ᠤᠷᠤᠨ ᠲᠠᠶᠠᠭᠠᠷ ᠤᠨ ᠲᠠᠪᠤᠲᠤᠭᠠᠷ ᠬᠤᠭᠤᠴᠠᠭᠠᠨ ᠤ ︽ᠨᠤᠮ ᠡᠷᠲᠡᠨᠢ︾ ᠬᠡᠦᠬᠡᠳ ᠤᠨ ᠮᠤᠩᠭᠤᠯ ᠰᠢᠯᠦᠭ ᠤᠨ ᠤᠷᠤᠯᠲᠤᠭᠠᠨ ᠬᠦᠬᠡᠬᠤᠲᠠ ᠳᠤ ᠪᠤᠯᠵᠤ ᠦᠩᠭᠡᠷᠡᠪᠡ
ᠨᠡᠶᠢᠲᠡᠯᠡᠭᠰᠡᠨ ᠴᠠᠭ᠄
2017/8/22
      ᠰᠢᠨᠬᠤᠧᠠ ᠮᠤᠩᠭᠤᠯ ᠨᠧᠲ ᠬᠦᠬᠡᠬᠤᠲᠠ ᠶᠢᠨ 8 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ︵ᠬ᠊ ᠦᠵᠡᠰᠭᠦᠯᠡᠩ︶ 19 ᠤ ᠡᠲᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠬᠦ ᠪᠠᠷ ᠦᠪᠦᠷ ᠮᠤᠩᠭᠤᠯ ᠤᠨ ᠨᠤᠮ ᠠᠴᠠ ᠰᠠᠩ ᠠᠴᠠ ᠵᠤᠬᠢᠶᠠᠨ ᠪᠠᠶᠢᠭᠤᠯᠤᠭᠰᠠᠨ ᠲᠠᠪᠤᠲᠤᠭᠠᠷ ᠬᠤᠭᠤᠴᠠᠭᠠᠨ ᠤ ︽ᠨᠤᠮ ᠡᠷᠲᠡᠨᠢ︾ ᠬᠡᠦᠬᠡᠳ ‍ᠤᠨ‌ᠮᠤᠩᠭᠤᠯ ᠰᠢᠯᠦᠭ ᠤᠨ ᠤᠷᠤᠯᠲᠤᠭᠠᠨ ᠬᠦᠬᠡᠬᠤᠲᠠ ᠳᠤ ᠪᠤᠯᠵᠤ ᠦᠩᠭᠡᠷᠡᠯ᠎ᠡ᠃
                           ︵ᠵᠢᠷᠤᠭ ᠢ ᠦᠪᠦᠷ ᠮᠤᠩᠭᠤᠯ ᠤᠨ ᠨᠤᠮ ᠤᠨ ᠰᠠᠩ ᠬᠠᠩᠭᠠᠪᠠ︶      ᠤᠶᠢᠯᠠᠭᠠᠭᠰᠠᠨ ᠢᠶᠠᠷ ᠲᠤᠰ ᠬᠤᠭᠤᠴᠠᠭᠠᠨ ᠤ ᠤᠷᠤᠯᠲᠤᠭᠠᠨ ᠴᠡᠴᠡᠷᠯᠢᠭ ᠤᠨ ᠪᠠᠭ᠂ ᠪᠠᠭ᠎ᠠ ᠰᠤᠷᠭᠠᠭᠤᠯᠢ ᠶᠢᠨ ᠲᠤᠤᠷᠠᠲᠤ ᠠᠩᠬᠢ ᠶᠢᠨ ᠪᠠᠭ᠂ ᠪᠠᠭ᠎ᠠ ᠰᠤᠷᠭᠠᠭᠤᠯᠢ ᠶᠢᠨ ᠲᠡᠭᠡᠳᠦ ᠠᠩᠬᠢ ᠶᠢᠨ ᠪᠠᠭ ᠬᠤᠪᠢᠶᠠᠨ ᠠᠩᠬᠠᠨ ᠤ ᠰᠢᠯᠭᠠᠷᠠᠭᠤᠯᠤᠯᠲᠠ ᠪᠠᠷ 56 ᠪᠦᠲᠦᠭᠡᠯ ᠴᠤᠯᠭᠤᠷᠠᠨ ᠰᠢᠢᠳᠪᠦᠷᠢᠲᠦ ᠤᠷᠤᠯᠲᠤᠭᠠᠨ ᠳᠤ ᠤᠷᠤᠯᠴᠠᠪᠠ᠃      ᠬᠢᠨᠠᠭᠴᠢᠳ ᠤᠨ ᠲᠦᠪ ᠭᠤᠤᠯᠴᠢ ᠤᠨᠤᠭ᠎ᠠ ᠦᠭᠬᠦᠯᠲᠠ ᠪᠠ ᠬᠡᠦᠬᠡᠳ ᠤᠨ ᠬᠤᠷᠴᠠ ᠠᠪᠬᠠᠯᠵᠢ ᠤᠷᠠᠨ ᠲᠤᠲᠤ ᠢᠷᠠᠭᠤ ᠤᠩᠰᠢᠯᠭ᠎ᠠ ᠪᠠᠷ ᠴᠡᠴᠡᠷᠯᠢᠭ ᠤᠨ ᠪᠠᠭ ᠲᠤ ᠪᠠᠷᠠᠭᠤᠨ ᠦᠵᠦᠮᠦᠴᠢᠨ ᠬᠤᠰᠢᠭᠤᠨ ᠤ ᠭᠢᠯᠪᠠᠭ᠎ᠠ ︽ᠮᠠᠯᠴᠢᠨ︾ ᠪᠦᠲᠦᠭᠡᠯ ᠢᠶᠠᠷ ᠢᠶᠠᠨ᠂ ᠠᠷᠤ ᠬᠤᠷᠴᠢᠨ ᠬᠤᠰᠢᠭᠤᠨ ᠤ ᠠᠵᠠᠰᠠᠶᠢᠬᠠᠨ ︽ᠡᠵᠢ︾ ᠪᠦᠲᠦᠭᠡᠯ ᠢᠶᠠᠷ ᠢᠶᠠᠨ ︔ ᠪᠠᠭ᠎ᠠ ᠰᠤᠷᠭᠠᠭᠤᠯᠢ ᠶᠢᠨ ᠲᠤᠤᠷᠠᠲᠤ ᠠᠩᠬᠢ ᠶᠢᠨ ᠪᠠᠭ ᠲᠤ ᠵᠡᠬᠦᠨ ᠦᠵᠦᠮᠦᠴᠢᠨ ᠬᠤᠰᠢᠭᠤᠨ ᠤ ᠪᠤᠯᠤᠷᠮ᠎ᠠ ︽ᠮᠤᠩᠭᠤᠯ ᠬᠡᠯᠡ︾ ᠪᠦᠲᠦᠭᠡᠯ ᠢᠶᠠᠷ ᠢᠶᠠᠨ︔ ᠪᠠᠷᠠᠭᠤᠨ ᠦᠵᠦᠮᠦᠴᠢᠨ ᠬᠤᠰᠢᠭᠤᠨ ᠤ ᠨᠠᠮᠤᠬᠠᠨ ︽ᠦᠵᠦᠮᠦᠴᠢᠨ︾ ᠪᠦᠲᠦᠭᠡᠯ ᠢᠶᠠᠷ ᠢᠶᠠᠨ᠂ ᠪᠠᠭ᠎ᠠ ᠰᠤᠷᠭᠠᠭᠤᠯᠢ ᠶᠢᠨ ᠲᠡᠭᠡᠲᠦ ᠠᠩᠬᠢ ᠶᠢᠨ ᠪᠠᠭ ᠲᠤ ᠵᠡᠬᠦᠨ ᠦᠵᠦᠮᠦᠴᠢᠨ ᠬᠤᠰᠢᠭᠤᠨ ᠤ ᠵᠤᠯᠰᠠᠷᠠ ︽ᠤᠷᠲᠤ ᠶᠢᠨ ᠲᠠᠭᠤᠤ︾ ᠪᠦᠲᠦᠭᠡᠯ ᠢᠶᠠᠷ ᠢᠶᠠᠨ︔ ᠵᠡᠬᠦᠨ ᠦᠵᠦᠮᠦᠴᠢᠨ ᠬᠤᠰᠢᠭᠤᠨ ᠤ ᠴᠡᠯᠭᠡᠮ᠎ᠡ ︽ᠶᠢᠷᠲᠢᠨᠴᠦ ᠶᠢᠨ ᠰᠠᠶᠢᠬᠠᠨ ᠦᠪᠦᠷ ᠮᠤᠩᠭᠤᠯ︾ ᠪᠦᠲᠦᠭᠡᠯ ᠢᠶᠠᠷ ᠢᠶᠠᠨ᠂ ᠲᠡᠷᠢᠬᠦᠨ ᠪᠠᠶᠢᠷᠢ ᠳᠤ ᠲᠤᠲᠤᠷᠠᠪᠠ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号