ᠤᠶᠤᠨᠳᠤ ᠭᠠᠷ ᠤᠳᠠᠰᠤ ᠨᠢ ᠪᠠᠰᠠ ᠨᠢᠭᠡᠨ ᠰᠢᠨ᠎ᠡ ᠴᠢᠳᠠᠪᠬᠢ ᠲᠠᠢ ᠪᠤᠯᠤᠭᠰᠠᠨ ᠪᠠᠶᠢᠨ᠎ᠠ᠃ ᠳᠠᠷᠤᠢ | ᠬᠡᠤᠬᠡᠳ ᠰᠠᠭᠠᠳᠠᠭᠤᠯᠬᠤ ᠴᠢᠳᠠᠪᠬᠢ ᠪᠤᠯᠤᠨ᠎ᠠ᠃ 0 — 5 ᠨᠠᠰᠤᠨ ᠤ ᠨᠢᠯᠬ᠎ᠠ ᠬᠡᠤᠬᠡᠳ ᠤᠨ 1000 ᠡᠴᠢᠭᠡ | ᠡᠬᠡ ᠳᠤ ᠬᠠᠨᠳᠤᠭᠤᠯᠤᠭᠰᠠᠨ ᠪᠠᠶᠢᠴᠠᠭᠠᠯᠳᠠ ᠳᠤ ᠬᠠᠷᠠᠭᠤᠯᠤᠭᠰᠠᠨ ᠢᠶᠠᠷ᠂ ᠨᠢᠯᠬ᠎ᠠ ᠬᠡᠤᠬᠡᠳ ᠤᠨ ᠭᠠᠷ ᠤᠳᠠᠰᠤ | ᠬᠡᠷᠡᠭᠯᠡᠬᠦ ᠨᠤᠷᠮ᠎ᠠ ᠨᠢ 80.4% ᠲᠤ ᠬᠦᠷᠴᠦ᠂ 3 ᠨᠠᠰᠤᠨ ᠠᠴᠠ ᠡᠬᠢᠯᠡᠨ ᠭᠠᠷ ᠤᠳᠠᠰᠤ ᠨᠠᠭᠠᠳᠤᠭᠰᠠᠨ ᠨᠢ 32. | 5% ᠲᠤ ᠬᠦᠷᠦᠭᠰᠡᠨ ᠪᠠᠶᠢᠨ᠎ᠠ᠃ ᠴᠢᠨᠠᠭᠰᠢᠯᠠᠨ ᠵᠠᠷᠢᠮ ᠬᠤᠶᠠᠷ ᠨᠠᠰᠤᠳᠠᠢ ᠬᠡᠤᠬᠡᠳ ᠤᠶᠤᠨᠳᠤ ᠭᠠᠷ ᠤᠳᠠᠰᠤ ᠶᠢ | ᠳᠠᠳᠮᠠᠭᠠᠢ ᠬᠡᠷᠡᠭᠯᠡᠵᠦ ᠴᠢᠳᠠᠳᠠᠭ᠃ 52.9% ᠤᠨ ᠡᠴᠢᠭᠡ ᠡᠬᠡᠴᠦᠳ ᠤᠨ ᠬᠡᠤᠬᠡᠳ ᠲᠤ ᠭᠠᠷ ᠤᠳᠠᠰᠤ | ᠨᠠᠭᠠᠳᠤᠭᠤᠯᠳᠠᠭ ᠰᠢᠯᠳᠠᠭ ᠨᠢ ︽ᠳᠡᠳᠡᠨ ᠢ ᠬᠡᠰᠡᠭ ᠬᠤᠭᠤᠴᠠᠭ᠎ᠠ ᠨᠤᠮᠤᠬᠠᠨ ᠪᠠᠶᠢᠯᠭᠠᠳᠠᠭ︾ ᠭᠡᠵᠡᠢ ᠁ | ᠡᠶᠢᠮᠦᠷᠬᠦ ᠦᠵᠡᠭᠳᠡᠯ ᠪᠤᠢ ᠪᠤᠯᠤᠭᠰᠠᠨ ᠨᠢ ᠡᠴᠢᠭᠡ ᠡᠬᠡ ᠪᠤᠯᠤᠭᠰᠠᠳ ᠤᠨ ᠦᠢᠯᠡ ᠠᠵᠢᠯᠯᠠᠭ᠎ᠠ ᠲᠠᠢ ᠨᠢᠭᠳᠠ | ᠬᠤᠯᠪᠤᠭᠳᠠᠯ ᠲᠠᠢ ᠶᠤᠮ᠃ | ᠵᠠᠯᠠᠭᠤ ᠡᠴᠢᠭᠡ ᠡᠬᠡ ᠪᠤᠯᠤᠭᠰᠠᠳ ᠤᠶᠤᠨᠳᠤ ᠭᠠᠷ ᠤᠳᠠᠰᠤᠨ ᠳᠤ ᠮᠠᠰᠢ ᠶᠡᠭᠡ ᠨᠠᠶᠢᠳᠠᠯᠭ᠎ᠠ ᠲᠠᠢ ᠪᠠᠶᠢᠵᠤ᠂ | ᠬᠡᠤᠬᠡᠳ ᠲᠤ ᠬᠠᠨᠢ ᠪᠤᠯᠬᠤ ᠳᠡᠰᠪᠦᠷᠢ ᠳᠡᠪᠴᠢᠶᠡᠷᠢ ᠦᠭᠡᠢ ᠪᠠᠶᠢᠳᠠᠭ ᠪᠠ ᠰᠤᠨᠢᠷᠬᠠᠯᠳᠠᠢ ᠳᠤᠭᠯᠠᠭᠠᠮ ᠪᠠ ᠬᠡᠤᠬᠡᠯᠳᠡᠢ | ᠵᠦᠴᠦᠭᠡ ᠨᠢ ᠬᠡᠤᠬᠡᠳ ᠲᠤ ᠮᠠᠰᠢ ︽ᠦᠢᠯᠡᠳᠦᠯ︾ ᠲᠠᠢ ᠠᠴᠠ ᠪᠤᠯᠤᠭᠰᠠᠨ ᠪᠠᠶᠢᠳᠠᠭ᠃ ᠡᠶᠢᠮᠦ ᠠᠴᠠ | ᠬᠡᠤᠬᠡᠳ ᠤᠳ ᠤᠬᠢᠯᠠᠵᠤ ᠠᠭᠠᠰᠢᠯᠠᠬᠤ ᠪᠠᠷ ᠨᠢ ᠭᠡᠷ ᠤᠨ ᠠᠬᠠᠮᠠᠳ ᠦᠴᠦᠭᠡᠨ ᠴᠤ ᠡᠷᠡᠭᠡᠯᠵᠡᠯ ᠦᠭᠡᠢ ᠪᠠᠷ ᠭᠠᠷ | ᠤᠳᠠᠰᠤ ᠪᠠᠨ ᠪᠠᠷᠢᠭᠤᠯᠵᠤ ᠠᠷᠭᠠᠳᠠᠳᠠᠭ᠃ ᠳᠡᠷᠡᠴᠢᠯᠡᠨ ︽ᠭᠠᠷ ᠤᠳᠠᠰᠤ ᠨᠠᠭᠠᠳᠤᠭᠤᠯᠬᠤ︾ ᠪᠠᠷ ᠬᠡᠤᠬᠡᠳ ᠢ | ᠠᠷᠭᠠᠳᠠᠨ ᠡᠭᠦᠷᠭᠡ ᠪᠠᠨ ᠪᠡᠶᠡᠯᠡᠭᠦᠯᠬᠦ ᠬᠦᠬᠢᠭᠦᠯᠦᠯ ᠪᠤᠯᠭᠠᠳᠠᠭ᠃ ᠭᠠᠷ ᠤᠳᠠᠰᠤ ᠪᠠᠷ ︽ᠳᠤᠮᠤᠭ᠎ᠠ ᠦᠭᠡᠢ ᠬᠡᠤᠬᠡᠳ︾ | ᠤᠨ ᠨᠢᠭᠡ ᠬᠤᠭᠤᠴᠠᠭᠠᠨ ᠤ ᠠᠮᠤᠷ ᠳᠠᠶᠢᠪᠤᠩ ᠪᠠᠶᠢᠬᠤ ᠶᠢ ᠰᠤᠯᠢᠵᠤ ᠴᠢᠳᠠᠬᠤ ᠨᠢ ᠠᠮᠠᠷᠬᠠᠨ ᠪᠦᠭᠡᠳ ᠪᠦᠳᠦᠮᠵᠢᠳᠡᠢ | ᠠᠷᠭ᠎ᠠ ᠭᠡᠰᠡᠨ ᠢ ᠮᠡᠳᠡᠷᠡᠬᠦ ᠦᠭᠡᠢ ᠪᠠᠶᠢᠬᠤ ᠶᠢᠨ ᠠᠷᠭ᠎ᠠ ᠦᠭᠡᠢ᠃ ᠭᠡᠪᠡᠴᠦ ᠡᠨᠡ ᠨᠢ ᠳᠠᠳᠬᠠᠯ ᠪᠤᠯᠬᠤ ᠳᠤ ᠬᠦᠷᠪᠡᠯ | ᠂ ᠭᠠᠷ ᠤᠳᠠᠰᠤ ᠪᠠᠷ ᠬᠡᠤᠬᠡᠳ ᠠᠷᠭᠠᠳᠠᠬᠤ ︽ᠪᠦᠳᠦᠮᠵᠢᠳᠡᠢ ᠵᠤᠷ︾ ᠨᠢ ᠬᠡᠤᠬᠡᠳ ᠢ ᠰᠢᠷᠬᠠᠳᠤᠭᠤᠯᠬᠤ ︽ᠬᠤᠤᠷ︾ | ᠪᠤᠯᠬᠤ ᠶᠢ ᠮᠡᠳᠡᠬᠦ ᠬᠡᠷᠡᠭᠳᠡᠢ᠃ | ᠬᠡᠤᠬᠡᠳ ᠲᠤ ᠭᠠᠷ ᠤᠳᠠᠰᠤ ᠨᠠᠭᠠᠳᠤᠭᠤᠯᠬᠤ ᠨᠢ ᠬᠡᠤᠬᠡᠳ ᠤᠨ ᠦᠰᠦᠨ ᠪᠤᠶᠢᠵᠢᠯᠳᠠ ᠳᠤ ᠠᠯᠢ ᠤᠯᠠᠨ | ᠮᠠᠭᠤ ᠨᠦᠯᠦᠭᠡ ᠠᠪᠴᠢᠷᠠᠳᠠᠭ᠃ ᠶᠠᠭᠤᠨ ᠤ ᠡᠮᠦᠨ᠎ᠡ᠂ ᠭᠠᠷ ᠤᠳᠠᠰᠤ ᠨᠢ ᠬᠡᠤᠬᠡᠳ ᠤᠨ ᠦᠭᠡ ᠬᠡᠯᠡᠨ ᠤ | ᠬᠦᠭᠵᠢᠯᠳᠡ ᠳᠤ ᠠᠰᠢᠭ ᠦᠭᠡᠢ᠃ ᠬᠡᠤᠬᠡᠳ ᠤᠨ ᠦᠭᠡ ᠬᠡᠯᠡ ᠨᠢ ᠶᠠᠭᠤᠨ ᠤ ᠡᠮᠦᠨ᠎ᠡ ᠭᠡᠷ ᠤᠨ ᠠᠬᠠᠮᠠᠳ ᠢ | ᠳᠠᠭᠤᠷᠢᠶᠠᠬᠤ᠂ ᠭᠡᠷ ᠤᠨ ᠠᠬᠠᠮᠠᠳ ᠤᠨ ᠵᠠᠯᠠᠷᠠᠭᠤᠯᠭ᠎ᠠ ᠪᠠᠷ ᠳᠠᠮᠵᠢᠨ ᠳᠠᠰᠤᠷᠠᠯᠳᠠ ᠦᠭᠡᠢ ᠪᠤᠶᠢᠵᠢᠬᠤ | ᠦᠩᠭᠡᠷᠡᠭᠡᠯᠳᠡ ᠲᠠᠢ᠃ ᠳᠠᠷᠠᠭ᠎ᠠ ᠨᠢ ᠭᠠᠷ ᠤᠳᠠᠰᠤ ᠨᠠᠭᠠᠳᠤᠭᠰᠠᠨ ᠬᠡᠤᠬᠡᠳ ᠬᠦᠮᠦᠨ ᠲᠠᠢ ᠬᠠᠷᠢᠯᠴᠠᠬᠤ ᠵᠠᠪᠰᠢᠶᠠᠨ | ᠬᠤᠮᠰᠠᠳᠠᠵᠤ᠂ ᠦᠭᠡ ᠬᠡᠯᠡᠨ ᠤ ᠪᠤᠶᠢᠵᠢᠯᠳᠠ ᠠᠶᠠᠨᠳᠠᠭᠠᠨ ᠤᠳᠠᠭᠠᠰᠢᠷᠠᠬᠤ ᠪᠠᠶᠢᠳᠠᠯ ᠲᠠᠢ ᠪᠤᠯᠤᠨ᠎ᠠ᠃ ᠡᠭᠦᠨ ᠠᠴᠠ | ᠭᠠᠳᠠᠨ᠎ᠠ᠂ ᠶᠡᠭᠡ ᠳᠠᠷᠢᠬᠢᠨ ᠤ ᠮᠡᠳᠡᠷᠡᠯ ᠳᠤᠨᠢ ᠬᠤᠤᠷ ᠨᠦᠯᠦᠭᠡ ᠦᠵᠡᠬᠦᠯᠳᠡᠭ ᠪᠦᠭᠡᠳ ᠨᠢᠳᠦ ᠮᠠᠭᠤᠳᠠᠬᠤ᠂ | ᠬᠦᠵᠦᠭᠦᠦ ᠰᠡᠭᠡᠷ ᠨᠢᠷᠤᠭᠤᠨ ᠤ ᠪᠤᠶᠢᠵᠢᠯᠳᠠ ᠶᠢ ᠬᠠᠷᠰᠢᠯᠠᠬᠤ᠂ ᠪᠡᠶ᠎ᠡ ᠶᠢᠨ ᠦᠰᠦᠯᠳᠡ ᠨᠢ ᠤᠳᠠᠭᠠᠰᠢᠷᠠᠬᠤ ᠵᠡᠷᠭᠡ | ᠨᠦᠯᠦᠭᠡ ᠦᠵᠡᠭᠦᠯᠳᠡᠭ ᠪᠠᠶᠢᠨ᠎ᠠ᠃ ᠤᠨᠴᠠᠭᠠᠢᠢᠯᠠᠨ ᠬᠡᠤᠬᠡᠳ ᠤᠨ ᠵᠠᠩ ᠠᠭᠠᠰᠢ ᠶᠢ ᠴᠤ ᠨᠦᠯᠦᠭᠡᠯᠡᠳᠡᠭ᠃ ᠬᠡᠤᠬᠡᠳ | ᠵᠤᠷᠢᠭ ᠦᠭᠡᠢ᠂ ᠵᠤᠵᠢᠭ ᠪᠤᠯᠬᠤ ᠵᠡᠷᠭᠡ ᠪᠠᠶᠢᠳᠠᠯ ᠲᠠᠢ ᠪᠤᠯᠵᠤ ᠡᠴᠢᠭᠡ ᠡᠬᠡ ᠠᠴᠠ ᠪᠠᠨ ᠵᠠᠶᠢᠳᠠᠳᠠᠭ᠃ | ᠤᠶᠤᠨᠳᠤ ᠭᠠᠷ ᠤᠳᠠᠰᠤᠨ ᠤ ᠤᠳᠤ ᠦᠶ᠎ᠡ ᠶᠢᠨ ᠬᠦᠮᠦᠰ ᠤᠨ ᠠᠮᠢᠳᠤᠷᠠᠯ ᠳᠤ ᠦᠵᠡᠭᠦᠯᠬᠦ ᠨᠦᠯᠦᠭᠡ ᠶᠠᠪᠤᠬᠤ | ᠳᠤᠳᠤᠮ ᠶᠡᠬᠡᠰᠴᠦ ᠪᠤᠢ᠂ ᠪᠦᠷᠢᠮᠦᠰᠦᠨ ᠴᠠᠭᠠᠵᠠᠯᠠᠨ᠎ᠠ ᠭᠡᠳᠡᠭ ᠨᠢ ᠴᠤ ᠪᠤᠳᠠᠳᠠᠢ ᠲᠠᠢ ᠨᠡᠶᠢᠴᠡᠬᠦ ᠦᠭᠡᠢ᠂ | ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠨᠢ ᠬᠠᠮᠤᠭ ᠴᠢᠬᠤᠯᠠ ᠶᠤᠮ᠃ ᠡᠭᠦᠨ ᠳᠤ ᠬᠡᠤᠬᠡᠳ ᠤᠨ | ᠳᠡᠷᠭᠡᠳᠡ ᠭᠠᠷ ᠤᠳᠠᠰᠤ ᠳᠤᠳᠠᠭᠤ ᠬᠡᠷᠡᠭᠯᠡᠵᠦ᠂ ᠭᠡᠷ ᠲᠡᠭᠡᠨ ᠭᠠᠷ ᠤᠳᠠᠰᠤ ᠴᠠᠭᠠᠵᠠᠯᠠᠬᠤ ᠬᠤᠭᠤᠴᠠᠭ᠎ᠠ ᠪᠤᠶᠤ | ᠤᠷᠤᠨ ᠵᠠᠢ ᠭᠠᠷᠭᠠᠵᠤ᠂ ᠬᠡᠤᠬᠡᠳ ᠲᠡᠭᠡᠨ ᠢᠯᠡᠭᠦᠭᠡᠨ ᠬᠠᠨᠢ ᠪᠤᠯᠵᠤ ᠨᠠᠭᠠᠳᠤᠨ᠂ ᠨᠤᠮ ᠪᠢᠴᠢᠭ ᠤᠩᠰᠢᠵᠤ ᠦᠭᠪᠡᠯ | ᠳᠠᠭᠠᠷᠠᠨ᠎ᠠ᠃ ᠬᠡᠤᠬᠡᠳ ᠠᠭᠠᠰᠢᠯᠠᠵᠤ ᠵᠠᠩᠨᠠᠭᠰᠠᠨ ᠴᠤ ᠳᠡᠰᠪᠦᠷᠢ ᠳᠡᠪᠴᠢᠶᠡᠷᠢ ᠲᠠᠢ ᠪᠠᠷ ᠠᠷᠭᠠᠳᠠᠵᠤ | ᠤᠬᠠᠭᠠᠷᠠᠭᠤᠯᠬᠤ ᠨᠢ ᠵᠦᠪ᠂ ᠬᠠᠷᠢᠨ ᠭᠠᠷ ᠤᠳᠠᠰᠤ ᠪᠠᠷ ᠰᠠᠭᠠᠳᠠᠭᠤᠯᠬᠤ ᠶᠢ ᠳᠡᠪᠴᠢᠪᠡᠯ ᠵᠤᠬᠢᠨ᠎ᠠ᠃ | | ᠨᠠᠶᠢᠷᠠᠭᠤᠯᠤᠭᠴᠢ᠄ ᠭᠡᠭᠡᠨᠳᠤᠶᠠᠭ᠎ᠠ | | |