᠋ᠯᠡᠬᠦ᠂ ᠠᠶᠦᠯ ᠲᠦᠭᠰᠢᠭᠦᠷᠢ ᠶᠢ ᠬᠠᠮᠲᠦ ᠪᠠᠷ ᠬᠠᠷᠢᠭᠤᠴᠠᠬᠤ ᠠᠰᠢᠭ ᠲᠤᠰᠠ ᠪᠠᠨ ᠬᠤᠯᠪᠣᠭᠰᠠᠨ ᠳᠤᠭᠲᠠᠴᠠ ᠶᠢ ᠪᠠᠶᠢᠭᠤᠯᠪᠠ  ᠃ ᠮᠧᠩ ᠳ᠋ᠦ᠋᠂ ᠵᠥᠩ ᠯᠢᠶᠠᠩ  ᠂ ᠾᠩ ᠳ᠋ᠦ᠋  ᠂ ᠯᠢᠩ ᡁᠢ᠂ ᠮᠦ ᠶᠤᠸᠠᠨ ᠵᠡᠷᠭᠡ ᠲᠣᠯᠣᠭᠠᠶᠢᠯᠠᠭᠴᠢ ᠠᠵᠦ ᠠᠬᠤᠶᠢᠯᠠᠯ ᠤᠨ ᠳᠠᠭᠠᠭᠤᠯᠭ᠎ᠠ ᠳᠣᠣᠷ᠎ᠠ ᠪᠦᠬᠦ  ᠬᠤᠰᠢᠭᠤᠨ ᠤ ᠭᠠᠭ᠋ᠠᠢ᠂ ᠬᠤᠨᠢ᠂ ᠦᠬᠡᠷ ᠪᠠ ᠢᠳᠡᠰᠢᠨ ᠨᠣᠭᠤᠭ᠎ᠠ᠂ ᠲᠦᠮᠦᠰᠦ᠂ ᠰᠢᠬᠢᠷ ᠵᠡᠷᠭᠡ ᠲᠠᠷᠢᠵᠣ ᠲᠡᠵᠢᠭᠡᠬᠦ᠂ ᠠᠵᠣ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ᠃ ᠲᠠᠷᠢᠵᠣ ᠲᠡᠵᠢᠭᠡᠬᠦ ᠭᠤᠭᠴᠤᠭᠠᠨ ᠳᠤ᠂ 8 ᠲᠦᠮᠡᠨ ᠮᠠᠯᠴᠢᠨ ᠲᠡᠷᠢᠶᠠᠴᠢᠨ ᠡᠷᠦᠬᠡ ᠶᠢ ᠳᠠᠶᠢᠴᠢᠯᠠᠨ ᠡᠵᠡᠭᠨᠡᠯᠲᠡ ᠬᠢᠵᠣ ᠂ 1.48 ᠲᠦᠮᠡᠨ ᠶᠠᠳᠠᠭᠤ ᠬᠦᠴᠢᠷᠲᠠᠢ ᠡᠷᠦᠬᠡ ᠳᠤᠭᠲᠠᠭᠤᠨ ᠢᠶᠠᠷ ᠶᠠᠳᠠᠭᠤ ᠠᠴᠠ ᠠᠩᠬᠢᠵᠢᠷᠠᠪᠠ᠃ ᠡᠳ᠋ᠰᠢᠭᠦᠯᠦᠨ ᠪᠤᠯᠪᠠᠰᠣᠷᠠᠭᠤᠯᠬᠤ ᠭᠤᠭᠴᠤᠭᠠᠨ ᠳᠤ 1.2 ᠲᠦᠮᠡᠨ ᠬᠦᠮᠦᠨ ᠳᠤ ᠠᠵᠢᠯ ᠣᠯᠭᠤᠵᠣ᠂ 1900 ᠶᠠᠳᠠᠭᠤ ᠬᠦᠴᠢᠷᠲᠠᠢ ᠡᠷᠦᠬᠡ ᠶᠠᠳᠠᠭᠤ ᠠᠴᠠ ᠠᠩᠬᠢᠵᠢᠷᠠᠪᠠ᠃ ᠡᠭᠦᠨ ᠤ ᠬᠠᠮᠲᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠣᠯᠠᠬᠤ ᠠᠵᠢᠯ ᠤᠨ ᠳᠣᠮᠲᠠᠬᠢ ᠦᠢᠯᠡᠳᠦᠯ ᠢ ᠭᠦᠢᠴᠡᠳ ᠪᠠᠳᠠᠷᠠᠭᠤᠯᠵᠣ᠂ ᠶᠠᠳᠠᠭᠤ ᠠᠴᠠ ᠠᠩᠬᠢᠵᠢᠷᠠᠭᠤᠯᠣᠭᠰᠠᠨ ᠡᠷᠦᠬᠡ ᠶᠢᠨ ᠲᠤᠭ᠎ᠠ ᠪᠠᠷ ᠬᠠᠪᠰᠦᠷᠦᠨ‌‍ᠲ᠋ᠡᠳᠭᠦᠬᠦ ᠪᠡᠯᠡ ᠮᠥᠩᠬᠦ ᠶᠢᠨ ᠬᠠᠷᠢᠴᠠᠯ ᠢ ᠳᠤᠬᠢᠷᠠᠭᠤᠯᠪᠠ᠃ ᠨᠢᠳᠦᠨᠤᠨ ᠵᠢᠯ ᠳᠤ᠂ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠠᠴᠠ 2240 ᠲᠦᠮᠡᠨ ᠲᠦᠭᠦᠷᠢᠭ ᠲᠤᠬᠢᠷᠠᠭᠤᠯᠵᠣ᠂83ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠦᠮᠦᠵᠢᠭᠦᠯᠦᠨ᠂ 490 ᠶᠠᠳᠠᠭᠤ ᠬᠦᠴᠢᠷᠲᠠᠢ ᠡᠷᠦᠬᠡ ᠶᠢᠨ 1023 ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠠᠢ᠃ ᠡᠨᠡ ᠵᠢᠯ ᠬᠠᠪᠰᠦᠷᠦᠨ ᠳᠡᠳᠭᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠣ᠂ ᠲᠣᠯᠣᠭᠠᠶᠢᠯᠠᠭᠴᠢ ᠠᠵᠣ ᠠᠬᠤᠶᠢᠯᠠᠯ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ 1 ᠶᠠᠳᠠᠭᠤ ᠬᠦᠴᠢᠷᠲᠠᠢ ᠡᠷᠦᠬᠡ ᠶᠢ ᠳᠠᠶᠢᠴᠢᠯᠠᠵᠣ ᠳᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠦᠷᠢ 5 ᠲᠦᠮᠡᠨ ᠲᠦᠭᠦᠷᠢᠭ ᠤᠨ ᠬᠦᠦ ᠮᠥᠩᠬᠦ ᠶᠢ ᠨᠢ ᠣᠷᠦᠯᠠᠨ ᠥᠭᠬᠦ ᠵᠢᠭᠡᠯᠡᠯᠭᠡ ᠲᠠᠷᠬᠠᠭᠠᠬᠤ ᠪᠠᠷ ᠳᠣᠭᠲᠠᠭᠠᠪᠠ᠃       ᠶᠠᠳᠠᠭᠤ ᠶᠢ ᠳᠡᠳᠭᠦᠬᠦ ᠬᠡᠯᠪᠡᠷᠢ ᠪᠠᠨ ᠰᠢᠨᠡᠴᠢᠯᠡᠵᠦ᠂ ᠤᠨᠢᠨ ᠳᠡᠭᠡᠷ᠎ᠡ ᠨᠢ ᠳᠦᠯᠬᠢᠨ ᠠᠬᠢᠭᠤᠯᠪᠠ᠃ ᠠᠵᠣ ᠦᠢᠯᠡᠰ ᠢᠶᠠᠷ ᠶᠠᠳᠠᠭᠤ ᠶᠢ ᠳᠡᠳᠭᠦᠬᠦ ᠠᠵᠢᠯ ᠤᠨ ᠶᠠᠪᠤᠴᠠ ᠳᠤ᠂ ᠦᠨᠳᠦᠰᠦᠨ ᠱᠠᠳᠣᠨ ᠤ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠴᠢᠬᠤᠯᠴᠢᠯᠠᠵᠣ᠂ ᠤᠷᠢᠳ ᠬᠤᠵᠢᠳ《 ᠣᠷᠢᠳᠠᠪᠡᠷ ᠪᠠᠶᠢᠭᠤᠯᠵᠤ ᠬᠤᠶᠢᠨ᠎ᠠ  ᠨᠢ ᠨᠦᠬᠦᠪᠦᠷᠢᠯᠡᠬᠦ》᠂《 ᠬᠤᠷᠰᠢᠨ ᠠᠵᠢᠯᠯᠠᠵᠤ ᠨᠠᠶᠢᠳᠠᠨ ᠲᠡᠵᠢᠭᠡᠯᠭᠡᠬᠦ》᠂《 ᠬᠥᠷᠥᠩᠭᠡ ᠶᠢᠨ ᠠᠰᠢᠭ ᠤᠷᠣᠯᠭ᠎ᠠ》 ᠶᠢ ᠬᠤᠪᠢᠶᠠᠷᠢᠯᠠᠬᠤ ᠵᠡᠷᠭᠡ ᠤᠯᠠᠨ ᠬᠡᠯᠪᠡᠷᠢ ᠪᠠᠷ ᠶᠠᠳᠠᠭᠤ ᠶᠢ ᠳᠡᠳᠭᠦᠬᠦ ᠬᠡᠯᠪᠡᠷᠢ ᠶᠢ ᠡᠭᠦᠳᠦᠭᠰᠡᠨ ᠪᠠᠶᠢᠨ᠎ᠠ᠃ ᠡᠳᠡᠭᠡᠷ ᠶᠠᠳᠠᠭᠤ ᠶᠢ ᠳᠡᠳᠭᠦᠬᠦ ᠬᠡᠯᠪᠡᠷᠢ ᠨᠦᠭᠦᠳ ᠨᠢ ᠬᠠᠪᠰᠦᠷᠦᠨ ᠳᠡᠳᠭᠦᠬᠦ ᠳᠤ ᠬᠢᠨᠠᠯᠲᠠ ᠲᠠᠯᠪᠢᠬᠤ ᠪᠠ ᠠᠰᠢᠭ ᠳᠤᠰᠠ ᠪᠠᠨ ᠬᠤᠯᠪᠣᠭᠰᠠᠨ ᠳᠤᠭᠲᠠᠴᠠ ᠪᠤᠯᠣᠨ ᠪᠦᠷᠢᠯᠳᠦᠭᠰᠡᠨ ᠢᠶᠠᠷ ᠥᠯᠦ ᠪᠠᠷᠠᠮ ᠪᠠᠰᠠ ᠶᠠᠳᠠᠭᠤ ᠬᠦᠴᠢᠷᠲᠠᠢ ᠡᠷᠦᠬᠡ ᠶᠢᠨ ᠥᠪᠡᠷ ᠢᠶᠠᠨ ᠶᠠᠳᠠᠭᠤ ᠠᠴᠠ ᠠᠩᠬᠢᠵᠢᠷᠠᠬᠤ ᠢᠳᠡᠪᠬᠢᠵᠢᠯ ᠢ ᠳᠠᠶᠢᠴᠢᠯᠠᠵᠣ᠂ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ᠃ ᠤᠨᠴᠠᠭᠠᠶᠢᠯᠠᠨ《 ᠬᠥᠷᠥᠩᠭᠡ ᠶᠢᠨ ᠠᠰᠢᠭ ᠤᠷᠣᠯᠭ᠎ᠠ》 ᠶᠢ  ᠬᠤᠪᠢᠶᠠᠷᠢᠯᠠᠬᠤ ᠬᠡᠯᠪᠡᠷᠢ ᠨᠢ ᠶᠠᠳᠠᠭᠤ ᠶᠢ ᠳᠡᠳᠭᠦᠬᠦ ᠪᠡᠯᠡ ᠮᠥᠩᠬᠦ ᠶᠢ ᠬᠤᠷᠰᠢᠨ ᠠᠵᠢᠯᠯᠠᠬᠤ ᠠᠵᠣ ᠠᠬᠤᠶᠢᠯᠠᠯ ᠳᠤ ᠪᠡᠯᠡ ᠤᠷᠣᠭᠤᠯᠠᠭᠰᠠᠨ ᠪᠡᠯᠡ ᠮᠥᠩᠬᠦ ᠪᠤᠯᠭᠠᠨ ᠶᠠᠳᠠᠭᠤ ᠬᠦᠴᠢᠷᠲᠠᠢ ᠡᠷᠦᠬᠡ ᠶᠢᠨ ᠲᠤᠭ᠎ᠠ ᠪᠠᠷ ᠬᠡᠮᠵᠢᠶᠡᠯᠡᠵᠣ᠂ ᠠᠵᠣ ᠠᠬᠤᠶᠢᠯᠠᠯ ᠠᠴᠠ ᠶᠠᠳᠠᠭᠤ ᠬᠦᠴᠢᠷᠲᠠᠢ ᠡᠷᠦᠬᠡ ᠶᠢᠨ ᠣᠷᠣᠭᠤᠯᠠᠭᠰᠠᠨ‌‍ᠪᠡᠯᠡ ᠮᠥᠩᠬᠦ ᠶᠢᠨ ᠵᠢᠯ ᠤᠨ ᠤᠷᠤᠯᠭ᠎ᠠ ᠶᠢᠨ10% ᠢᠶᠠᠷ ᠠᠰᠢᠭ ᠣᠷᠣᠯᠭ᠎ᠠ ᠬᠤᠪᠢᠶᠠᠷᠢᠯᠠᠵᠣ᠂ ᠲᠠᠷᠢᠶᠠᠯᠠᠩ ᠮᠠᠯ ᠠᠵᠣ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠦ ᠠᠬᠤᠶᠢᠯᠠᠯ ᠪᠣᠯᠣᠨ ᠶᠠᠳᠠᠭᠤ ᠬᠦᠴᠢᠷᠲᠠᠢ ᠡᠷᠦᠬᠡ ᠶᠢᠨ ᠬᠤᠭᠤᠷᠣᠨᠳᠤ ᠠᠰᠢᠭ ᠤᠷᠤᠯᠭ᠎ᠠ ᠪᠠᠨ ᠬᠤᠯᠪᠣᠭᠰᠠᠨ ᠨᠢᠭᠲᠠ ᠬᠠᠷᠢᠴᠠᠭ᠎ᠠ ᠲᠠᠢ ᠳᠤᠭᠲᠠᠴᠠ ᠶᠢ ᠪᠠᠶᠢᠭᠤᠯᠠᠭᠰᠠᠨ ᠪᠠᠶᠢᠨ᠎ᠠ᠃ ᠤᠶᠢᠷ᠎ᠠ ᠶᠢᠨ ᠵᠢᠯ ᠳᠤ᠂ 5000 ᠲᠦᠮᠡᠨ ᠲᠦᠭᠦᠷᠢᠭ ᠤᠨ ᠡᠳ᠋ ᠤᠨ ᠵᠠᠰᠠᠭ ᠤᠨ ᠶᠠᠳᠠᠭᠤ ᠢ ᠳᠡᠳᠭᠦᠬᠦ ᠪᠡᠯᠡ ᠮᠥᠩᠬᠦ ᠶᠢ ᠠᠰᠢᠭᠯᠠᠨ 62 ᠭᠠᠴᠠᠭ᠎ᠠ ᠲᠤᠰᠬᠤᠨ ᠳᠤ《 ᠬᠥᠷᠥᠩᠭᠡ ᠶᠢᠨ ᠠᠰᠢᠭ ᠤᠷᠣᠯᠭ᠎ᠠ》 ᠶᠢ ᠬᠤᠪᠢᠶᠠᠷᠢᠯᠠᠬᠤ ᠬᠡᠯᠪᠡᠷᠢ ᠶᠢ ᠬᠡᠷᠡᠭᠵᠢᠭᠦᠯᠵᠦ᠂ 5334 ᠶᠠᠳᠠᠭᠤ ᠬᠦᠴᠢᠷᠲᠠᠢ ᠡᠷᠦᠬᠡ ᠡᠷᠦᠬᠡ ᠪᠦᠷᠢ ᠳᠣᠮᠳᠠᠴᠢ ᠪᠠᠷ 1000 ᠲᠦᠭᠦᠷᠢᠭ ᠣᠷᠣᠯᠭ᠎ᠠ ᠨᠡᠮᠡᠭᠳᠡᠪᠡ᠃ ᠡᠭᠦᠨ ᠳᠤ ᠮᠧᠩ ᠳ᠋ᠦ᠋ ᠺᠤᠮᠫᠠᠨᠢ ᠪᠤᠯᠤᠨ ᠦᠳᠡ ᠶᠢᠨ ᠬᠤᠸᠠ ᠪᠠᠯᠭᠠᠰᠣ᠂ ᠴᠢᠶᠣᠥ ᠲᠸᠥ ᠪᠠᠯᠭᠠᠰᠦ᠂ ᠢ ᠾᠧ ᠭᠥᠩ ᠪᠠᠯᠭᠠᠰᠣ᠂ ᠮᠠᠭᠤ ᠱᠠᠩᠳᠠ ᠰᠢᠶᠠᠩ ᠵᠡᠷᠭᠡ 4 ᠰᠢᠶᠠᠩ ᠪᠠᠯᠭᠠᠰᠤ ᠲᠠᠢ ᠲᠤᠰ ᠲᠤᠰ《 ᠬᠥᠷᠥᠩᠭᠡ ᠶᠢᠨ ᠠᠰᠢᠭ ᠤᠷᠣᠯᠭ᠎ᠠ》 ᠶᠢ ᠬᠤᠪᠢᠶᠠᠷᠢᠯᠠᠬᠤ ᠬᠡᠯᠪᠡᠷᠢ ᠪᠠᠷ ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠬᠡᠯᠡᠯᠴᠡᠭᠡᠷ ᠤᠨ ᠪᠢᠴᠢᠭ ᠳᠣᠭᠲᠠᠵᠣ᠂ ᠺᠣᠮᠫᠠᠨᠢ ᠠᠴᠠ1780 ᠲᠦᠮᠡᠨ ᠲᠦᠭᠦᠷᠢᠭ ᠤᠨ ᠡᠳ᠋ ᠤᠨ ᠵᠠᠰᠠᠭ ᠤᠨ ᠶᠠᠳᠠᠭᠤ ᠶᠢ ᠳᠡᠳᠭᠦᠬᠦ ᠪᠡᠯᠡ ᠮᠥᠩᠭᠦ ᠶᠢ ᠭᠠᠷᠭᠠᠵᠦ᠂ ᠳᠠᠩᠰᠠ ᠪᠠᠶᠢᠭᠤᠯᠠᠨ ᠺᠠᠷᠲ ᠵᠣᠬᠢᠶᠠᠭᠰᠠᠨ 2200 ᠶᠠᠳᠠᠭᠤ ᠬᠦᠴᠢᠷᠲᠠᠢ ᠡᠷᠦᠬᠡ ᠪᠦᠷᠢ 800 ᠭᠠᠷᠦᠢ ᠲᠦᠭᠦᠷᠢᠭ ᠤᠨ  ᠠᠰᠢᠭ ᠣᠷᠣᠯᠭ᠎ᠠ ᠬᠤᠪᠢᠶᠠᠨ ᠣᠯᠵᠠᠢ᠃ ᠡᠨᠡ ᠵᠢᠯ《 ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ》ᠲᠦᠷᠦᠯ ᠵᠦᠢᠯ ᠪᠠ ᠲᠠᠷᠢᠶᠠᠯᠠᠩ ᠮᠠᠯ ᠠᠵᠦ ᠠᠬᠤᠢ ᠲᠠᠢ ᠬᠤᠯᠪᠣᠭᠳᠠᠭᠰᠠᠨ ᠪᠡᠯᠡ ᠮᠥᠩᠬᠦ ᠶᠢ ᠨᠢᠭᠡᠳᠬᠡᠵᠦ᠂《 ᠬᠥᠷᠥᠩᠭᠡ ᠶᠢᠨ ᠠᠰᠢᠭ ᠤᠷᠣᠯᠭ᠎ᠠ》 ᠶᠢ ᠬᠤᠪᠢᠶᠠᠷᠢᠯᠠᠬᠤ ᠬᠡᠯᠪᠡᠷᠢ ᠪᠠᠷ ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ  ᠠᠵᠢᠯ ᠤᠨ ᠡᠷᠴᠢᠮ ᠢᠶᠠᠨ ᠣᠯᠠᠮ ᠨᠢᠭᠡ ᠠᠯᠬᠤᠮ‌‍ᠴᠢᠩᠭᠠᠳᠬᠠᠵᠣ᠂ ᠶᠠᠳᠠᠭᠤ ᠬᠦᠴᠢᠷᠲᠠᠢ ᠡᠷᠦᠬᠡ ᠶᠢ ᠪᠦᠬᠦᠨ ᠢ ᠠᠵᠣ ᠦᠢᠯᠡᠰ ᠲᠤ ᠣᠷᠤᠭᠤᠯᠠᠨ᠂ ᠬᠦᠳᠡᠯᠮᠦᠷᠢᠯᠡᠬᠦ ᠴᠢᠳᠠᠪᠦᠷᠢᠲᠠᠢ ᠶᠠᠳᠠᠭᠤ ᠬᠦᠴᠢᠷᠲᠠᠢ ᠡᠷᠦᠬᠡ ᠶᠢ ᠬᠠᠮᠲᠣᠪᠡᠷ ᠬᠦᠭᠵᠢᠭᠦᠯᠵᠦ᠂ ᠬᠦᠳᠡᠯᠮᠦᠷᠢᠯᠡᠬᠦ ᠴᠢᠳᠠᠪᠦᠷᠢ ᠪᠠᠨ ᠠᠯᠳᠠᠭᠰᠠᠨ ᠶᠠᠳᠠᠭᠤ ᠬᠦᠴᠢᠷᠲᠠᠢ ᠡᠷᠦᠬᠡ ᠠᠵᠣ ᠦᠢᠯᠡᠰ ᠤᠨ ᠬᠦᠭᠵᠢᠯᠲᠡ ᠶᠢᠨ ᠠᠰᠢᠭ ᠢ ᠬᠦᠷᠲᠡᠵᠣ ᠳᠣᠭᠲᠠᠭᠤᠨ ᠣᠷᠣᠯᠭ᠎ᠠ ᠲᠠᠢ ᠪᠣᠯᠬᠤ ᠶᠢ ᠪᠡᠶᠠᠯᠡᠭᠦᠯᠬᠦ ᠪᠠᠷ ᠪᠠᠶᠢᠨ᠎ᠠ᠃  ︵ᠦ᠋ ᠬᠠᠢ ᠱᠧᠩ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号