ᠳ᠋ᠤᠸᠠᠨ ᡁᠢ ᠴᠢᠶᠠᠩ ᠮᠧᠩ ᠰᠢᠶᠠᠨ ᠳ᠋ᠦᠩ ᠬᠤᠢ ᠰᠠᠯᠬᠢᠨ ᠳᠤ ᠭᠠᠮᠰᠢᠭᠳᠠᠭᠰᠠᠨ ᠠᠬᠤᠢ ᠲᠠᠯᠠᠪᠠᠢ ᠳᠤ ᠴᠠᠭ ᠲᠠᠷᠤᠢ ᠳᠤᠨᠢ ᠬᠦᠷᠴᠦ ᠭᠠᠮᠰᠢᠭᠳᠠᠭᠰᠠᠨ ᠤᠯᠠᠨ ᠲᠦᠮᠡᠨ ᠢ ᠲᠤᠬᠤᠨᠢᠭᠤᠯᠵᠤ ᠠᠶᠤᠯ ᠭᠠᠮᠰᠢᠭ ᠡᠴᠠ‌ᠠᠪᠤᠷᠠᠬᠤ ᠠᠵᠢᠯ ᠢ ᠵᠢᠯᠤᠭᠤᠳᠴᠠᠢ
ᠨᠡᠶᠢᠲᠡᠯᠡᠭᠰᠡᠨ ᠴᠠᠭ᠄
2017/8/15
      8 ᠰᠠᠷ᠎ᠠ ᠶᠢᠨ 11 ᠤ ᠡᠳᠦᠷ ᠤᠨ 16 ᠴᠠᠭ ᠤᠨ ᠦᠶᠠᠰ ᠢᠶᠠᠷ ᠮᠠᠨ ᠤ ᠬᠤᠲᠠ ᠶᠢᠨ ᠬᠡᠰᠢᠭᠲᠡᠨ ᠬᠤᠰᠢᠭᠤ ᠪᠤᠯᠤᠨ ᠤᠩᠨᠢᠭᠤᠳ ᠬᠤᠰᠢᠭᠤᠨ ᠳᠤ ᠬᠤᠢ ᠰᠠᠯᠬᠢᠨ ᠤ ᠭᠠᠮᠰᠢᠭ ᠡᠭᠦᠰᠦᠭᠰᠡᠨ ᠠᠴᠠ 5 ᠬᠦᠮᠦᠨ ᠠᠳᠡᠵᠦ᠂ 50 ᠭᠠᠷᠤᠢ ᠬᠦᠮᠦᠨ ᠰᠢᠷᠬᠠᠳᠤᠵᠤ᠂ ᠤᠯᠠᠨ ᠭᠡᠷ ᠪᠠᠶᠢᠰᠢᠩ ᠬᠦᠨᠳᠦ ᠨᠤᠴᠢᠲᠠᠢ ᠡᠪᠳᠡᠭᠳᠡᠵᠡᠢ᠃ ᠭᠠᠮᠰᠢᠭ ᠡᠬᠦᠰᠦᠭᠰᠡᠨ ᠤ ᠲᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ᠂ ᠬᠤᠲᠠ ᠶᠢᠨ ᠲᠠᠷᠤᠭ᠎ᠠ ᠮᠧᠩ ᠰᠢᠶᠠᠨ ᠳ᠋ᠦᠩ ᠴᠠᠭ ᠲᠠᠷᠤᠢ ᠳᠤᠨᠢ ᠴᠢᠬᠤᠯᠠ ᠵᠢᠭᠠᠪᠤᠷᠢ ᠦᠭᠴᠦ᠂ ᠠᠬᠤᠢ ᠲᠠᠯᠠᠪᠠᠢ ᠳᠤ ᠬᠦᠷᠴᠦ᠂ ᠭᠠᠮᠰᠢᠭᠳᠠᠭᠰᠠᠨ ᠤᠯᠠᠨ ᠲᠦᠮᠡᠨ ᠢ ᠲᠤᠬᠤᠨᠢᠭᠤᠯᠤᠨ ᠠᠶᠤᠯ ᠭᠠᠮᠰᠢᠭ ᠠᠴᠠ ᠠᠪᠤᠷᠠᠬᠤ ᠠᠵᠢᠯ ᠢ ᠵᠢᠯᠤᠭᠤᠳᠴᠠᠢ᠃ ᠲᠤᠰ ᠤᠳᠠᠭᠠᠨ ᠤ ᠭᠠᠮᠰᠢᠭ ᠨᠢ ᠮᠠᠨ ᠤ ᠬᠤᠲᠠ ᠶᠢᠨ 2 ᠰᠢᠶᠠᠩ ᠪᠠᠯᠭᠠᠰᠤ᠂ 4 ᠵᠠᠰᠠᠭ ᠵᠠᠬᠢᠷᠭᠠᠨ ᠤ ᠲᠤᠰᠬᠤᠨ᠂ 6 ᠲᠤᠰᠬᠤᠨ ᠤ ᠲᠤᠭᠤᠶᠢᠯᠠᠩ ᠳᠤ ᠬᠤᠯᠪᠤᠭᠳᠠᠵᠤ᠂ ᠡᠬᠦᠨ ᠳᠤ ᠬᠡᠰᠢᠭᠲᠡᠨ ᠬᠤᠰᠢᠭᠤᠨ ᠤ ᠲᠦ᠋ ᠴᠧᠩᠽᠢ ᠪᠠᠯᠭᠠᠰᠤᠨ ᠤ ᠴᠢᠶᠠᠨ ᠶᠢᠨ ᠲᠤᠰᠬᠤᠨ ᠤ ᠳ᠋ᠦᠩ ᠶᠢᠩᠽᠢ ᠲᠤᠭᠤᠶᠢᠯᠠᠩ᠂ ᠶᠠᠩ ᠱᠦ ᠶᠤᠸᠠᠨ ᠽᠢ ᠲᠤᠭᠤᠶᠢᠯᠠᠩ᠂ ᠱᠢ ᠯᠢ ᠫᠦ᠋ ᠲᠤᠰᠬᠤᠨ ᠤ ᠱᠢ ᠯᠢ ᠫᠦ᠋ ᠲᠤᠭᠤᠶᠢᠯᠠᠩ᠂ ᠪᠠ ᠯᠢ ᠵᠤᠸᠠᠩ ᠲᠤᠭᠤᠶᠢᠯᠠᠩ᠂ ᠡᠤ ᠲᠠᠢ ᠱᠠᠨ ᠲᠤᠰᠬᠤᠨ ᠤ ᠱᠠ ᠬᠤ᠋ ᠲᠦᠩ ᠲᠤᠭᠤᠶᠢᠯᠠᠩ᠂ ᠤᠩᠨᠢᠭᠤᠳ ᠬᠤᠰᠢᠭᠤᠨ ᠤ ᠮᠠᠭᠤ ᠱᠠᠩᠲᠠ ᠰᠢᠶᠠᠩ ᠤᠨ ᠱᠤᠤ ᠭᠦᠸᠧ ᠲᠤᠰᠬᠤᠨ ᠤ ᠰᠠᠨ ᠱᠧᠩ ᠭᠦᠩ ᠲᠤᠭᠤᠶᠢᠯᠠᠩ ᠵᠡᠷᠭᠡ ᠪᠤᠢ᠃      ᠭᠠᠮᠰᠢᠭ ᠡᠭᠦᠰᠦᠭᠰᠡᠨ ᠤ ᠲᠠᠷᠠᠭ᠎ᠠ᠂ ᠳ᠋ᠤᠸᠠᠨ ᡁᠢ ᠴᠢᠶᠠᠩ᠂ ᠮᠧᠩ ᠰᠢᠶᠠᠨ ᠳ᠋ᠦᠩ ᠴᠠᠭ ᠲᠠᠷᠤᠢ ᠳᠤᠨᠢ ᠭᠠᠮᠰᠢᠭᠳᠠᠭᠰᠠᠨ ᠠᠬᠤᠢ ᠲᠠᠯᠠᠪᠠᠢ ᠳᠤ ᠵᠠᠪᠳᠤᠨ ᠤᠴᠢᠬᠤ ᠶᠢᠨ ᠬᠠᠮᠲᠤ ᠡᠮᠨᠡᠯᠭᠡ ᠶᠢᠨ ᠬᠤᠷᠢᠶᠠᠨ ᠳᠤ ᠬᠦᠷᠴᠦ ᠰᠢᠷᠬᠠᠳᠤᠭᠰᠠᠨ ᠤᠯᠠᠨ ᠲᠦᠮᠡᠨ ᠢ ᠪᠤᠯᠭᠤᠭᠠᠨ ᠲᠤᠬᠤᠨᠢᠭᠤᠯᠪᠠ᠃ ᠳ᠋ᠤᠸᠠᠨ ᡁᠢ ᠴᠢᠶᠠᠩ ᠰᠢᠷᠬᠠᠳᠤᠭᠰᠠᠨ ᠤᠯᠠᠨ ᠲᠦᠮᠡᠨ ᠢ ᠲᠠᠶᠢᠳᠬᠤᠷᠠᠭᠤᠯᠤᠨ ᠲᠠᠶᠢᠪᠤᠰᠢᠷᠠᠭᠤᠯᠵᠤ᠂ ᠰᠠᠨᠠᠭ᠎ᠠ ᠰᠡᠳᠭᠢᠯ ᠢᠶᠠᠨ ᠲᠤᠭᠳᠠᠭᠤᠨ ᠪᠠᠶᠢᠯᠭᠠᠵᠤ᠂ ᠰᠠᠨᠠᠭ᠎ᠠ ᠠᠮᠤᠷ ᠡᠮᠴᠢᠯᠡᠬᠦᠯᠤᠭᠡᠷᠡᠢ ᠭᠡᠪᠡ᠃ ᠡᠮᠴᠢ ᠠᠵᠢᠯᠲᠠᠨ ᠳᠤ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ ᠰᠢᠷᠬᠠᠳᠤᠭᠰᠠᠨ ᠤᠯᠠᠨ ᠲᠦᠮᠡᠨ ᠤ ᠬᠠᠮᠤᠭ ᠤᠨ ᠰᠠᠶᠢᠨ ᠡᠮᠴᠢᠯᠡᠭᠡ ᠪᠤᠯᠤᠨ ᠰᠢᠯᠢᠳᠡᠭ ᠦᠢᠯᠡᠴᠢᠯᠡᠭᠡ ᠬᠦᠷᠲᠡᠬᠦ ᠶᠢ ᠪᠠᠳᠤᠯᠠᠬᠤ ᠬᠡᠷᠡᠭᠲᠡᠢ ᠭᠡᠵᠦ ᠰᠠᠨᠠᠭᠤᠯᠪᠠ᠃      ᠳ᠋ᠤᠸᠠᠨ ᡁᠢ ᠴᠢᠶᠠᠩ᠂ ᠮᠧᠩ ᠰᠢᠶᠠᠨ ᠳ᠋ᠦᠩ ᠪᠠᠰᠠ ᠭᠠᠮᠰᠢᠭ ᠤᠨ ᠪᠠᠶᠢᠳᠡᠯ ᠨᠡᠯᠢᠶᠡᠳ ᠬᠦᠡᠳᠤ ᠨᠤᠴᠢᠳᠡᠢ ᠭᠠᠵᠠᠷ ᠲᠤ ᠬᠦᠨᠵᠡᠭᠡᠶᠢᠷᠡᠨ ᠭᠠᠮᠰᠢᠭᠳᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠭᠠᠮᠰᠢᠭᠳᠠᠭᠰᠠᠨ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠤ᠂ ᠠᠬᠤᠢ ᠲᠠᠯᠠᠪᠠᠢ ᠳᠤ ᠠᠶᠤᠯ ᠭᠠᠮᠰᠢᠭ ᠠᠴᠠ ᠠᠪᠤᠷᠠᠬᠤ ᠠᠵᠢᠯ ᠢ ᠵᠢᠯᠤᠭᠤᠳᠪᠠ᠃ ᠳ᠋ᠤᠸᠠᠨ ᡁᠢ ᠴᠢᠶᠠᠩ᠂ ᠠᠮᠤᠷ ᠲᠦᠪᠰᠢᠨ ᠪᠤᠯ ᠲᠡᠷᠢᠬᠦᠨ ᠴᠢᠬᠤᠯᠠ ᠡᠬᠦᠷᠭᠡ ᠮᠦᠨ᠂ ᠰᠡᠷᠭᠡᠶᠢᠯᠠᠯᠳᠡ ᠶᠢᠨ ᠤᠬᠠᠮᠰᠠᠷ ᠢᠶᠠᠨ ᠲᠡᠭᠡᠭᠰᠢᠯᠠᠬᠦᠯᠵᠤ᠂ ᠪᠡᠶ᠎ᠡ ᠶᠢᠨ ᠠᠮᠤᠷ ᠲᠦᠪᠰᠢᠨ ᠢᠶᠠᠨ ᠪᠠᠳᠤᠯᠠᠵᠤ᠂ ᠶᠠᠭᠠᠬᠢᠭᠰᠠᠨ ᠴᠦ ᠡᠳ᠋ ᠬᠦᠷᠦᠩᠭᠡ ᠪᠠᠨ ᠭᠠᠷᠭᠠᠨ ᠠᠪᠬᠤ ᠶᠢᠨ ᠲᠦᠯᠦᠭᠡ ᠨᠤᠷᠠᠬᠤ ᠠᠶᠤᠯᠲᠠᠢ ᠭᠡᠷ ᠪᠠᠶᠢᠰᠢᠩ ᠳᠤ ᠤᠷᠤᠵᠤ ᠪᠤᠯᠬᠤ ᠦᠭᠡᠢ᠃ ᠢᠳᠡᠭᠡᠯ ᠵᠤᠷᠢᠭ ᠢᠶᠠᠨ ᠪᠠᠳᠤᠳᠬᠠᠵᠤ᠂ ᠨᠠᠮ ᠤᠨ ᠬᠤᠷᠢᠶ᠎ᠡ᠂ ᠵᠠᠰᠠᠭ ᠤᠨ ᠤᠷᠲᠤᠨ ᠤ ᠲᠠᠭᠠᠭᠤᠯᠭ᠎ᠠ ᠲᠤᠤᠷ᠎ᠠ ᠲᠠᠬᠢᠨᠲᠠ ᠦᠵᠡᠰᠬᠦᠯᠡᠩᠲᠦ ᠰᠠᠶᠢᠬᠠᠨ ᠭᠡᠷ ᠤᠷᠤᠨ ᠢ ᠪᠦᠳᠦᠭᠡᠨ ᠪᠠᠶᠢᠭᠤᠯᠵᠤ ᠲᠡᠶᠢᠯᠦᠨ᠎ᠡ ᠭᠡᠳᠡᠭ ᠢ ᠪᠠᠳᠤ ᠢᠳᠡᠭᠡᠬᠦ ᠬᠡᠷᠡᠭᠲᠡᠢ ᠭᠡᠵᠦ ᠢᠯᠡᠷᠬᠡᠶᠢᠯᠡᠪᠡ᠃     ᠭᠠᠮᠰᠢᠭᠳᠠᠭᠰᠠᠨ ᠠᠬᠤᠢ ᠲᠠᠯᠠᠪᠠᠢ ᠳᠤ ᠳ᠋ᠤᠸᠠᠨ ᡁᠢ ᠴᠢᠶᠠᠩ ᠠᠶᠤᠯ ᠭᠠᠮᠰᠢᠭ ᠠᠴᠠ ᠠᠪᠤᠷᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ᠂ ᠲᠠᠷᠠᠭᠠᠴᠢ ᠶᠢᠨ ᠠᠯᠬᠤᠮ ᠤᠨ ᠭᠠᠮᠰᠢᠭ ᠠᠴᠠ ᠠᠪᠤᠷᠠᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠲᠡᠷᠡ᠂ ᠯᠢ ᠵᠢᠢ ᠾᠧᠩ ᠱᠦᠵᠢ᠂ ᠪᠦ᠋ ᠰᠢᠶᠤᠤ ᠯᠢᠨ ᠲᠡᠷᠢᠬᠦᠯᠡᠭᠴᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠡᠭᠡᠲᠦ ᠬᠡᠮᠵᠢᠶ᠎ᠡ ᠪᠠᠷ ᠬᠠᠷᠢᠭᠤᠴᠠᠬᠤ ᠤᠪᠤᠷ ᠢᠶᠠᠷ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠵᠠᠰᠠᠭ ᠤᠨ ᠤᠷᠲᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠶᠡᠷᠦᠩᠬᠡᠶᠢᠯᠡᠨ ᠵᠤᠬᠢᠴᠠᠭᠤᠯᠵᠤ᠂ ᠬᠡᠰᠢᠭᠲᠡᠨ ᠬᠤᠰᠢᠭᠤ᠂ ᠤᠩᠨᠢᠭᠤᠳ ᠬᠤᠰᠢᠭᠤᠨ ᠤ ᠨᠠᠮ ᠵᠠᠰᠠᠭ ᠤᠨ ᠨᠢᠭᠡᠳᠦᠭᠡᠷ ᠭᠠᠷ ᠢᠶᠠᠷ ᠲᠤᠭᠤᠶᠢᠯᠠᠩ ᠤᠨ ᠲᠠᠷᠤᠭ᠎ᠠ ᠪᠤᠯᠤᠨ ᠲᠤᠭᠤᠶᠢᠯᠠᠩ ᠤᠨ ᠲᠡᠳ᠋ ᠲᠠᠷᠤᠭ᠎ᠠ ᠪᠤᠯᠭᠠᠵᠤ᠂ ᠬᠤᠲᠠ ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ ᠪᠦᠷᠢᠯᠳᠦᠬᠦᠨ ᠪᠤᠯᠭᠠᠭᠰᠠᠨ ᠭᠠᠮᠰᠢᠭ ᠠᠴᠠ ᠠᠪᠤᠷᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠠᠳᠡᠭᠰᠡᠳ ᠤᠨ ᠭᠡᠷ ᠪᠦᠯᠢ ᠶᠢᠨ ᠬᠢᠨ ᠢ ᠲᠦᠪᠬᠢᠨᠡᠬᠦᠯᠬᠦ ᠠᠵᠢᠯ ᠢ ᠰᠠᠶᠢᠲᠤᠷ ᠬᠢᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠤᠰᠤᠭᠠᠷ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠨᠠᠶᠢᠳᠠᠪᠤᠷᠢᠵᠢᠭᠤᠯᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠭᠤᠤᠯᠯᠠᠬᠤ ᠬᠦᠴᠦᠨ ᠲᠠᠢ ᠬᠠᠮᠵᠢᠯᠴᠠᠨ᠂ ᠡᠮᠴᠢᠯᠡᠨ ᠵᠠᠰᠠᠬᠤ ᠲᠦᠰᠦᠯ ᠲᠤᠭᠳᠠᠭᠠᠵᠤ᠂ ᠡᠮᠴᠢᠯᠡᠨ ᠡᠳᠡᠭᠡᠷᠡᠬᠦᠯᠬᠦ ᠠᠵᠢᠯ ᠢ ᠯᠠᠪᠳᠠᠭᠤᠨ ᠪᠠᠳᠤᠲᠠᠢ ᠰᠠᠶᠢᠨ ᠬᠢᠬᠦ ᠬᠡᠷᠡᠭᠲᠡᠢ᠃ ᠭᠠᠮᠰᠢᠭᠳᠠᠭᠰᠠᠨ ᠤᠯᠠᠨ ᠲᠦᠮᠡᠨ ᠢ ᠲᠤᠬᠢᠲᠠᠢ ᠲᠦᠪᠬᠢᠨᠡᠬᠦᠯᠵᠦ᠂ ᠬᠠᠮᠤᠭ ᠤᠨ ᠲᠤᠬᠢᠷᠠᠮᠵᠢᠲᠠᠢ ᠲᠦᠪᠬᠢᠨᠡᠬᠦᠯᠬᠦ ᠭᠠᠵᠠᠷ ᠢ ᠰᠤᠩᠭᠤᠨ᠂ ᠭᠠᠮᠰᠢᠭ ᠠᠴᠠ ᠠᠪᠤᠷᠠᠬᠤ ᠡᠳ᠋ ᠪᠤᠳᠠᠰ ᠢ ᠴᠠᠭ ᠲᠤᠬᠠᠢ ᠳᠤᠨᠢ ᠲᠠᠷᠬᠠᠭᠠᠵᠤ᠂ ᠭᠠᠮᠰᠢᠭᠳᠠᠭᠰᠠᠨ ᠤᠯᠠᠨ ᠲᠦᠮᠡᠨ ᠤ ᠢᠳᠡᠵᠦ ᠤᠤᠭᠤᠬᠤ ᠲᠦᠷ ᠴᠠᠭ ᠤᠨ ᠰᠠᠭᠤᠬᠤ ᠠᠰᠠᠭᠤᠲᠠᠯ ᠢ ᠰᠶᠢᠳᠪᠦᠷᠢᠯᠡᠨ᠂ ᠭᠠᠮᠰᠢᠭᠳᠠᠭᠰᠠᠨ ᠤᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠬᠦᠯᠬᠦ ᠬᠡᠷᠡᠭᠲᠡᠢ᠃ ᠴᠠᠬᠢᠯᠭᠠᠨ ᠬᠦᠴᠦᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ ᠶᠢ ᠪᠦᠬᠦ ᠬᠦᠴᠦᠨ ᠢᠶᠠᠷ ᠵᠠᠪᠳᠤᠨ ᠵᠠᠰᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠠᠳᠤᠯᠠᠬᠤ ᠬᠡᠷᠡᠭᠲᠡᠢ᠃ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠬᠤᠬᠢᠷᠠᠯ ᠢ ᠲᠤᠭᠳᠠᠭᠠᠬᠤ᠂ ᠲᠠᠭᠠᠳᠬᠠᠯ ᠤᠨ ᠲᠦᠯᠦᠪᠦᠷᠢ ᠵᠡᠷᠭᠡ ᠠᠵᠢᠯ ᠢ ᠢᠵᠢᠯ ᠠᠯᠬᠤᠮ ᠢᠶᠠᠷ ᠦᠨᠢᠷᠬᠦᠯᠵᠦ᠂ ᠨᠦᠬᠦᠪᠦᠷᠢ ᠶᠢᠨ ᠪᠠᠷᠢᠮᠵᠢᠶ᠎ᠠ ᠶᠢ ᠨᠢᠭᠡᠳᠦᠬᠦᠯᠵᠦ᠂ ᠲᠦᠪ ᠭᠤᠤᠯᠴᠢ ᠡᠷᠭᠡ ᠲᠡᠭᠰᠢ ᠢᠯᠡ ᠲᠤᠳᠤ ᠪᠠᠶᠢᠯᠭᠠᠬᠤ ᠶᠢ ᠪᠠᠷᠢᠮᠳᠠᠯᠠᠬᠤ ᠬᠡᠷᠡᠭᠲᠡᠢ᠃ ᠭᠠᠮᠰᠢᠭᠳᠠᠭᠰᠠᠨ ᠠᠶᠢᠯ ᠲᠤᠰᠬᠤᠨ ᠤ ᠲᠦᠯᠦᠪᠵᠢᠬᠦᠯᠭᠡ ᠶᠢᠨ ᠠᠵᠢᠯ ᠢ ᠠᠯᠢ ᠲᠦᠷᠭᠡᠨ ᠢᠶᠠᠷ ᠡᠬᠢᠯᠡᠬᠦᠯᠵᠦ᠂ ᠰᠢᠨ᠎ᠡ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠪᠠᠷᠢᠮᠵᠢᠶ᠎ᠠ ᠶᠤᠰᠤᠭᠠᠷ ᠵᠢᠯ ᠤᠨ ᠲᠤᠳᠤᠷ᠎ᠠ ᠪᠤᠴᠠᠭᠠᠨ ᠨᠡᠬᠦᠯᠭᠡᠬᠦ ᠶᠢ ᠪᠡᠶᠡᠯᠡᠬᠦᠯᠬᠦ ᠬᠡᠷᠡᠭᠲᠡᠢ᠃ ᠪᠦᠬᠦ ᠬᠤᠲᠠ ᠲᠠᠶᠠᠭᠠᠷ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠤᠭᠳᠠᠭᠤᠨ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠵᠦ᠂ ᠪᠦᠬᠦ ᠬᠤᠲᠠ ᠶᠢᠨ ᠨᠡᠶᠢᠭᠡᠮ ᠤᠨ ᠶᠡᠷᠦᠩᠬᠡᠢ ᠪᠠᠶᠢᠳᠠᠯ ᠪᠤᠯᠤᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠮᠧᠩ ᠰᠢᠶᠠᠨ ᠳ᠋ᠦᠩ᠂ ᠰᠢᠷᠬᠠᠳᠤᠭᠰᠠᠳ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠲᠠᠬᠢᠨᠳᠡ ᠭᠠᠮᠰᠢᠭ ᠡᠬᠦᠰᠬᠦ ᠶᠢ ᠬᠤᠷᠢᠭᠯᠠᠵᠤ᠂ ᠤᠷᠤᠨ ᠰᠠᠭᠤᠴᠠ ᠦᠭᠡᠢ ᠪᠠ ᠤᠷᠤᠨ ᠰᠠᠭᠤᠴᠠ ᠨᠢ ᠡᠪᠳᠡᠭᠳᠡᠭᠰᠡᠨ ᠤᠯᠠᠨ ᠲᠦᠮᠡᠨ ᠢ ᠲᠤᠬᠢᠲᠠᠢ ᠲᠦᠪᠬᠢᠨᠡᠬᠦᠯᠵᠦ᠂ ᠤᠰᠤ ᠴᠠᠬᠢᠯᠭᠠᠨ ᠴᠢᠮᠡᠭᠡ ᠬᠤᠯᠪᠤᠭ᠎ᠠ ᠶᠢ ᠵᠠᠪᠳᠤᠨ ᠵᠠᠰᠠᠵᠤ᠂ ᠭᠡᠷ ᠪᠠᠶᠢᠰᠢᠩ ᠨᠢ ᠡᠪᠳᠡᠭᠳᠡᠭᠰᠡᠨ ᠪᠠᠶᠢᠳᠠᠯ ᠢ ᠬᠦᠨᠵᠡᠭᠡᠢ ᠪᠠᠶᠢᠴᠠᠭᠠᠨ᠂ ᠭᠠᠮᠰᠢᠭ ᠤᠨ ᠲᠠᠷᠠᠭ᠎ᠠ ᠰᠡᠷᠭᠦᠭᠡᠨ ᠪᠠᠶᠢᠭᠤᠯᠬᠤ ᠠᠵᠢᠯ ᠢ ᠨᠢᠭᠡ ᠭᠠᠷᠠᠭ ᠤᠨ ᠲᠤᠳᠤᠷ᠎ᠠ ᠡᠬᠢᠯᠡᠬᠦᠯᠬᠦ ᠬᠡᠷᠡᠭᠲᠡᠢ ᠭᠡᠵᠦ ᠱᠠᠭᠠᠷᠳᠠᠪᠠ᠃      ᠬᠤᠲᠠ ᠶᠢᠨ ᠤᠳᠤᠷᠢᠳᠤᠯᠭ᠎ᠠ ᠸᠠᠩ ᠢᠦᠢ ᠱᠦ᠂ ᠯᠢ ᠵᠢᠶᠦ᠋ᠩ᠂ ᠸᠠᠩ ᠭᠦᠸᠧ ᠰᠧᠨ ᠪᠠᠷ᠎ᠠ ᠪᠤᠯᠤᠯᠴᠠᠨ ᠪᠤᠯᠭᠤᠭᠠᠨ ᠲᠤᠬᠤᠨᠢᠭᠤᠯᠵᠤ ᠠᠶᠤᠯ ᠭᠠᠮᠰᠢᠭ ᠠᠴᠠ ᠠᠪᠤᠷᠠᠬᠤ ᠠᠵᠢᠯ ᠢ ᠵᠢᠯᠤᠭᠤᠳᠴᠠᠢ᠃                                                      ᠨᠠᠶᠢᠷᠠᠭᠤᠯᠤᠭᠴᠢ᠄ ᠭᠡᠭᠡᠨᠳᠤᠶᠠᠭ᠎ᠠ
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号