ᠤᠩᠨᠢᠭᠤᠳ ᠬᠤᠰᠢᠭᠤ 8 ᠰᠠᠷ᠎ᠠ ᠶᠢᠨ 15 ᠤ ᠡᠳᠦᠷ ᠲᠡᠭᠡᠳᠦ ᠰᠣᠷᠭᠠᠭᠤᠯᠢ ᠠᠴᠠ ᠲᠡᠭᠦᠰᠦᠭᠰᠡᠳ ᠪᠠ ᠳᠠᠩᠰᠠ ᠪᠠᠶᠢᠭᠤᠯᠣᠨ ᠺᠠᠷᠲ ᠵᠣᠬᠢᠶᠠᠭᠰᠠᠨ ᠶᠠᠳᠠᠭᠤ ᠬᠦᠴᠢᠷᠲᠠᠢ ᠬᠦᠮᠦᠰ ᠤᠨ ᠲᠣᠰᠬᠠᠢ ᠲᠠᠯᠠᠪᠣᠷ ᠤᠨ ᠣᠷᠢᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2017/8/16
         ᠶᠡᠷᠦᠩᠬᠡᠢ ᠰᠠᠶᠢᠳ ᠯᠢ ᠺᠧ ᠴᠢᠶᠠᠩ ᠤᠨ ᠵᠢᠭᠠᠪᠦᠷᠢ ᠶᠢ ᠢᠳᠡᠪᠬᠢᠲᠠᠢ ᠣᠷᠢᠶᠠᠯᠠᠨ ᠳᠠᠭᠠᠵᠣ᠂ ᠲᠡᠭᠡᠳᠦ ᠰᠣᠷᠭᠠᠭᠤᠯᠢ ᠠᠴᠠ ᠲᠡᠭᠦᠰᠦᠭᠰᠡᠳ ᠪᠠ ᠳᠠᠩᠰᠠ ᠪᠠᠶᠢᠭᠤᠯᠣᠨ ᠺᠠᠷᠲ ᠵᠣᠬᠢᠶᠠᠭᠰᠠᠨ ᠶᠠᠳᠠᠭᠤ ᠬᠦᠴᠢᠷᠲᠠᠢ ᠬᠦᠮᠦᠰ ᠤᠨ ᠠᠵᠢᠯ ᠤᠯᠭᠤᠯᠲᠠ ᠶᠢ ᠠᠬᠢᠭᠤᠯᠵᠣ᠂ ᠪᠦᠬᠦ ᠬᠤᠰᠢᠭᠤᠨ ᠤ ᠠᠵᠢᠯ ᠤᠯᠭᠤᠯᠲᠠ ᠶᠢᠨ ᠶᠠᠰᠤ ᠴᠢᠨᠠᠷ ᠢ ᠣᠯᠠᠮ ᠨᠢᠭᠡ ᠠᠯᠬᠤᠮ ᠲᠡᠭᠡᠭᠰᠢᠯᠡᠭᠦᠯᠦᠨ᠂ ᠤᠨᠢᠨ ᠳᠡᠭᠡᠷ᠎ᠡ ᠶᠠᠳᠠᠭᠤ ᠶᠢ ᠳᠡᠳᠭᠦᠬᠦ ᠳᠤ ᠬᠦᠴᠦ ᠨᠡᠮᠡᠷᠢᠯᠡᠬᠦ ᠶᠢᠨ ᠲᠦᠯᠦᠭᠡ᠂ ᠤᠩᠨᠢᠭᠤᠳ ᠬᠤᠰᠢᠭᠤ 8 ᠰᠠᠷ᠎ᠠ ᠶᠢᠨ 15 ᠤ ᠡᠳᠦᠷ ᠲᠡᠭᠡᠳᠦ ᠰᠣᠷᠭᠠᠭᠤᠯᠢ ᠠᠴᠠ ᠲᠡᠭᠦᠰᠦᠭᠰᠡᠳ ᠪᠠ ᠳᠠᠩᠰᠠ ᠪᠠᠶᠢᠭᠤᠯᠣᠨ ᠺᠠᠷᠲ ᠵᠣᠬᠢᠶᠠᠭᠰᠠᠨ ᠶᠠᠳᠠᠭᠤ ᠬᠦᠴᠢᠷᠲᠠᠢ ᠬᠦᠮᠦᠰ ᠤᠨ ᠲᠣᠰᠬᠠᠢ ᠲᠠᠯᠠᠪᠣᠷ ᠤᠨ ᠣᠷᠢᠯᠲᠠ ᠶᠢᠨ ᠬᠤᠷᠠᠯ ᠬᠢᠵᠣ᠂ 17 ᠠᠵᠣ ᠠᠬᠤᠶᠢᠯᠠᠯ ᠠᠴᠠ 1800 ᠠᠵᠢᠯ ᠤᠨ ᠪᠠᠶᠢᠷᠢ ᠬᠠᠩᠭᠠᠪᠠ᠃ᠤᠶᠢᠯᠭᠠᠭᠰᠠᠨ ᠢᠶᠠᠷ᠂ 1 ᠠᠴᠠ 7 ᠰᠠᠷ᠎ᠠ ᠪᠣᠯᠲᠠᠯ᠎ᠠ᠂ ᠬᠤᠰᠢᠭᠤᠨ ᠤ ᠬᠤᠲᠠ ᠬᠦᠳᠡᠭᠡ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ᠂ ᠦᠢᠯᠡᠰ ᠪᠤᠰᠬᠠᠬᠤ ᠪᠠᠷ ᠠᠵᠢᠯ ᠤᠯᠭᠤᠯᠲᠠ ᠶᠢ ᠳᠠᠶᠢᠴᠢᠯᠠᠭᠰᠠᠨ᠂ ᠳᠠᠬᠢᠨ ᠠᠵᠢᠯ ᠤᠯᠣᠭᠰᠠᠨ ᠬᠦᠮᠦᠨ ᠤ ᠲᠤᠭ᠎ᠠ 2400 ᠬᠦᠷᠴᠦ᠂ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠣᠯᠣᠭᠰᠠᠨ ᠬᠦᠮᠦᠨ ᠤ ᠲᠤᠭ᠎ᠠ5.8 ᠲᠦᠮᠡ ᠬᠦᠷᠴᠦ᠂ ᠬᠤᠲᠠ ᠪᠠᠯᠭᠠᠰᠦ ᠶᠢᠨ ᠪᠦᠷᠢᠳᠭᠡᠭᠦᠯᠦᠭᠰᠡᠨ ᠠᠵᠢᠯ ᠠᠯᠳᠠᠬᠤ ᠨᠤᠷᠮ᠎ᠠ ᠶᠢ 4.1% ᠤᠨ ᠳᠤᠲᠣᠷ᠎ᠠ ᠡᠵᠡᠮᠰᠢᠪᠡ᠃                                         ᠡᠷᠳᠡᠨᠢᠳᠦᠭᠦᠷᠡᠩ ᠬᠦᠭᠵᠢᠯᠲᠦ ᠰᠡᠭᠦᠳᠡᠷᠯᠡᠨ ᠮᠡᠳᠡᠭᠡᠯᠡᠪᠡ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号