ᠮᠠᠭᠤ ᠱᠠᠩᠳᠠ ᠬᠠᠩᠭᠠᠨ ᠪᠤᠷᠤᠯᠠᠭᠤᠯᠬᠤ ᠬᠤᠷᠰᠢᠶ᠎ᠠ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠦᠢᠯᠡᠴᠢᠯᠡᠨ ᠲᠠᠷᠢᠶᠠᠴᠢᠳ ᠢᠶᠠᠨ ᠲᠠᠭᠠᠭᠤᠯᠤᠨ ᠪᠠᠶᠠᠵᠢᠯ ᠤᠨ ᠵᠠᠮ ᠢ ᠵᠤᠷᠢᠵᠤ ᠪᠤᠢ
ᠨᠡᠶᠢᠲᠡᠯᠡᠭᠰᠡᠨ ᠴᠠᠭ᠄
2017/7/6
    ᠤᠢᠢᠷ᠎ᠠ ᠶᠢᠨ ᠵᠢᠯ ᠳᠤ᠂ ᠤᠩᠨᠢᠭᠤᠳ ᠬᠤᠰᠢᠭᠤᠨ ᠤ ᠮᠠᠭᠤ ᠱᠠᠩᠳᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠢᠯᠡᠳᠳᠡ ᠦᠷ᠎ᠡ ᠪᠦᠲᠦᠮᠵᠢ ᠤᠯᠵᠤ᠂ ᠬᠤᠰᠢᠭᠤᠨ ᠤ ᠬᠠᠩᠭᠠᠨ ᠪᠤᠷᠤᠯᠠᠭᠤᠯᠬᠤ ᠬᠤᠯᠪᠤᠭᠠᠳᠤ ᠬᠤᠷᠰᠢᠶ᠎ᠠ ᠠᠴᠠ 30 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠤᠩᠨᠢᠭᠤᠳ ᠬᠤᠰᠢᠭᠤᠨ ᠤ ᠺᠠᠢ ᠹᠧᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠳᠤ ᠺᠤᠮᠫᠠᠨᠢ ᠶᠢᠨ ᠰᠠᠭᠤᠷᠢᠨ ᠲᠡᠭᠡᠷ᠎ᠡ᠂ ᠮᠠᠭᠤ ᠱᠠᠩᠳᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠶᠢ ᠰᠡᠷᠬᠦᠭᠡᠨ ᠪᠠᠶᠢᠭᠤᠯᠤᠭᠰᠠᠨ ᠪᠠᠶᠢᠨ᠎ᠠ᠃     ᠲᠤᠰ ᠬᠠᠩᠭᠠᠨ ᠪᠤᠷᠤᠯᠠᠭᠤᠯᠬᠤ ᠬᠤᠷᠰᠢᠶ᠎ᠠ ᠬᠦᠭᠵᠢᠯᠳᠡ ᠶᠢᠨ ᠲᠤᠬᠢᠶᠠᠯ ᠢ ᠡᠵᠡᠮᠳᠡᠵᠤ᠂ ᠡᠵᠡᠩᠨᠡᠯᠳᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠭᠡᠨ᠂ ᠡᠵᠡᠩᠨᠡᠯᠳᠡ ᠶᠢᠨ ᠴᠡᠭ ᠢᠶᠠᠨ ᠨᠡᠮᠡᠭᠳᠡᠬᠦᠯᠵᠤ᠂ ︽ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠲᠠᠷᠢᠶᠠᠴᠢᠨ︾ ᠳᠤ ᠦᠢᠯᠡᠴᠢᠯᠡᠨ ᠬᠦᠳᠡᠭᠡ ᠲᠤᠰᠬᠤᠨ ᠤ ᠬᠦᠭᠵᠢᠯᠳᠡ ᠶᠢ ᠠᠬᠢᠭᠤᠯᠤᠭᠰᠠᠨ ᠪᠠᠶᠢᠨ᠎ᠠ᠃ ᠤᠳᠤᠬᠠᠨ ᠳᠤ᠂ ᠮᠠᠭᠤ ᠱᠠᠩᠳᠠ ᠶᠢᠨ ᠬᠠᠩᠭᠠᠨ ᠪᠤᠷᠤᠯᠠᠭᠤᠯᠬᠤ ᠬᠤᠷᠰᠢᠶᠠᠨ ᠤ ᠡᠵᠡᠩᠨᠡᠯᠳᠡ ᠶᠢᠨ ᠬᠦᠷᠢᠶ᠎ᠡ ᠬᠡᠪᠴᠢᠶ᠎ᠡ ᠡᠳᠦᠷ ᠲᠤᠳᠤᠮ ᠤᠨ ᠬᠡᠷᠡᠭᠯᠡᠬᠡᠨ ᠤ ᠵᠦᠢᠯ᠂ ᠦᠢᠯᠡᠳᠪᠦᠷᠢᠯᠡᠯ ᠤᠨ ᠬᠡᠷᠡᠭᠰᠡᠯ ᠠᠴᠠ ᠪᠠᠷᠢᠯᠭ᠎ᠠ ᠶᠢᠨ ᠮᠠᠲ᠋ᠧᠷᠢᠶᠠᠯ᠂ ᠲᠡᠮᠦᠷᠯᠢᠭ ᠴᠠᠬᠢᠯᠭᠠᠨ ᠤ  ᠮᠠᠲ᠋ᠧᠷᠢᠶᠠᠯ᠂ ᠠᠮᠤ ᠪᠤᠳᠠᠭ᠎ᠠ ᠪᠤᠯᠪᠠᠰᠤᠷᠠᠭᠤᠯᠬᠤ᠂ ᠲᠠᠷᠢᠶᠠᠯᠠᠩ ᠤᠨ ᠮᠠᠰᠢᠨ᠂ ᠭᠠᠵᠠᠷ ᠰᠢᠷᠤᠢ ᠤᠷᠤᠯᠠᠨ ᠬᠠᠮᠢᠶᠠᠷᠬᠤ ᠦᠢᠯᠡᠴᠢᠯᠡᠭᠡ ᠬᠦᠷᠳᠡᠯ᠎ᠡ ᠦᠷᠭᠡᠳᠬᠦ ᠶᠢᠨ ᠬᠠᠮᠳᠤ ᠪᠠᠰᠠ ᠪᠤᠷᠳᠤᠭᠤᠷ ᠢ ᠬᠦᠳᠡᠭᠡ ᠲᠤᠰᠬᠤᠨ ᠳᠤ ᠬᠦᠷᠭᠡᠬᠦ᠂ ᠲᠠᠷᠢᠶᠠᠯᠠᠩ ᠤᠨ ᠮᠡᠷᠭᠡᠵᠢᠯ ᠤᠨ ᠠᠰᠠᠭᠤᠨ ᠰᠤᠷᠪᠤᠯᠵᠢᠯᠠᠬᠤ ᠦᠢᠯᠡᠴᠢᠯᠡᠭᠡ᠂ ᠬᠦᠷᠦᠰᠦ ᠶᠢ ᠬᠡᠮᠵᠢᠨ ᠪᠤᠷᠳᠤᠭᠤᠷ ᠨᠠᠶᠢᠷᠠᠭᠤᠯᠬᠤ᠂  ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠦᠢᠯᠡᠴᠢᠯᠡᠭᠡ ᠬᠠᠩᠭᠠᠵᠤ ᠪᠠᠶᠢᠨ᠎ᠠ᠃ ᠵᠢᠯ ᠤᠨ ᠡᠵᠡᠩᠨᠡᠯᠳᠡ ᠶᠢᠨ ᠲᠤᠮᠳᠠᠴᠢ ᠤᠷᠤᠯᠭ᠎ᠠ 4000 ᠭᠠᠷᠤᠢ ᠲᠦᠮᠡᠨ ᠲᠦᠭᠦᠷᠢᠭ ᠬᠦᠷᠴᠤ᠂ 300 ᠲᠦᠮᠡᠨ ᠲᠦᠭᠦᠷᠢᠭ ᠤᠨ ᠠᠰᠢᠭ ᠤᠷᠤᠯᠭ᠎ᠠ ᠡᠬᠦᠳᠴᠤ ᠪᠤᠢ᠃      ᠮᠠᠭᠤ ᠱᠠᠩᠳᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠨᠢ ᠤᠩᠨᠢᠭᠤᠳ ᠬᠤᠰᠢᠭᠤᠨ ᠤ ᠶᠠᠳᠠᠭᠤ ᠬᠦᠴᠢᠷᠳᠡᠢ ᠰᠢᠶᠠᠩ ᠳᠤ ᠰᠠᠭᠤᠷᠢᠯᠠᠵᠤ᠂ ᠪᠦᠬᠦ ᠰᠢᠶᠠᠩ ᠳᠤ ᠨᠡᠶᠢᠳᠡ 1561 ᠶᠠᠳᠠᠭᠤ ᠬᠦᠴᠢᠷᠳᠡᠢ ᠡᠷᠦᠬᠡ᠂ 3197 ᠶᠠᠳᠠᠭᠤ ᠬᠦᠴᠢᠷᠳᠡᠢ ᠬᠦᠮᠦᠨ ᠠᠮᠠ ᠲᠠᠢ ᠪᠠᠶᠢᠵᠤ᠂ ᠪᠦᠬᠦ ᠬᠤᠰᠢᠭᠤᠨ ᠤ ᠶᠠᠳᠠᠭᠤ ᠬᠦᠴᠢᠷᠳᠡᠢ ᠬᠦᠮᠦᠨ ᠠᠮᠠ ᠶᠢᠨ 11% ᠢ ᠡᠵᠡᠯᠡᠵᠤ ᠪᠠᠶᠢᠨ᠎ᠠ᠃ ᠮᠠᠭᠤ ᠱᠠᠩᠳᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠨᠢ ᠪᠠᠶᠢᠭᠤᠯᠤᠭᠳᠠᠭᠰᠠᠨ ᠠᠴᠠ ᠨᠠᠰᠢ᠂ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠠᠵᠢᠯᠯᠠᠭᠠᠨ ᠳᠤ ᠢᠳᠡᠪᠬᠢᠳᠡᠢ ᠤᠷᠤᠯᠴᠠᠵᠤ᠂ ᠬᠤᠷᠰᠢᠶ᠎ᠠ ᠪᠠᠶᠢᠭᠤᠯᠬᠤ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ᠂ ᠤᠨᠴᠠᠭᠠᠢᠢᠯᠠᠨ ᠶᠠᠳᠠᠭᠤ ᠬᠦᠴᠢᠷᠳᠡᠢ ᠲᠠᠷᠢᠶᠠᠴᠢᠨ ᠡᠷᠦᠬᠡ ᠲᠠᠢ ᠨᠢᠭᠳᠠ ᠬᠠᠷᠢᠴᠠᠭ᠎ᠠ ᠪᠠᠶᠢᠭᠤᠯᠬᠤ ᠪᠠᠷ ᠲᠠᠮᠵᠢᠨ ᠠᠷᠠᠳ‌ᠢ ᠲᠠᠶᠢᠴᠢᠯᠠᠨ‌‍ᠪᠠᠶᠠᠵᠢᠯ ᠤᠨ ᠵᠠᠮ ᠢᠶᠠᠷ ᠵᠠᠮᠨᠠᠭᠰᠠᠨ ᠪᠠᠶᠢᠨ᠎ᠠ᠃       ᠮᠠᠭᠤ ᠱᠠᠩᠳᠠ ᠰᠢᠶᠠᠩ ᠤᠨ ᠡᠬᠢ ᠪᠠᠶᠠᠯᠢᠭ ᠤᠨ ᠪᠠᠶᠢᠳᠠᠯ ᠳᠠᠭᠠᠨ ᠲᠤᠬᠢᠷᠠᠭᠤᠯᠵᠤ᠂ ᠲᠤᠰ ᠬᠠᠩᠭᠠᠨ ᠪᠤᠷᠤᠯᠠᠭᠤᠯᠬᠤ ᠬᠤᠷᠰᠢᠶ᠎ᠠ ᠤᠷᠢᠳ ᠬᠤᠵᠢᠳ ᠤᠩᠨᠢᠭᠤᠳ ᠬᠤᠰᠢᠭᠤᠨ ᠤ ᠯᠦᠩ ᠰᠢᠩ ᠲᠠᠷᠢᠮᠠᠯ ᠤᠨ ᠬᠤᠷᠰᠢᠶ᠎ᠠ ᠵᠡᠷᠭᠡ ᠤᠨᠴᠠᠯᠢᠭᠳᠤ ᠲᠠᠷᠢᠮᠠᠯ ᠤᠨ ᠬᠤᠷᠰᠢᠶ᠎ᠠ ᠪᠠᠶᠢᠭᠤᠯᠵᠠᠢ᠃ 2014 ᠤᠨ ᠠᠴᠠ ᠨᠠᠰᠢ᠂ ᠬᠤᠷᠰᠢᠶ᠎ᠠ ᠨᠢ ︽ᠬᠤᠶᠠᠷ ᠢ ᠲᠠᠶᠢᠴᠢᠯᠠᠨ ᠨᠢᠬᠡ ᠶᠢ ᠪᠠᠳᠤᠯᠠᠬᠤ︾ ᠬᠡᠯᠪᠡᠷᠢ ᠪᠠᠷ 470 ᠡᠷᠦᠬᠡ ᠬᠤᠷᠰᠢᠶ᠎ᠠ ᠶᠢᠨ ᠬᠡᠰᠢᠬᠦᠨ ᠢᠶᠠᠨ ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠵᠤ᠂ 125 ᠶᠠᠳᠠᠭᠤ ᠬᠦᠴᠢᠷᠳᠡᠢ ᠡᠷᠦᠬᠡ ᠶᠢ ᠲᠠᠶᠢᠴᠢᠯᠠᠨ‌‍ᠲ᠋ᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠠᠢ᠃ ᠪᠠᠰᠠ ᠶᠠᠳᠠᠭᠤ ᠬᠦᠴᠢᠷᠳᠡᠢ ᠡᠷᠦᠬᠡ ᠳᠤ ᠵᠢᠬᠡᠯᠡᠯᠬᠡ ᠶᠢᠨ ᠪᠠᠳᠤᠯᠠᠭ᠎ᠠ ᠬᠠᠩᠭᠠᠨ ᠬᠦᠭᠵᠢᠯᠳᠡ ᠶᠢᠨ ᠪᠡᠯᠡ ᠮᠦᠩᠬᠦ ᠬᠤᠷᠠᠮᠳᠤᠭᠤᠯᠵᠤ ᠦᠭᠬᠦ ᠶᠢᠨ ᠬᠠᠮᠳᠤ ᠨᠠᠰᠤ ᠬᠡᠳᠦᠷᠡᠭᠰᠡᠨ ᠪᠤᠯᠪᠠᠴᠤ ᠮᠡᠷᠭᠡᠵᠢᠯ ᠲᠤᠷᠰᠢᠯᠭ᠎ᠠ ᠲᠠᠢ ᠬᠦᠮᠦᠰ ᠲᠤ ᠲᠤᠤᠷ᠎ᠠ ᠬᠦᠦ ᠮᠦᠩᠬᠦ ᠶᠢᠨ ᠵᠢᠬᠡᠯᠡᠯᠬᠡ ᠤᠯᠭᠤᠭᠰᠠᠨ ᠪᠠᠶᠢᠨ᠎ᠠ᠃ ᠬᠤᠷᠰᠢᠶᠠᠨ ᠤ ᠬᠡᠰᠢᠬᠦᠨ ᠨᠢᠬᠡ ᠮᠦ ᠤᠰᠤᠯᠠᠯᠳᠠ ᠶᠢᠨ ᠲᠠᠷᠢᠶ᠎ᠠ ᠳᠤ 440 ᠲᠦᠬᠦᠷᠢᠭ ᠤᠨ ᠪᠡᠯᠡ‌ᠤᠷᠤᠭᠤᠯᠤᠭᠰᠠᠨ ᠤ ᠲᠠᠷᠠᠭ᠎ᠠ ᠭᠠᠵᠠᠷ ᠬᠠᠭᠠᠯᠪᠤᠷᠢᠯᠠᠬᠤ᠂ ᠲᠡᠭᠰᠢᠯᠡᠬᠦ ᠪᠠ ᠪᠦᠷᠬᠦᠪᠴᠢ ᠪᠦᠷᠬᠦᠬᠦ ᠦᠢᠯᠡᠴᠢᠯᠡᠭᠡ ᠶᠢ ᠬᠦᠷᠳᠡᠵᠤ ᠪᠤᠯᠤᠨ᠎ᠠ᠃ ᠬᠤᠷᠰᠢᠶᠠᠨ ᠤ ᠬᠡᠰᠢᠬᠦᠳ ᠤᠨ ᠲᠠᠷᠢᠶᠠᠨ ᠭᠠᠵᠠᠷ ᠢᠶᠠᠷ ᠰᠠᠭᠤᠷᠢ ᠪᠤᠯᠭᠠᠵᠤ᠂ ᠡᠯᠳᠡᠪ ᠠᠮᠤ ᠡᠯᠳᠡᠪ ᠪᠤᠷᠴᠠᠭ ᠤᠨ ᠠᠵᠤ ᠦᠢᠯᠡᠰ ᠢ ᠬᠦᠭᠵᠢᠬᠦᠯᠵᠤ᠂ ᠬᠤᠷᠰᠢᠶ᠎ᠠ ᠠᠴᠠ ᠲᠠᠷᠢᠶᠠᠯᠠᠩ ᠤᠨ ᠬᠡᠷᠡᠭᠰᠡᠯ ᠢ ᠤᠷᠤᠭᠤᠯᠤᠭᠰᠠᠨ ᠬᠠᠩᠰᠢ ᠪᠠᠷ ᠨᠢ ᠬᠤᠷᠰᠢᠶᠠᠨ ᠤ ᠬᠡᠰᠢᠬᠦᠳ ᠲᠤ ᠬᠠᠩᠭᠠᠵᠤ᠂ ᠵᠢᠯ ᠪᠦᠷᠢ 2000 ᠲᠤᠨ ᠪᠤᠷᠳᠤᠭᠤᠷ ᠬᠤᠳᠠᠯᠳᠤᠨ ᠪᠤᠷᠤᠯᠠᠭᠤᠯᠵᠤ᠂ ᠲᠤᠨ ᠪᠦᠷᠢ ᠶᠢ 80 ᠲᠦᠭᠦᠷᠢᠭ ᠬᠢᠮᠳᠠᠷᠠᠬᠤ ᠶᠢᠨ ᠬᠠᠮᠳᠤ ᠭᠠᠵᠠᠷ ᠰᠢᠷᠤᠢ ᠶᠢ ᠬᠢᠨᠠᠨ ᠰᠢᠯᠭᠠᠬᠤ ᠵᠤᠷ᠂ ᠲᠠᠷᠢᠶᠠᠯᠠᠩ ᠤᠨ ᠮᠠᠰᠢᠨ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠡᠷᠭᠡ ᠦᠢᠯᠡᠴᠢᠯᠡᠭᠡ ᠬᠠᠩᠭᠠᠵᠤ ᠪᠠᠶᠢᠨ᠎ᠠ᠃ ᠬᠤᠷᠰᠢᠶ᠎ᠠ ᠠᠴᠠ ᠲᠠᠷᠢᠶᠠᠯᠠᠩ ᠤᠨ ᠪᠦᠲᠦᠭᠡᠭᠳᠡᠬᠦᠨ ᠢ ᠵᠢᠩ ᠪᠦᠷᠢ ᠶᠢ ᠨᠢ ᠵᠠᠬ᠎ᠠ ᠲᠡᠯᠭᠡᠬᠦᠷ ᠤᠨ ᠦᠨ᠎ᠡ ᠠᠴᠠ 2 - 5 ᠮᠦᠩᠬᠦ ᠦᠨᠳᠦᠷ ᠬᠠᠩᠰᠢ ᠪᠠᠷ ᠬᠤᠷᠢᠶᠠᠨ ᠠᠪᠴᠤ᠂ ᠶᠠᠳᠠᠭᠤ ᠬᠦᠴᠢᠷᠳᠡᠢ ᠡᠷᠦᠬᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠵᠢᠩ ᠪᠦᠷᠢ ᠶᠢ ᠨᠢ ᠵᠠᠬ᠎ᠠ ᠲᠡᠯᠭᠡᠬᠦᠷ ᠤᠨ ᠦᠨ᠎ᠡ ᠠᠴᠠ 0.3 ᠲᠦᠭᠦᠷᠢᠭ ᠦᠨᠳᠦᠷ ᠬᠠᠩᠰᠢ ᠪᠠᠷ ᠬᠤᠷᠢᠶᠠᠨ ᠠᠪᠴᠤ ᠪᠤᠢ᠃         ᠤᠳᠤᠬᠠᠨ ᠳᠤ᠂ ᠬᠤᠷᠰᠢᠶᠠᠨ ᠤ ᠬᠡᠰᠢᠬᠦᠨ ᠤ ᠬᠦᠮᠦᠨ ᠲᠤᠮᠳᠠᠴᠢ ᠶᠢᠨ ᠤᠷᠤᠯᠭ᠎ᠠ 2000 ᠲᠦᠭᠦᠷᠢᠭ ᠠᠴᠠ ᠲᠡᠭᠡᠭᠰᠢ ᠨᠡᠮᠡᠭᠳᠡᠵᠤ᠂ ᠶᠠᠳᠠᠭᠤ ᠬᠦᠴᠢᠷᠳᠡᠢ ᠡᠷᠦᠬᠡ ᠶᠢᠨ ᠬᠦᠮᠦᠨ ᠲᠤᠮᠳᠠᠴᠢ ᠶᠢᠨ ᠤᠷᠤᠯᠭ᠎ᠠ 2800 ᠲᠦᠬᠦᠷᠢᠭ ᠠᠴᠠ ᠲᠡᠭᠡᠭᠰᠢ ᠨᠡᠮᠡᠭᠳᠡᠵᠡᠢ᠃ ᠬᠤᠷᠰᠢᠶᠠᠨ ᠳᠤ ᠬᠦᠴᠦ ᠶᠠᠪᠤᠵᠤ ᠪᠠᠶᠢᠭ᠎ᠠ ᠶᠠᠳᠠᠭᠤ ᠬᠦᠴᠢᠷᠳᠡᠢ ᠡᠷᠦᠬᠡ ᠶᠢᠨ ᠰᠠᠷ᠎ᠠ ᠶᠢᠨ ᠴᠠᠯᠢᠩ 3000 ᠲᠦᠭᠦᠷᠢᠭ ᠠᠴᠠ ᠲᠤᠷᠤᠭᠰᠢ ᠪᠠᠶᠢᠵᠤ ᠪᠤᠯᠬᠤ ᠦᠬᠡᠢ ᠪᠠᠷ ᠲᠤᠭᠳᠠᠵᠤ᠂ ᠬᠤᠷᠰᠢᠶᠠᠨ ᠤ ᠲᠠᠶᠢᠴᠢᠯᠠᠯᠳᠠ ᠲᠤᠤᠷ᠎ᠠ ᠨᠢᠬᠡᠨᠳᠡ 3 ᠲᠦᠮᠡᠨ ᠮᠦ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠭᠵᠢᠬᠦᠯᠵᠤ᠂ ᠤᠢᠢᠷ᠎ᠠ ᠬᠠᠪᠢ ᠶᠢᠨ 2.3 ᠲᠦᠮᠡᠨ ᠡᠷᠦᠬᠡ ᠶᠢᠨ ᠬᠦᠮᠦᠨ ᠲᠤᠮᠳᠠᠴᠢ ᠪᠠᠷ ᠤᠷᠤᠯᠭ᠎ᠠ ᠶᠢ 1200 ᠲᠦᠭᠦᠷᠢᠭ ᠨᠡᠮᠡᠭᠳᠡᠬᠦᠯᠵᠡᠢ᠃         ᠵᠠᠬ᠎ᠠ ᠲᠡᠯᠬᠡᠬᠦᠷ ᠤᠨ ᠦᠷᠢᠰᠦᠯᠳᠦᠬᠦ ᠬᠦᠴᠦᠨ ᠢᠶᠠᠨ ᠤᠯᠠᠮ ᠢᠶᠠᠷ ᠴᠢᠩᠭᠠᠷᠠᠭᠤᠯᠵᠤ᠂ ᠲᠤᠰ ᠬᠤᠷᠰᠢᠶ᠎ᠠ ᠨᠢ ᠤᠷᠢᠳ ᠬᠤᠵᠢᠳ ᠡᠷᠳᠡᠨᠢ ᠰᠢᠰᠢ ᠬᠠᠳᠠᠭᠠᠬᠤ ᠤᠳᠤᠬᠢᠴᠢᠯᠠᠭᠰᠠᠨ ᠮᠠᠶ᠋ᠢᠭ ᠤᠨ ᠰᠤᠪᠤᠷᠭ᠎ᠠ᠂ ᠰᠠᠭᠠᠭ ᠢ ᠨᠠᠷᠢᠯᠢᠭ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠶᠠᠫᠤᠨ᠂ ᠺᠤᠷᠢᠶᠠ᠂ ᠤᠷᠤᠰ ᠵᠡᠷᠭᠡ ᠤᠯᠤᠰ ᠢᠶᠠᠷ ᠠᠮᠤ ᠪᠤᠳᠠᠭ᠎ᠠ ᠪᠤᠷᠤᠯᠠᠭᠤᠯᠬᠤ ᠶᠢᠨ ᠬᠠᠮᠳᠤ ︽ᠲᠦ᠋ ᠱᠠᠨ ᠭᠸᠦ︾ ᠪᠤᠯᠤᠨ ︽ᠮᠤᠤ ᠯᠦᠩ ᠸᠠᠨ︾ ᠬᠤᠶᠠᠷ ᠲᠡᠸᠠᠷ ᠤᠨ ᠲᠡᠮᠳᠡᠭ ᠢ ᠲᠠᠩᠰᠠᠯᠠᠭᠤᠯᠵᠤ᠂ ᠪᠡᠬᠡᠵᠢᠩ᠂ ᠱᠠᠩᠬᠠᠢ᠂ ᠵᠧᠩᠵᠸᠦ ᠵᠡᠷᠭᠡ ᠲᠤᠮᠤ ᠲᠤᠮᠳᠠ ᠬᠡᠯᠪᠡᠷᠢ ᠶᠢᠨ ᠬᠤᠳᠠ ᠪᠠᠷ ᠪᠤᠷᠤᠯᠠᠭᠤᠯᠭ᠎ᠠ ᠶᠢᠨ ᠴᠡᠭ ᠭᠠᠷᠭᠠᠭᠰᠠᠨ ᠪᠠᠶᠢᠨ᠎ᠠ᠃                                                                                                        ᠨᠠᠶᠢᠷᠠᠭᠤᠯᠤᠭᠴᠢ᠄ ᠭᠡᠭᠡᠨᠳᠤᠶᠠᠭ᠎ᠠ
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号