ᠠᠩᠭᠢ ᠶᠢᠨ ᠡᠷᠬᠢᠯᠡᠭᠴᠢ ᠪᠠ ᠠᠩᠭᠢ ᠶᠢᠨ ᠺᠠᠳ᠋ᠷ ᠢ ᠰᠤᠩᠭᠤᠬᠤ ᠠᠵᠢᠯ ᠢ ᠤᠮᠳᠤᠭᠠᠢᠢᠯᠠᠵᠤ ᠪᠤᠯᠬᠤ ᠦᠭᠡᠢ
ᠨᠡᠶᠢᠲᠡᠯᠡᠭᠰᠡᠨ ᠴᠠᠭ᠄
2017/7/21
     ᠠᠩᠭᠢ ᠶᠢᠨ ᠡᠷᠬᠢᠯᠡᠭᠴᠢ ᠶᠢᠨ ᠠᠵᠢᠯ ᠪᠤᠯ ᠬᠠᠮᠤᠭ ᠠᠴᠠ ᠰᠢᠷᠭᠠᠭᠤ ᠮᠦᠷᠲᠡᠭᠡᠨ ᠪᠠᠰᠠ ᠴᠢᠬᠤᠯᠠ ᠠᠵᠢᠯ ᠭᠡᠳᠡᠭ ᠢ ᠤᠯᠠᠩᠭᠢ ᠪᠠᠭᠰᠢ ᠤᠶᠢᠯᠠᠭᠠᠬᠤ ᠶᠤᠮ᠃ ᠠᠩᠬᠢ ᠪᠤᠯ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠤᠨ ᠦᠨᠳᠤᠰᠦᠨ ᠱᠠᠳᠤᠨ ᠤ ᠵᠤᠬᠢᠶᠠᠨ ᠪᠠᠶᠢᠭᠤᠯᠤᠯᠲᠠ ᠮᠦᠨ᠂ ᠳᠠᠷᠤᠢ ᠪᠠᠭᠰᠢ ᠨᠠᠷ ᠪᠤᠯᠤᠨ ᠰᠤᠷᠤᠭᠴᠢᠳ ᠤᠨ ᠰᠤᠷᠭᠠᠬᠤ ᠪᠠ ᠰᠤᠷᠬᠤ ᠠᠵᠢᠯᠯᠠᠭ᠎ᠠ ᠦᠷᠨᠢᠭᠦᠯᠬᠦ ᠦᠨᠳᠤᠰᠦᠨ ᠨᠢᠭᠡᠴᠡ ᠪᠤᠯᠬᠤ ᠶᠤᠮ᠃ ᠡᠶᠢᠮᠦ ᠠᠴᠠ ᠪᠢᠳᠠ ᠠᠩᠭᠢ ᠶᠢᠨ ᠡᠷᠬᠢᠯᠡᠭᠴᠢ ᠶᠢᠨ ᠠᠵᠢᠯ ᠢ ᠴᠢᠬᠤᠯᠠᠴᠢᠯᠠᠵᠤ ᠦᠵᠡᠬᠦ ᠬᠡᠷᠡᠭᠲᠡᠢ᠃ ᠠᠩᠬᠢ ᠶᠢᠨ ᠡᠷᠬᠢᠯᠡᠭᠴᠢ ᠠᠵᠢᠯ ᠢᠶᠠᠨ ᠰᠠᠶᠢᠬᠠᠠ ᠬᠢᠵᠤ ᠴᠢᠳᠠᠪᠠᠯ ᠠᠩᠭᠢ ᠨᠢᠭᠡᠴᠡ ᠶᠢ ᠲᠢᠭᠯᠢᠮ ᠲᠠᠢ ᠪᠤᠯᠭᠠᠬᠤ ᠪᠠᠷ ᠪᠠᠷᠠᠬᠤ ᠦᠭᠡᠢ ᠰᠤᠷᠭᠠᠭᠤᠯᠢ ᠶᠢᠨ ᠠᠵᠢᠯ ᠢ ᠴᠤ ᠤᠷᠤᠭᠰᠢ ᠠᠬᠢᠭᠤᠯᠵᠤ ᠴᠢᠳᠠᠨ᠎ᠠ᠃ ᠡᠬᠦᠨ ᠳᠤ ᠠᠩᠬᠢ ᠶᠢᠨ ᠡᠷᠬᠢᠯᠡᠭᠴᠢ ᠠᠩᠬᠢ  ᠶᠢᠨ ᠺᠠᠳ᠋ᠷ ᠢᠶᠠᠨ ᠰᠠᠶᠢᠳᠤᠷ ᠰᠤᠩᠭᠤᠵᠤ ᠴᠢᠳᠠᠬᠤ ᠡᠰᠡᠬᠦ ᠨᠢ ᠠᠩᠬᠢ ᠶᠢᠨ ᠠᠵᠢᠯ ᠢᠶᠠᠨ ᠤᠷᠤᠭᠰᠢᠳᠠᠢ ᠦᠷᠨᠢᠬᠦᠯᠵᠤ ᠴᠢᠳᠠᠬᠤ ᠡᠰᠡᠬᠦ  ᠲᠠᠢ ᠰᠢᠭᠤᠳ ᠬᠤᠯᠪᠤᠭᠳᠠᠵᠤ ᠪᠠᠶᠢᠳᠠᠭ᠃     ᠨᠢᠭᠡ᠂ ᠠᠩᠭᠢ ᠶᠢᠨ ᠡᠷᠬᠢᠯᠡᠭᠴᠢ ᠶᠢ ᠰᠢᠯᠢᠨ ᠰᠤᠩᠭᠤᠬᠤ ᠲᠤᠬᠠᠢ᠃ ᠰᠤᠷᠭᠠᠭᠤᠯᠢ ᠶᠢᠨ ᠠᠵᠢᠯ᠂ ᠰᠤᠷᠭᠠᠭᠤᠯᠢ ᠶᠢᠨ ᠵᠠᠬᠢᠷᠤᠯ ᠤᠨ ᠠᠵᠢᠯ ᠳᠤ ᠠᠩᠭᠢ ᠶᠢᠨ ᠡᠷᠬᠢᠯᠡᠭᠴᠢ ᠪᠤᠯ ᠬᠠᠮᠤᠭ ᠠᠴᠠ ᠭᠤᠤᠯᠯᠠᠭᠴᠢ ᠪᠦᠭᠡᠳ ᠬᠠᠪᠰᠤᠷᠤᠭᠴᠢ ᠦᠢᠯᠡᠳᠦᠯ ᠦᠵᠡᠭᠦᠯᠳᠡᠭ᠃ ᠠᠩᠬᠢ ᠶᠢᠨ ᠰᠤᠷᠤᠭᠴᠢ ᠪᠠᠨ ᠵᠤᠬᠢᠶᠠᠨ ᠪᠠᠶᠢᠭᠤᠯᠬᠤ᠂ ᠵᠢᠯᠤᠭᠤᠳᠬᠤ᠂ ᠬᠦᠮᠦᠵᠢᠭᠦᠯᠬᠦ᠂ ᠨᠡᠶᠢᠬᠡᠮ ᠤᠨ ᠠᠵᠢᠯᠯᠠᠭ᠎ᠠ ᠦᠷᠨᠢᠬᠦᠯᠬᠦ ᠵᠡᠷᠭᠡ ᠠᠵᠢᠯ ᠤᠳ ᠨᠢ ᠪᠦᠷ ᠠᠩᠭᠢ ᠶᠢᠨ ᠡᠷᠬᠢᠯᠡᠭᠴᠢ ᠶᠢᠨ ᠰᠢᠭᠤᠳ ᠵᠢᠯᠤᠭᠤᠳᠤᠯᠭ᠎ᠠ ᠪᠠᠷ ᠶᠠᠪᠤᠭᠳᠠᠳᠠᠭ᠃ᠰᠤᠷᠭᠠᠭᠤᠯᠢ ᠶᠢᠨ ᠰᠤᠷᠭᠠᠠ ᠬᠦᠮᠦᠵᠢᠯ ᠳᠤ ᠠᠩᠭᠢ ᠶᠢᠨ ᠡᠷᠬᠢᠯᠡᠭᠴᠢ ᠶᠢᠨ ᠠᠵᠢᠯ ᠴᠢᠬᠤᠯᠠ ᠦᠢᠯᠡᠳᠤᠯ ᠦᠵᠡᠬᠦᠯᠳᠡᠭ ᠪᠤᠯᠬᠤᠷ ᠠᠩᠭᠢ ᠶᠢᠨ ᠡᠷᠬᠢᠯᠡᠭᠴᠢ ᠶᠢ ᠰᠢᠯᠢᠨ ᠰᠤᠩᠭᠤᠬᠤ ᠳᠤ ᠬᠠᠰᠢ ᠶᠠᠰᠢ ᠪᠠᠶᠢᠵᠤ ᠪᠤᠯᠬᠤ ᠦᠭᠡᠢ᠃ ᠡᠭᠦᠨ ᠳᠤ ᠳᠠᠭᠡᠲᠤ ᠬᠡᠮᠵᠢᠶᠡᠨ ᠤ ᠤᠬᠠᠮᠰᠠᠷᠳᠤ ᠴᠢᠨᠠᠷ ᠲᠠᠢ ᠂ ᠪᠤᠯᠪᠠᠰᠤᠨ ᠠᠵᠢᠯ ᠤᠨ ᠤᠪᠤᠷ ᠲᠠᠢ᠂ ᠦᠷᠭᠡᠨ ᠲᠡᠯᠭᠡᠷ ᠮᠡᠳᠡᠯᠭᠡ ᠲᠠᠢ᠂ ᠠᠵᠢᠯ ᠳᠠᠭᠠᠨ ᠬᠦᠯᠢᠴᠡᠩᠭᠦᠢ ᠪᠦᠭᠡᠳ ᠰᠤᠷᠤᠭᠴᠢ ᠪᠠᠨ ᠬᠠᠯᠠᠰᠢᠷᠠᠯ ᠦᠭᠡᠢ ᠰᠤᠷᠭᠠᠵᠤ ᠬᠦᠮᠦᠵᠢᠬᠦᠯᠬᠦ ᠤᠪᠤᠷ ᠰᠤᠷᠳᠠᠯ ᠲᠠᠢ ᠪᠠᠭᠰᠢ ᠶᠢ ᠰᠤᠩᠭᠤᠵᠤ ᠠᠩᠬᠢ ᠶᠢᠨ ᠡᠷᠬᠢᠯᠡᠭᠴᠢ ᠪᠤᠯᠭᠠᠪᠠᠯ ᠵᠤᠬᠢᠨ᠎ᠠ᠃      ᠬᠤᠶᠠᠷ᠂ ᠠᠩᠭᠢ ᠶᠢᠨ ᠺᠠᠳ᠋ᠷ ᠢ ᠰᠢᠯᠢᠨ ᠰᠤᠩᠭᠤᠬᠤ ᠲᠤᠬᠠᠢ᠃ ᠠᠩᠭᠢ ᠶᠢᠨ ᠺᠠᠳ᠋ᠷ ᠪᠤᠯ ᠠᠩᠬᠢ ᠶᠢᠨ ᠡᠷᠬᠢᠯᠡᠭᠴᠢ ᠶᠢᠨ ᠭᠠᠷ ᠬᠠᠪᠰᠤᠷᠤᠭᠴᠢ ᠪᠤᠯᠤᠨ᠎ᠠ᠃ ᠡᠶᠢᠮᠤ ᠠᠴᠠ ᠠᠩᠬᠢ ᠶᠢᠨ ᠡᠷᠬᠢᠯᠡᠭᠴᠢ ᠠᠩᠬᠢ ᠺᠠᠳ᠋ᠷ ᠢᠶᠠᠨ ᠰᠢᠯᠢᠵᠤ ᠰᠤᠩᠭᠤᠬᠤ ᠠᠵᠢᠯ ᠢ ᠤᠮᠳᠤᠭᠠᠢᠢᠯᠠᠵᠤ ᠪᠤᠯᠬᠤ ᠦᠭᠡᠢ᠃ ᠠᠩᠭᠢ ᠶᠢᠨ ᠡᠷᠬᠢᠯᠡᠭᠴᠢ ᠶᠢᠨ ᠬᠤᠪᠢ ᠳᠤ ᠪᠦᠬᠦ ᠠᠩᠭᠢ ᠶᠢᠨ ᠰᠤᠷᠤᠭᠴᠢ ᠶᠢᠨ ᠡᠯ᠎ᠡ ᠲᠠᠯ ᠶᠢᠨ ᠪᠠᠶᠢᠳᠠᠯ ᠢ ︵ᠵᠠᠩ ᠮᠤᠷᠠᠯ᠂ ᠰᠤᠷᠤᠯᠭ᠎ᠠ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ᠂ ᠡᠳᠦᠷ ᠲᠤᠲᠤᠮ ᠤᠨ ᠠᠮᠢᠳᠤᠷᠠᠯ᠂ ᠲᠤᠷ᠎ᠠ ᠰᠤᠨᠢᠷᠬᠠᠯ᠂ ᠠᠪᠢᠶᠠᠰ᠂ ᠭᠡᠷ ᠪᠦᠯᠢ︶ ᠤᠶᠢᠯᠠᠭᠠᠭᠰᠠᠨ ᠰᠠᠭᠤᠷᠢᠨ ᠳᠡᠭᠡᠷ᠎ᠡ ᠠᠩᠭᠢ ᠶᠢᠨ ᠺᠠᠳ᠋ᠷ ᠢ ᠰᠢᠯᠢᠨ ᠬᠦᠮᠦᠵᠢᠭᠦᠯᠬᠦ ᠶᠢ ᠠᠩᠬᠠᠷᠣᠯ ᠳᠠᠭᠠᠨ ᠠᠪᠴᠤ᠂ ᠤᠯᠠᠨ ᠠᠴᠠ ᠰᠢᠯᠢᠳᠡᠭ ᠢ ᠰᠤᠩᠭᠤᠬᠤ ᠶᠢ ᠠᠩᠬᠠᠷᠤᠨ᠎ᠠ᠃ ᠵᠤᠬᠢᠶᠠᠨ ᠪᠠᠶᠢᠭᠤᠯᠬᠤ ᠴᠢᠳᠠᠪᠤᠷᠢ ᠲᠠᠢ᠂ ᠠᠵᠢᠯ ᠢᠶᠠᠨ ᠰᠠᠶᠢᠬᠠᠨ ᠦᠷᠨᠢᠭᠦᠯᠳᠡᠭ᠂ ᠪᠤᠰᠤᠳ ᠲᠠᠭᠠᠨ ᠢᠲᠡᠭᠡᠯ ᠲᠠᠢ᠂ ᠪᠡᠶ᠎ᠡ ᠪᠠᠨ ᠴᠢᠩᠭ᠎ᠠ ᠱᠠᠭᠠᠷᠳᠠᠳᠠᠭ᠂ ᠰᠤᠷᠤᠯᠭ᠎ᠠ᠂ ᠵᠠᠩ ᠮᠤᠷᠠᠯ᠂ ᠲᠠᠮᠢᠷ ᠲᠠᠭᠠᠨ ᠠᠪᠢᠶᠠᠰ ᠲᠠᠢ ᠰᠤᠷᠤᠭᠴᠢ ᠶᠢ ᠰᠤᠩᠭᠤᠵᠤ ᠠᠩᠬᠢ ᠶᠢᠨ ᠺᠠᠳ᠋ᠷ ᠪᠤᠯᠭᠠᠪᠠᠯ ᠵᠤᠬᠢᠨ᠎ᠠ᠃ ᠠᠩᠭᠢ ᠶᠢᠨ ᠺᠠᠳ᠋ᠷ ᠤᠨ ᠠᠵᠢᠯ ᠴᠤ ᠴᠢᠳᠠᠪᠤᠷᠢ ᠶᠢᠨ ᠠᠵᠢᠯ ᠭᠡᠳᠡᠭ ᠢ ᠠᠩᠬᠢ ᠶᠢᠨ ᠡᠷᠬᠢᠯᠡᠭᠴᠢ ᠮᠡᠳᠡᠬᠦ ᠬᠡᠷᠡᠭᠲᠠᠢ᠃ ᠡᠨᠡ ᠨᠢ ᠨᠢᠭᠡ ᠵᠦᠢᠯ ᠤᠨ ᠪᠡᠶ᠎ᠡ ᠪᠠᠨ ᠳᠠᠭᠠᠭᠠᠭᠰᠠᠨ ᠠᠵᠢᠯ ᠤᠨ ᠴᠢᠳᠠᠪᠤᠷᠢ᠂ ᠨᠡᠶᠢᠬᠡᠮ ᠪᠠ ᠬᠦᠮᠦᠨ ᠲᠠᠢ ᠬᠠᠷᠢᠯᠴᠠᠬᠤ ᠶᠢᠨ ᠰᠠᠭᠤᠷᠢ ᠠᠵᠢᠯ ᠪᠤᠯᠬᠤ ᠶᠤᠮ᠃ ᠠᠵᠢᠯ ᠤᠨ ᠴᠢᠳᠠᠪᠤᠷᠢ ᠲᠠᠢ ᠰᠤᠷᠤᠭᠴᠢ ᠪᠠᠷ ᠠᠩᠬᠢ ᠶᠢᠨ ᠺᠠᠳ᠋ᠷ ᠤᠨ ᠠᠵᠢᠯ ᠢ ᠬᠠᠷᠢᠭᠤᠴᠠᠭᠤᠯᠪᠠᠯ ᠲᠦᠯᠦᠪᠯᠡᠭᠡ ᠲᠤᠭᠳᠠᠭᠠᠬᠤ᠂ ᠠᠰᠠᠭᠤᠳᠠᠯ ᠢ ᠵᠠᠳᠠᠯᠬᠤ᠂ ᠠᠵᠢᠯ ᠤᠨ ᠳ᠋ᠦᠡᠭᠨᠡᠯᠲᠡ ᠬᠢᠬᠦ᠂ ᠰᠤᠷᠤᠭᠴᠢᠳ ᠢ ᠵᠤᠬᠢᠶᠠᠨ ᠪᠠᠶᠢᠭᠤᠯᠬᠤ ᠵᠡᠷᠭᠡ ᠠᠵᠢᠯ ᠤᠳ ᠢ ᠬᠢᠬᠦ ᠳᠤ ᠲᠦᠬᠦᠮ ᠮᠦᠷᠲᠡᠭᠡᠡ ᠤᠷᠤᠭᠰᠢᠳᠠᠢ ᠪᠤᠯᠴᠢᠬᠠᠳᠠᠭ᠃
 
ᠢᠷᠡᠯᠲᠡ᠄ ᠳᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号