ᠰᠢᠨᠡᠰᠦ᠋ᠮ᠎ᠡ ᠰᠤᠮᠤᠨ ᠤ ᠬᠤᠶᠠᠳᠣᠭᠠᠷ ᠣᠳᠠᠭᠠᠨ ᠤ ᠮᠠᠯᠴᠢᠨ ᠲᠠᠷᠢᠶᠠᠴᠢᠳ ᠤᠨ ᠣᠷᠠᠨ ᠰᠠᠶᠢᠬᠠᠨ ᠤ ᠲᠤᠭᠯᠠᠯᠲᠠ ᠶᠠᠪᠣᠭᠳᠠᠪᠠ
ᠨᠡᠶᠢᠲᠡᠯᠡᠭᠰᠡᠨ ᠴᠠᠭ᠄
2017/7/3
             ᠨᠠᠮ ᠪᠠᠶᠢᠭᠤᠯᠣᠭᠳᠠᠭᠰᠠᠨ 70 ᠵᠢᠯ ᠤᠨ ᠤᠢ ᠵᠢᠴᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠬᠦ ᠰᠢᠨᠡᠰᠦ᠋ᠮ᠎ᠡ  ᠰᠤᠮᠤ ᠶᠢᠨ ᠬᠤᠶᠠᠳᠣᠭᠠᠷ ᠣᠳᠠᠭᠠᠨ ᠤ ᠮᠠᠯᠴᠢᠨ ᠲᠠᠷᠢᠶᠠᠴᠢᠳ ᠤᠨ ᠰᠤᠶᠤᠯ ᠣᠷᠠᠯᠢᠭ ᠤᠨ ᠨᠠᠶᠢᠷ ᠤᠨ ᠣᠷᠠᠨ ᠰᠠᠶᠢᠬᠠᠨ ᠤ ᠲᠤᠭᠯᠠᠯᠲᠠ 6 ᠰᠠᠷ᠎ᠠ ᠶᠢᠨ 26 ᠤ ᠡᠳᠦᠷ ᠣᠣᠳᠬ᠎ᠠ ᠲᠡᠭᠦᠯᠲᠡᠷ ᠪᠤᠯᠵᠤ ᠥᠩᠭᠡᠷᠡᠯ᠎ᠡ᠃        ᠨᠠᠮ᠂ ᠡᠬᠡ ᠣᠯᠣᠰ  ᠂ ᠵᠣᠯ ᠵᠢᠷᠭᠠᠯᠠᠩᠲᠣ ᠠᠮᠢᠳᠣᠷᠠᠯ ᠢᠶᠠᠨ ᠮᠠᠭᠲᠠᠨ ᠳᠠᠭᠤᠯᠠᠭᠰᠠᠨ ᠡᠯᠪᠡᠭ ᠪᠠᠶᠠᠯᠢᠭ ᠠᠭᠤᠯᠭ᠎ᠠ ᠲᠠᠢ ᠲᠣᠭᠯᠠᠯᠲᠠ ᠤᠳ ᠨᠢ ᠬᠤᠷᠠᠨ ᠴᠣᠭᠯᠠᠷᠠᠭᠰᠠᠨ ᠦᠵᠡᠭᠴᠢᠳ ᠤᠨ ᠲᠠᠭᠠᠰᠢᠶᠠᠯ ᠳᠤ ᠬᠦᠷᠴᠦ᠂ ᠥᠷᠭᠡᠨ ᠤᠯᠠᠨ ᠮᠠᠯᠴᠢᠨ ᠲᠦᠮᠡᠨ ᠤ ᠡᠳᠦᠷ ᠢᠷᠡᠬᠦᠶ᠎ᠡ ᠰᠠᠭᠠᠷᠳᠠᠭᠳᠠᠵᠤ ᠪᠠᠶᠢᠭ᠎ᠠ ᠰᠤᠶᠤᠯ ᠤᠨ ᠠᠮᠢᠳᠤᠷᠠᠯ ᠤᠨ ᠬᠡᠷᠡᠭᠴᠡᠭᠡ ᠰᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃        ᠤᠩᠨᠢᠭᠤᠳ ᠬᠤᠰᠢᠭᠤᠨ ᠤ ᠰᠢᠨᠡᠰᠦ᠋ᠮ᠎ᠡ ᠰᠤᠮᠦ ᠨᠢ ᠨᠠᠮ ᠤᠨ ᠲᠦᠷᠤ ᠶᠢᠨ ᠪᠤᠳᠣᠯᠭ᠎ᠠ ᠶᠢᠨ ᠲᠣᠶᠠᠭᠠᠯᠠᠯ ᠪᠤᠯᠤᠨ ᠳᠡᠭᠡᠳᠣ ᠱᠠᠲᠣᠨ ᠤ ᠣᠳᠣᠷᠢᠳᠣᠯᠭ᠎ᠠ ᠳᠤᠤᠷ᠎ᠠ᠂ ᠪᠦᠬᠦ ᠰᠣᠮᠣᠨ ᠤ ᠠᠷᠠᠳ ᠲᠦᠮᠡᠨ ᠪᠤᠯᠤᠨ ᠺᠠᠳ᠋ᠷ ᠠᠵᠢᠯᠲᠠᠨ ᠤ ᠬᠠᠮᠲᠣ ᠶᠢᠨ ᠴᠢᠷᠮᠠᠶᠢᠯᠭ᠎ᠠ ᠳᠣᠣᠷ᠎ᠠ ᠨᠡᠶᠢᠭᠡᠮ ᠤᠯᠠᠨ ᠢᠶᠠᠷ ᠬᠦᠭᠵᠢᠵᠦ᠂ ᠠᠷᠠᠳ ᠤᠨ ᠠᠮᠢᠳᠣᠷᠠᠯ ᠡᠳᠦᠷ ᠠᠴᠠ ᠡᠳᠦᠷ ᠰᠠᠶᠢᠵᠢᠷᠠᠨ ᠡᠶ᠎ᠡ ᠵᠤᠬᠢᠴᠠᠯᠲᠣ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠣᠯᠲᠠ ᠳᠤ ᠬᠦᠮᠦᠰ ᠢ ᠪᠠᠶᠠᠷᠯᠠᠭᠤᠯᠣᠮ᠎ᠠ ᠠᠮᠵᠢᠯᠲᠠ ᠤᠯᠤᠭᠰᠠᠨ ᠪᠠᠶᠢᠨ᠎ᠠ᠃ ᠤᠨᠴᠠᠭᠠᠶᠢᠯᠠᠨ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠠᠬᠤ ᠠᠵᠢᠯ ᠢ ᠡᠷᠴᠢᠮᠲᠠᠢ ᠠᠳᠬᠤᠭᠰᠠᠨ ᠢᠶᠠᠷ ᠶᠠᠳᠠᠭᠤ ᠬᠦᠴᠢᠷᠲᠠᠢ ᠠᠶᠢᠯ ᠡᠷᠦᠬᠡ ᠢᠳᠡᠭ ᠢᠳᠡᠭ ᠢᠶᠠᠷ ᠶᠠᠳᠠᠭᠤ ᠠᠴᠠ ᠠᠩᠬᠢᠵᠢᠷᠠᠵᠣ᠂ ᠪᠠᠶᠠᠨ ᠴᠢᠨᠡᠭᠡᠯᠢᠭ ᠰᠠᠶᠢᠨ ᠰᠠᠶᠢᠬᠠᠨ ᠠᠮᠢᠳᠦᠷᠠᠯ ᠢᠶᠠᠨ ᠴᠤᠭᠴᠠᠯᠠᠵᠤ  ᠪᠠᠶᠢᠨ᠎ᠠ᠃                                                                                        ᠡᠷᠳᠡᠨᠢᠳᠦᠭᠦᠷᠡᠭ ᠮᠡᠳᠡᠭᠡᠯᠡᠪᠡ᠃
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号