ᠰᠤᠷᠭᠠᠭᠤᠯᠢ ᠵᠤᠨ ᠤ ᠠᠮᠠᠷᠠᠯᠳᠠ ᠲᠠᠯᠪᠢᠬᠤ ᠲᠠᠢ ᠵᠡᠷᠭᠡ ᠬᠡᠷ ᠤᠨ ᠠᠬᠠᠮᠠᠳᠴᠤᠤᠯ ᠤᠷᠤᠯᠳᠤᠵᠤ | ᠮᠦᠷᠦ᠋ᠢᠴᠡᠵᠤ ᠪᠠᠶᠢᠭ᠎ᠠ ᠰᠢᠬ ᠢᠶᠠᠷ ᠦᠷ᠎ᠠ ᠬᠡᠦᠬᠡᠳ ᠢᠶᠠᠨ ᠡᠨᠡ ᠲᠡᠷᠡ ᠲᠠᠪᠳᠠᠬᠤ ᠠᠩᠬᠢ᠂ ᠪᠤᠯᠪᠠᠰᠤᠷᠠᠯ ᠤᠨ | ᠬᠢᠴᠢᠶᠠᠯ ᠳᠤ ᠰᠠᠭᠤᠯᠭᠠᠬᠤ ᠬᠡᠵᠤ ᠶᠠᠭᠠᠷᠠᠯᠳᠤᠨ᠎ᠠ᠃ ᠵᠢᠷᠤᠬ ᠪᠢᠴᠢᠯᠬᠡ᠂ ᠲᠠᠭᠤᠤ ᠬᠦᠭᠵᠢᠮ᠂ ᠲᠤᠭᠠᠨ ᠤ ᠤᠬᠠᠭᠠᠨ | ᠂ ᠵᠤᠬᠢᠶᠠᠨ ᠪᠢᠴᠢᠯᠬᠡ᠂ ᠭᠠᠳᠠᠭᠠᠳᠤ ᠬᠡᠯᠡ᠂ ᠴᠢᠨᠠᠬᠰᠢᠯᠠᠨ ᠬᠦᠯ ᠪᠦᠮᠪᠦᠭᠡ᠂ ᠨᠢᠳᠤᠷᠭᠠᠨ ᠡᠷᠳᠡᠮ ᠬᠡᠵᠤ ᠲᠤᠭᠠᠯᠠᠵᠤ | ᠪᠦᠷᠢᠳᠬᠡᠬᠡᠳ ᠪᠠᠷᠠᠰᠢ ᠦᠬᠡᠢ ᠪᠤᠯᠪᠠᠰᠤᠷᠠᠯ ᠲᠠᠰᠬᠠᠯ ᠳᠤ ᠤᠷᠤᠯᠴᠠᠭᠤᠯᠵᠤ᠂ ᠦᠷ᠎ᠠ ᠬᠡᠦᠬᠡᠳ ᠨᠢ ᠦᠢᠯᠡ ᠪᠠᠨ | ᠦᠵᠡᠵᠤ᠂ ᠦᠪᠡᠷ ᠤᠨ ᠪᠠᠶ᠎ᠠ ᠨᠢ ᠴᠤ ᠤᠯᠵᠠ ᠬᠡᠵᠤ ᠲᠤᠩ ᠬᠤᠮᠰᠠ ᠪᠠᠶᠢᠳᠠᠬ᠃ | ᠦᠪᠡᠷ ᠤᠨ ᠰᠤᠷᠴᠤ ᠲᠡᠶᠢᠯᠦᠭᠰᠡᠨ ᠦᠬᠡᠢ᠂ ᠡᠵᠡᠮᠰᠢᠵᠤ ᠤᠯᠤᠬᠰᠠᠨ ᠦᠬᠡᠢ᠂ ᠬᠦᠷᠴᠤ ᠴᠢᠳᠠᠬᠰᠠᠨ ᠦᠬᠡᠢ | ᠠᠯᠢ ᠪᠠᠶᠢᠬᠰᠠᠨ ᠬᠦᠰᠡᠯ ᠢᠳᠡᠬᠡᠯ ᠢᠶᠠᠨ ᠬᠡᠦᠬᠡᠳ ᠲᠡᠭᠡᠨ ᠲᠤᠬᠤᠵᠤ᠂ ᠤᠯᠠᠨ ᠠᠴᠠ ᠤᠷᠦ᠋ᠢᠯᠠᠬᠰᠠᠨ ᠴᠢᠳᠠᠪᠤᠷᠢᠳᠠᠨ | ᠪᠤᠯᠵᠤ ᠶᠠᠪᠤᠬᠤ ᠶᠢ ᠬᠦᠰᠡᠵᠤ ᠨᠠᠶᠢᠳᠠᠵᠤ ᠴᠢᠨᠠᠬᠰᠢᠯᠠᠨ ᠬᠠᠷ᠎ᠠ ᠠᠯᠪᠠ ᠪᠠᠷ ᠰᠢᠬᠠᠮᠳᠠᠭᠤᠯᠤᠨ ᠬᠦᠢᠴᠡᠳᠬᠡᠬᠦ ᠬᠡᠵᠤ | ᠵᠢᠳᠬᠦᠳᠡᠭ ᠨᠢ ᠮᠠᠨᠠᠶᠢᠬᠢᠨ ᠤ ᠬᠢᠳᠡᠯ ᠠᠪᠳᠠᠯ ᠶᠤᠮ᠃ ᠲᠡᠬᠡᠬᠡᠳ ᠯᠡ ᠡᠨᠡ ᠪᠦᠬᠦᠢ ᠵᠤᠷᠢᠯᠳᠠ ᠳᠤ ᠬᠦᠷᠬᠦ ᠵᠠᠮ | ᠮᠦᠷ ᠢᠶᠠᠨ ᠲᠠᠪᠳᠠᠬᠤ ᠠᠩᠬᠢ᠂ ᠪᠤᠯᠪᠠᠰᠤᠷᠠᠯ ᠤᠨ ᠬᠢᠴᠢᠶᠠᠯ ᠢᠶᠠᠷ ᠪᠡᠶᠡᠯᠡᠬᠦᠯᠬᠦ ᠬᠡᠵᠤ ᠴᠠᠬ ᠢᠶᠠᠨ ᠵᠠᠷᠤᠴᠠᠭᠤᠯᠵᠤ᠂ | ᠵᠤᠭᠤᠰ ᠢᠶᠠᠨ ᠦᠷᠡᠬᠡᠵᠤ᠂ ᠪᠠᠰᠠ ᠴᠢᠳᠠᠯ ᠢᠶᠠᠨ ᠦᠵᠡᠯᠴᠡᠨᠠ᠃ | ᠬᠡᠦᠬᠡᠳ ᠢᠶᠠᠨ ᠠᠮᠠᠷᠠᠯᠳᠠ ᠶᠢᠨ ᠬᠤᠭᠤᠴᠠᠭᠠᠨ ᠳᠤ ᠰᠢᠮᠳᠡᠨ ᠰᠤᠷᠤᠯᠴᠠᠭᠤᠯᠵᠤ᠂ ᠡᠷᠳᠡ ᠠᠴᠠ | ᠰᠤᠷᠤᠯᠴᠠᠭᠤᠯᠵᠤ᠂ ᠢᠯᠡᠬᠦᠬᠡᠨ ᠰᠤᠷᠤᠯᠴᠠᠭᠤᠯᠵᠤ᠂ ᠤᠢᠢᠯᠠᠭᠠᠭᠤᠯᠵᠤ ᠡᠵᠡᠮᠰᠢᠭᠦᠯᠵᠤ ᠲᠡᠭᠡᠭᠰᠢᠯᠡᠬᠦᠯᠬᠦ ᠬᠡᠳᠡᠭ | ᠬᠡᠷ ᠤᠨ ᠠᠬᠠᠮᠠᠳ ᠤᠨ ᠪᠤᠳᠤᠯ ᠰᠡᠳᠬᠢᠯ ᠢ ᠬᠡᠨ ᠴᠤ ᠤᠢᠢᠯᠠᠭᠠᠵᠤ ᠪᠤᠯᠤᠨ᠎ᠠ᠃ ᠠᠰᠠᠭᠤᠳᠠᠯ ᠨᠢ ᠬᠡᠪᠡᠯ | ᠠᠬᠠᠮᠠᠳᠴᠤᠤᠯ ᠤᠨ ᠵᠤᠭᠤᠰ ᠮᠦᠡᠭᠬᠦ ᠶᠢᠨ ᠤᠷᠤᠭᠤᠯᠤᠯᠳᠠ ᠨᠢ ᠬᠦᠰᠡᠵᠤ ᠵᠤᠷᠢᠬᠰᠠᠨ ᠬᠠᠷᠢᠭᠤ ᠪᠠᠨ ᠤᠯᠵᠤ | ᠲᠡᠶᠢᠯᠬᠦ ᠨᠢ ᠬᠡᠳᠦ ᠯᠡ ᠪᠠᠶᠢᠬᠤᠪ ᠳ᠋ᠠ᠃ ᠬᠡᠦᠬᠡᠳ ᠤᠨ ᠪᠠᠶ᠎ᠠ ᠰᠡᠳᠬᠢᠯ ᠤᠨ ᠤᠨᠴᠠᠯᠢᠬ ᠪᠤᠯᠤᠨ ᠰᠤᠷᠭᠠᠨ | ᠬᠦᠮᠦᠵᠢᠯ ᠤᠨ ᠵᠢᠮ᠎ᠠ ᠶᠤᠰᠤ ᠨᠢ ᠪᠢᠳᠡᠨ ᠳᠤ ᠪᠠᠶᠢᠳᠠᠯ ᠳᠤᠨᠢ ᠲᠤᠬᠢᠷᠠᠭᠤᠯᠤᠨ ᠵᠢᠭᠠᠨ ᠰᠤᠷᠭᠠᠵᠤ᠂ ᠬᠦᠮᠦᠵᠢᠯ ᠤᠨ | ᠲᠤᠮᠳᠠ ᠠᠴᠠ ᠪᠠᠶᠠᠷ ᠴᠡᠩᠭᠡᠯ ᠡᠳ᠋ᠯᠡᠬᠦᠯᠦᠨ᠂ ᠬᠦᠮᠦᠵᠢᠯ ᠤᠨ ᠲᠤᠮᠳᠠ ᠠᠴᠠ ᠲᠠᠪᠠᠭᠤᠯᠢᠬ ᠢ ᠨᠢ ᠪᠠᠳᠠᠷᠠᠭᠤᠯᠬᠤ | ᠬᠡᠳᠡᠭ ᠪᠤᠷᠤᠬᠵᠢᠭᠤᠨ ᠶᠤᠰᠤ ᠤᠴᠢᠷ ᠢ ᠶᠠᠷᠢᠵᠤ ᠦᠭᠬᠦᠭᠰᠡᠨ ᠪᠢᠯᠠ᠃ ᠲᠡᠬᠡᠬᠦ ᠪᠠᠷ ᠬᠡᠦᠬᠡᠳ ᠲᠠᠢ ᠪᠠᠨ ᠬᠠᠨᠢᠰᠤᠨ | ᠨᠠᠭᠠᠳᠬᠤ ᠤᠯᠳᠠᠰᠢ ᠦᠬᠡᠢ ᠰᠠᠶᠢᠬᠠᠨ ᠴᠠᠬ ᠲᠠᠭᠠᠨ ᠦᠷᠦᠬᠡᠯ ᠪᠤᠰᠤᠳ ᠲᠤ ᠲᠤᠰᠢᠶᠠᠵᠤ ᠦᠭᠬᠦᠬᠡᠳ ᠵᠢᠭᠠᠵᠤ | ᠰᠤᠷᠭᠠᠬᠤ ᠶᠢ ᠨᠠᠶᠢᠳᠠᠬᠤ ᠠᠴᠠ ᠦᠪᠡᠷ ᠤᠨ ᠬᠠᠵᠠᠭᠤ ᠳᠠᠭᠠᠨ ᠬᠡᠦᠬᠡᠳ ᠢᠶᠠᠨ ᠢᠯᠡᠬᠦᠦ ᠪᠠᠶᠢᠯᠭᠠᠵᠤ᠂ ᠪᠤᠳᠠᠳᠠᠢ | ᠪᠠᠶᠢᠳᠠᠯ ᠳᠤᠨᠢ ᠲᠤᠬᠢᠷᠠᠭᠤᠯᠤᠨ᠂ ᠴᠢᠭᠯᠡᠬᠦᠯᠦᠯᠳᠤ ᠴᠢᠨᠠᠷᠳᠠᠢ ᠪᠠᠷ ᠵᠢᠭᠠᠨ ᠰᠤᠷᠭᠠᠪᠠᠯ ᠰᠠᠶ᠋ᠢ ᠪᠡᠶᠡᠴᠢᠯᠡᠵᠤ | ᠬᠦᠢᠴᠡᠳᠬᠡᠵᠤ ᠪᠤᠯᠤᠮᠠᠷ ᠬᠦᠮᠦᠵᠢᠯ ᠪᠤᠯᠤᠨ᠎ᠠ ᠬᠡᠵᠤ ᠪᠢ ᠦᠵᠡᠨ᠎ᠠ᠃ | ᠤᠴᠢᠷ ᠨᠢ ᠬᠡᠷ ᠤᠨ ᠠᠬᠠᠮᠠᠳ ᠨᠢ ᠰᠠᠶ᠋ᠢ ᠬᠡᠦᠬᠡᠳ ᠢᠶᠠᠨ ᠲᠤᠤᠱᠳᠠᠢ ᠤᠢᠢᠯᠠᠭᠠᠵᠤ᠂ ᠲᠠᠪᠠᠭᠤᠯᠢᠬ ᠪᠠ | ᠲᠤᠳᠠᠬᠳᠠᠯ ᠢ ᠨᠢ ᠮᠡᠳᠡᠳᠡᠭ ᠪᠤᠯᠬᠤᠷ ᠪᠤᠳᠠᠳᠠᠢ ᠳᠤᠨᠢ ᠴᠢᠭᠯᠡᠬᠦᠯᠦᠨ ᠰᠤᠷᠭᠠᠬᠤ ᠳᠤ ᠨᠡᠩ ᠲᠤᠬᠢᠷᠠᠮᠵᠢᠳᠠᠢ ᠪᠠᠶᠢᠳᠠᠬ᠃ | ᠬᠡᠦᠬᠡᠳ ᠴᠤ ᠦᠰᠬᠦ ᠲᠤᠳᠤᠮ ᠢᠶᠠᠨ ᠮᠡᠳᠡᠯᠬᠡ ᠶᠢᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠠᠴᠠ ᠭᠠᠳᠠᠨ᠎ᠠ ᠪᠠᠰᠠ | ᠬᠠᠶᠢᠷ᠎ᠠ ᠰᠡᠳᠬᠢᠯᠬᠡ ᠶᠢᠨ ᠲᠠᠯ᠎ᠠ ᠶᠢᠨ ᠬᠠᠨᠤᠮᠵᠢ᠂ ᠦᠷᠳᠡᠭ ᠤᠨ ᠦᠵᠡᠯᠳᠡ ᠶᠢᠨ ᠬᠦᠳᠦᠯᠦᠮᠵᠢ᠂ ᠰᠤᠷᠬᠤ ᠶᠢᠨ | ᠬᠦᠳᠡᠯᠬᠡᠬᠦ ᠬᠦᠴᠦᠨ ᠤ ᠲᠠᠯ᠎ᠠ ᠶᠢᠨ ᠵᠤᠷᠢᠬᠵᠢᠭᠤᠯᠤᠯ ᠢ ᠬᠡᠷᠡᠭᠰᠡᠳᠡᠭ᠃ ᠦᠯᠡᠮᠵᠢ ᠤᠯᠠᠨ ᠪᠤᠳᠠᠳᠤ ᠶᠠᠪᠤᠳᠠᠯ | ᠬᠡᠷᠡᠴᠢᠯᠡᠭᠰᠡᠨ ᠨᠢ ᠠᠪᠤ ᠡᠵᠢ ᠨᠢ ᠬᠠᠵᠠᠭᠤ ᠳᠤ ᠨᠢ ᠪᠠᠶᠢᠭ᠎ᠠ ᠬᠦᠮᠦᠵᠢᠯ ᠪᠤᠯ ᠬᠠᠮᠤᠭ ᠤᠨ ᠭᠤᠶᠤ ᠰᠠᠶᠢᠬᠠᠨ ᠪᠦᠬᠡᠳ | ᠬᠠᠮᠤᠭ ᠤᠨ ᠦᠷ᠎ᠠ ᠪᠦᠲᠦᠮᠵᠢᠳᠠᠢ ᠬᠦᠮᠦᠵᠢᠯ ᠪᠤᠯᠤᠨ᠎ᠠ᠃ ᠠᠪᠤ ᠡᠵᠢ ᠨᠢ ᠦᠨᠳᠤᠷ ᠴᠢᠨᠡᠷ ᠴᠢᠨᠰᠠᠭ᠎ᠠ ᠪᠠᠷ | ᠬᠡᠦᠬᠡᠳ ᠲᠤ ᠪᠠᠨ ᠬᠠᠨᠢᠰᠬᠤ ᠳᠤ ᠬᠡᠦᠬᠡᠳ ᠬᠠᠮᠤᠭ ᠤᠨ ᠠᠮᠤᠷ ᠲᠦᠪᠰᠢᠨ ᠤ ᠲᠦᠷᠦᠭᠳᠡᠯ ᠲᠠᠢ᠂ ᠵᠤᠯ ᠵᠢᠷᠭᠠᠯ ᠤᠨ | ᠬᠦᠷᠳᠡᠮᠵᠢ ᠲᠠᠢ ᠪᠤᠯᠵᠤ᠂ ᠤᠨᠳᠤᠷᠤᠭᠠᠳ ᠪᠠᠷᠠᠰᠢ ᠦᠬᠡᠢ ᠰᠤᠷᠬᠤᠢ ᠶᠢᠨ ᠬᠦᠴᠦᠨ ᠴᠢᠳᠠᠯ ᠬᠦᠷᠳᠡᠵᠤ᠂ ᠤᠤᠯ ᠤᠨ | ᠲᠡᠶᠢᠮᠦᠷᠬᠦ ᠠᠯᠪᠠᠳᠠᠯᠭ᠎ᠠ ᠪᠠᠷ ᠰᠤᠷᠴᠤ ᠪᠠᠶᠢᠬᠰᠠᠨ ᠠᠴᠠ ᠪᠠᠨ ᠰᠠᠨᠠᠭᠠᠴᠢᠯᠠᠭ᠎ᠠ ᠠᠴᠠ ᠪᠠᠨ ᠰᠤᠷᠬᠤ ᠪᠤᠯᠳᠠᠬ᠃ | ᠠᠪᠤ ᠡᠵᠢ ᠪᠤᠯᠤᠬᠰᠠᠳ ᠡᠶᠢᠮᠦ ᠨᠢᠬᠡ ᠶᠤᠰᠤ ᠤᠴᠢᠷ ᠢ ᠤᠬᠠᠵᠤ ᠪᠤᠯᠤᠨ᠎ᠠ᠃ ᠲᠡᠷᠤᠢ ᠵᠤᠭᠤᠰ ᠮᠦᠡᠭᠬᠦ ᠬᠡᠳᠦᠢ | ᠵᠠᠷᠤᠴᠠᠭᠤᠯᠪᠠᠯ ᠬᠡᠦᠬᠡᠳ ᠲᠤ ᠴᠢᠨᠢ ᠲᠡᠳᠦᠢ ᠰᠠᠶᠢᠨ᠂ ᠲᠡᠳᠦᠢ ᠠᠰᠢᠬᠳᠠᠢ ᠬᠡᠰᠡᠨ ᠶᠠᠪᠤᠳᠠᠯ ᠪᠤᠰᠤ᠂ ᠬᠠᠷᠢᠨ | ᠬᠡᠦᠬᠡᠳ ᠤᠨ ᠠᠮᠠᠷᠠᠯᠳᠠ ᠶᠢᠨ ᠴᠠᠬ ᠢ ᠤᠳᠬ᠎ᠠ ᠠᠭᠤᠯᠭ᠎ᠠ ᠲᠠᠢ ᠪᠤᠯᠭᠠᠶ᠎ᠠ ᠬᠡᠪᠡᠯ ᠠᠪᠤ ᠡᠵᠢ ᠨᠢ ᠵᠠᠪᠠᠯ ᠬᠡᠦᠬᠡᠳ ᠢᠶᠠᠨ | ᠬᠠᠵᠠᠭᠤ ᠳᠤ ᠪᠠᠨ ᠪᠠᠶᠢᠯᠭᠠᠵᠤ᠂ ᠵᠤᠭᠤᠬᠳᠠᠵᠤ ᠪᠤᠯᠤᠨ᠎ᠠ᠂ ᠨᠠᠭᠠᠳᠴᠤ ᠪᠤᠯᠤᠨ᠎ᠠ᠂ ᠵᠤᠭᠠᠴᠠᠵᠤ ᠲᠤᠭᠤᠷᠢᠵᠤ ᠪᠤᠯᠤᠨ᠎ᠠ | ᠂ ᠪᠠᠰᠠ ᠴᠤᠭᠭᠠᠷ ᠰᠡᠳᠦᠪ ᠲᠠᠭᠠᠵᠤ ᠰᠤᠳᠤᠯᠭᠠᠨ ᠵᠠᠳᠠᠯᠤᠯᠳᠠ ᠬᠢᠵᠤ ᠴᠤ ᠪᠤᠯᠬᠤ ᠶᠤᠮ᠃ ᠢᠡᠭᠬᠢᠬᠦ ᠪᠠᠷ ᠬᠡᠦᠬᠡᠳ | ᠠᠪᠤ ᠡᠵᠢ ᠲᠠᠢ ᠪᠠᠨ ᠬᠠᠮᠳᠤ ᠪᠠᠶᠢᠬᠤ ᠶᠢᠨ ᠪᠠᠶᠠᠷ ᠴᠡᠩᠭᠡᠯ ᠢ ᠡᠳ᠋ᠯᠡᠨ ᠦᠷ᠎ᠠ ᠳ᠋ᠦᠡᠭ ᠨᠢ ᠴᠤ ᠰᠠᠶᠢᠨ ᠪᠦᠬᠡᠳ | ᠬᠦᠮᠦᠵᠢᠯ ᠰᠤᠷᠭᠠᠯ ᠬᠡᠳᠡᠭ ᠴᠢᠨᠢ ᠨᠡᠩ ᠴᠤ ᠬᠠᠯᠠᠭᠤᠨ ᠲᠤᠯᠠᠭᠠᠨ ᠪᠦᠬᠡᠳ ᠪᠠᠶᠠᠯᠢᠬ ᠠᠭᠤᠯᠭ᠎ᠠ ᠲᠠᠢ ᠪᠤᠯᠵᠤ | ᠢᠷᠡᠳᠡᠭ᠃ ᠬᠠᠮᠤᠭ ᠤᠨ ᠰᠠᠶᠢᠨ ᠬᠦᠮᠦᠵᠢᠯ ᠬᠡᠬᠦ ᠠᠴᠠ ᠪᠢᠳᠡ ᠬᠠᠷᠢᠨ ᠬᠠᠮᠤᠭ ᠤᠨ ᠵᠤᠬᠢᠰᠳᠠᠢ ᠬᠦᠮᠦᠵᠢᠯ ᠬᠡᠵᠤ | ᠵᠤᠷᠢᠪᠠᠯ ᠨᠡᠩ ᠵᠦᠬᠡᠷ ᠪᠠᠶᠢᠬ᠎ᠠ᠃ ᠬᠡᠬᠦ ᠳᠡᠭᠡᠨ ᠡᠬᠦᠨ ᠢ ᠪᠡᠶᠡᠯᠡᠬᠦᠯᠬᠦ ᠬᠠᠮᠤᠭ ᠤᠨ ᠲᠤᠬᠢᠳᠠᠢ ᠪᠦᠬᠡᠳ ᠲᠦᠳᠡ ᠵᠠᠮ | ᠪᠤᠯ ᠬᠡᠦᠬᠡᠳ ᠲᠡᠭᠡᠨ ᠬᠠᠨᠢᠰᠴᠤ᠂ ᠰᠤᠷᠬᠤ ᠶᠢᠨ ᠬᠦᠳᠡᠯᠬᠡᠬᠦ ᠬᠦᠴᠦᠨ ᠪᠠ ᠠᠷᠭ᠎ᠠ ᠲᠡᠮ ᠤᠯᠵᠤ ᠦᠭᠬᠦᠬᠡᠳ | ᠡᠬᠦᠨ ᠢᠶᠠᠨ ᠵᠤᠷᠢᠬᠰᠠᠨ ᠪᠠᠶᠠᠷᠳᠤ ᠠᠶᠠᠯᠠᠯ ᠳᠠᠭᠠᠨ ᠮᠤᠷᠳᠠᠬᠤ ᠪᠤᠯᠤᠨ᠎ᠠ᠃ | | ᠨᠠᠶᠢᠷᠠᠭᠤᠯᠤᠭᠴᠢ᠄ ᠰᠡᠴᠡᠨ | | |