ᠤᠩᠨᠢᠭᠤᠳ ᠬᠤᠰᠢᠭᠤ ︽ᠵᠢᠭᠡᠯᠡᠯᠭᠡ ᠦᠭᠴᠦ ᠠᠰᠢᠭ ᠬᠦᠷᠳᠡᠭᠡᠬᠦ︾ ᠵᠠᠭᠪᠤᠷ ᠢᠶᠠᠷ ᠶᠠᠳᠠᠭᠤ ᠶᠢ ᠳᠡᠳᠬᠦᠬᠦ ᠡᠷᠴᠢᠮ ᠢᠶᠠᠨ ᠴᠢᠩᠭᠠᠷᠠᠭᠤᠯᠵᠤ ᠪᠤᠢ
ᠨᠡᠶᠢᠲᠡᠯᠡᠭᠰᠡᠨ ᠴᠠᠭ᠄
2017/7/17
        ᠡᠨᠡ ᠵᠢᠯ᠂ ᠤᠩᠨᠢᠭᠤᠳ ᠬᠤᠰᠢᠭᠤ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠤᠷᠤᠭᠤᠯᠤᠯᠳᠠ ᠪᠠᠭ᠎ᠠ᠂ ᠶᠠᠳᠠᠭᠤ ᠶᠢ ᠳᠡᠳᠬᠦᠬᠦ ᠪᠦᠷᠬᠦᠴᠡ ᠶᠢᠨ ᠬᠡᠪᠴᠢᠶ᠎ᠡ ᠪᠠᠭ᠎ᠠ᠂ ᠠᠵᠤ ᠠᠬᠤᠢᠢᠯᠠᠯ ᠪᠡᠯᠡ ᠮᠦᠩᠬᠦ ᠬᠤᠷᠠᠮᠳᠤᠭᠤᠯᠬᠤ ᠳᠠᠯ᠎ᠠ ᠪᠠᠷ ᠬᠦᠴᠢᠷᠳᠡᠵᠦ ᠪᠠᠶᠢᠭ᠎ᠠ ᠠᠰᠠᠭᠤᠳᠠᠯ ᠤᠳ ᠢ ᠰᠢᠢᠳᠪᠦᠷᠢᠯᠡᠬᠦ ᠶᠢᠨ ᠰᠠᠭᠤᠷᠢᠨ ᠳᠡᠭᠡᠷ᠎ᠡ᠂ ᠤᠤᠯ ᠤᠨ ᠶᠠᠳᠠᠭᠤ ᠶᠢ ᠳᠡᠳᠬᠦᠬᠦ ᠦᠷ᠎ᠡ ᠪᠦᠳᠦᠮᠵᠢ ᠶᠢ ᠪᠠᠳᠤᠳᠬᠠᠬᠤ ᠶᠢᠨ ᠬᠠᠮᠳᠤ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠵᠠᠭᠪᠤᠷ ᠲᠤ ᠰᠢᠨ᠎ᠡ ᠶᠢ ᠡᠭᠦᠳᠦᠨ᠂ ︽ᠵᠢᠭᠡᠯᠡᠯᠭᠡ ᠦᠭᠴᠦ ᠠᠰᠢᠭ ᠬᠦᠷᠳᠡᠭᠡᠬᠦ︾ ᠵᠠᠭᠪᠤᠷ ᠢ ᠬᠠᠶᠢᠵᠤ᠂ ᠳᠤᠯᠤᠭᠠᠢᠢᠯᠠᠭᠴᠢ ᠠᠵᠤ ᠠᠬᠤᠢᠢᠯᠠᠯ ᠪᠠ ᠶᠠᠳᠠᠭᠤ ᠬᠦᠴᠢᠷᠳᠡᠢ ᠡᠷᠦᠬᠡ ᠶᠢᠨ ᠳᠤᠭᠳᠠᠭᠤᠨ ᠬᠤᠯᠪᠤᠯᠳᠤᠬᠤ ᠳᠤᠭᠳᠠᠴᠠ ᠶᠢ ᠪᠠᠶᠢᠭᠤᠯᠤᠨ᠂ ᠶᠠᠳᠠᠭᠤ ᠬᠦᠴᠢᠷᠳᠡᠢ ᠤᠯᠠᠨ ᠳᠦᠮᠡᠨ ᠢ ᠳᠠᠭᠠᠭᠤᠯᠤᠨ ᠤᠷᠤᠯᠭ᠎ᠠ ᠪᠠᠨ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠵᠤ ᠪᠠᠶᠢᠨ᠎ᠠ᠃          ︽ᠵᠢᠭᠡᠯᠡᠯᠭᠡ ᠦᠭᠴᠦ ᠠᠰᠢᠭ ᠬᠦᠷᠳᠡᠭᠡᠬᠦ︾ ᠵᠠᠭᠪᠤᠷ ᠨᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠢᠭᠡᠯᠡᠯᠭᠡ ᠳᠡᠯᠪᠢᠵᠤ᠂ ᠶᠠᠳᠠᠭᠤ ᠬᠦᠴᠢᠷᠳᠡᠢ ᠡᠷᠦᠬᠡ ᠵᠢᠭᠡᠯᠡᠯᠭᠡ ᠠᠪᠬᠤ ᠪᠡ ᠵᠢᠭᠡᠯᠡᠯᠭᠡ ᠪᠠᠨ ᠪᠤᠴᠠᠭᠠᠬᠤ ᠭᠠᠷᠳᠠᠮ ᠭᠦᠢᠴᠡᠳᠭᠡᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠶᠠᠳᠠᠭᠤ ᠬᠦᠴᠢᠷᠳᠡᠢ ᠡᠷᠦᠬᠡ ᠶᠢᠨ ᠡᠷᠡᠮᠡᠯᠵᠡᠭᠰᠡᠨ ᠵᠢᠭᠡᠯᠡᠯᠭᠡ ᠶᠢᠨ ᠵᠤᠭᠤᠰ ᠢ ᠬᠤᠷᠰᠢᠭᠰᠠᠨ ᠠᠵᠤ ᠠᠬᠤᠢᠢᠯᠠᠯ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠵᠢᠭᠡᠯᠡᠯᠭᠡ ᠦᠭᠴᠦ ᠠᠰᠢᠭ ᠬᠦᠷᠳᠡᠭᠡᠬᠦ︾ ᠳᠤᠰᠬᠠᠢ ᠳᠠᠩᠰᠠᠠ ᠡᠷᠦᠬᠡ ᠳᠤ ᠤᠷᠤᠭᠤᠯᠤᠨ ᠦᠭᠴᠦ᠂ ᠬᠤᠷᠰᠢᠭᠰᠠᠨ ᠠᠵᠤ ᠠᠬᠤᠢᠢᠯᠠᠯ ᠵᠢᠭᠡᠯᠡᠯᠭᠡ ᠶᠢᠨ ᠮᠦᠩᠭᠦ ᠶᠢ ᠠᠰᠢᠭᠯᠠᠨ ᠦᠢᠯᠡᠳᠪᠦᠷᠢᠯᠡᠯ ᠡᠵᠡᠩᠨᠡᠯᠳᠡ ᠪᠠᠨ ᠡᠷᠬᠢᠯᠡᠬᠦ ᠪᠤᠯᠤᠨ᠎ᠠ᠃ ᠵᠢᠭᠡᠯᠡᠯᠬᠡ ᠪᠠᠨ ᠪᠤᠴᠠᠭᠠᠬᠤ ᠬᠤᠭᠤᠴᠠᠭ᠎ᠠ ᠳᠤᠯᠤᠭᠰᠠᠨ ᠤ ᠳᠠᠷᠠᠭ᠎ᠠ ᠬᠤᠷᠰᠢᠭᠰᠠᠨ ᠠᠵᠤ ᠠᠬᠤᠢᠢᠯᠠᠯ ᠨᠢ ᠤᠤᠯ ᠤᠨ ᠠᠷᠭ᠎ᠠ ᠵᠠᠮ ᠢᠶᠠᠷ ᠢᠶᠠᠨ ᠵᠢᠭᠡᠯᠡᠯᠭᠡ ᠪᠠᠨ ᠪᠤᠴᠠᠭᠠᠬᠤ ᠶᠢᠨ ᠬᠠᠮᠳᠤ᠂ ᠤᠯᠵᠠᠪᠤᠷᠢ ᠶᠢᠨ ᠪᠡᠯᠡ ᠮᠦᠩᠬᠦ ᠳᠤᠰᠢᠶᠠᠨ᠎ᠠ᠃ ᠬᠤᠰᠢᠭᠤᠨ ᠤ ᠵᠠᠰᠠᠭ ᠤᠨ ᠤᠷᠳᠤᠨ ᠠᠴᠠ ᠨᠠᠶᠢᠳᠠᠭᠰᠠᠨ ᠳᠠᠪᠴᠠᠩ ᠤᠨ ᠺᠤᠮᠫᠠᠨᠢ ᠬᠤᠷᠰᠢᠭᠰᠠᠨ ᠠᠵᠤ ᠠᠬᠤᠢᠢᠯᠠᠯ ᠳᠤ ᠵᠢᠭᠡᠯᠡᠯᠭᠡ ᠶᠢᠨ ᠪᠠᠳᠤᠯᠠᠭ᠎ᠠ ᠬᠢᠵᠦ᠂ ᠬᠤᠷᠰᠢᠭᠰᠠᠨ ᠠᠵᠤ ᠠᠬᠤᠢᠢᠯᠠᠯ ᠨᠢ ᠪᠠᠰᠠ ᠳᠠᠪᠴᠠᠩ ᠤᠨ ᠺᠤᠮᠫᠠᠨᠢ ᠳᠤ ᠵᠢᠭᠡᠯᠡᠯᠭᠡ ᠶᠢᠨ ᠪᠠᠳᠤᠯᠠᠭ᠎ᠠ ᠬᠢᠨ᠎ᠡ᠃ ᠡᠨᠡ ᠵᠢᠯ᠂ ᠤᠩᠨᠢᠭᠤᠳ ᠬᠤᠰᠢᠭᠤ ᠠᠩᠬᠠᠳᠠᠭᠴᠢ ᠬᠤᠭᠤᠴᠠᠭᠠᠨ ᠳᠤ 2.16 ᠳ᠋ᠥᠩᠰᠢᠭᠤᠷ ᠳᠦᠭᠦᠷᠢᠭ ᠤᠨ ᠵᠢᠭᠡᠯᠡᠯᠭᠡ ᠳᠠᠯᠪᠢᠬᠤ ᠪᠠᠷ ᠳᠦᠯᠦᠪᠯᠡᠵᠦ᠂ ᠬᠤᠷᠰᠢᠭᠰᠠᠨ ᠠᠵᠤ ᠠᠬᠤᠢᠢᠯᠠᠯ ᠨᠢᠭᠡᠪᠦᠷᠢ ᠨᠢ ︽ᠵᠢᠭᠡᠯᠡᠯᠭᠡ ᠦᠭᠴᠦ ᠠᠰᠢᠭ ᠬᠦᠷᠳᠡᠭᠡᠬᠦ︾᠂ ︽ᠡᠳ᠋ ᠬᠦᠷᠦᠩᠭᠡ ᠪᠠᠷ ᠠᠰᠢᠭ ᠬᠦᠷᠳᠡᠭᠡᠬᠦ︾ ᠵᠡᠷᠭᠡ ᠶᠠᠳᠠᠭᠤ ᠶᠢ ᠳᠡᠳᠬᠦᠬᠦ ᠴᠢᠨᠠᠷᠳᠠᠢ ᠪᠡᠯᠡ ᠮᠦᠩᠬᠦ ᠶᠢ ᠨᠡᠶᠢᠯᠡᠭᠦᠯᠦᠭᠡᠳ 5000 ᠳᠦᠮᠡᠨ ᠳᠦᠭᠦᠷᠢᠭ ᠠᠴᠠ ᠳᠠᠪᠠᠭᠤᠯᠬᠤ ᠦᠭᠡᠢ ᠵᠠᠷᠴᠢᠮ ᠢ ᠳᠤᠭᠳᠠᠭᠠᠵᠠᠢ᠃ ᠶᠠᠳᠠᠭᠤ ᠬᠦᠴᠢᠷᠳᠡᠢ ᠠᠷᠠᠳ ᠨᠢᠭᠡᠪᠦᠷᠢ ᠳᠤ 1 ᠳᠦᠮᠡᠨ ᠳᠦᠭᠦᠷᠢᠭ ᠤᠨ ᠵᠢᠭᠡᠯᠡᠯᠭᠡ ᠳᠠᠯᠪᠢᠬᠤ ᠪᠠᠷ ᠪᠤᠳᠤᠪᠠᠯ᠂ ᠬᠦᠮᠦᠨ ᠪᠦᠷᠢ ᠶᠢᠨ ᠵᠢᠯ ᠤᠨ ᠤᠷᠤᠯᠭ᠎ᠠ ᠨᠢ 700 ᠭᠠᠷᠤᠢ ᠳᠦᠭᠦᠷᠢᠭ ᠤᠨ ᠨᠡᠮᠡᠭᠳᠡᠯ ᠢ ᠪᠡᠶᠡᠯᠡᠬᠦᠯᠬᠦ ᠪᠤᠯᠤᠨ᠎ᠠ᠃                                                                          ᠵᠣᠬᠢᠶᠠᠭᠴᠢ᠄  ᠨᠠᠨᠳᠢᠨ᠂ ᠾᠸᠥ ᠬᠠᠢ ᠱᠧᠩ
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号