ᠣᠩᠨᠢᠭᠤᠳ ᠬᠤᠰᠢᠭᠤ ᠶᠡᠭᠡ ᠰᠣᠷᠭᠠᠭᠤᠯᠢ ᠲᠡᠬᠦᠰᠦᠭᠰᠡᠳ ᠪᠣᠯᠣᠨ ᠶᠠᠳᠠᠭᠤ ᠬᠦᠴᠢᠷᠳᠡᠢ ᠬᠦᠮᠦᠰ ᠢ ᠣᠷᠢᠨ ᠬᠡᠷᠡᠭᠯᠡᠬᠦ ᠲᠣᠰᠬᠠᠢ ᠲᠠᠯᠠᠪᠣᠷ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2017/8/22
       ᠶᠡᠷᠦᠩᠬᠡᠢ ᠰᠠᠶᠢᠳ ᠯᠢ ᠺᠧ ᠴᠢᠶᠠᠩ ᠤᠨ ᠵᠢᠭᠠᠪᠦᠷᠢ ᠶᠢ ᠢᠳᠡᠪᠬᠢᠳᠡᠢ ᠣᠷᠢᠶᠠᠯᠠᠨ ᠲᠠᠭᠠᠵᠣ᠂ ᠶᠡᠭᠡ ᠰᠣᠷᠭᠠᠭᠤᠯᠢ ᠠᠴᠠ ᠲᠡᠬᠦᠰᠦᠭᠰᠡᠳ ᠪᠠ ᠲᠠᠩᠰᠠ ᠪᠠᠶᠢᠭᠤᠯᠣᠨ ᠺᠠᠷᠲ ᠳᠤ ᠲᠡᠮᠳᠡᠭᠯᠡᠭᠳᠡᠭᠰᠡᠨ‌‍ᠶᠠᠳᠠᠭᠤ ᠬᠦᠴᠢᠷᠳᠡᠢ ᠬᠦᠮᠦᠰ ᠤᠨ ᠠᠵᠢᠯ ᠣᠯᠭᠤᠯᠳᠠ ᠶᠢ ᠠᠬᠢᠭᠤᠯᠵᠣ᠂ ᠪᠦᠬᠦ ᠬᠤᠰᠢᠭᠤᠨ ᠤ ᠠᠵᠢᠯ ᠣᠯᠭᠤᠯᠳᠠ ᠶᠢᠨ ᠶᠠᠰᠣ ᠴᠢᠨᠠᠷ ᠢ ᠣᠯᠠᠮ ᠨᠢᠬᠡ ᠠᠯᠬᠤᠮ ᠲᠡᠬᠡᠭᠰᠢᠯᠡᠬᠦᠯᠦᠨ᠂ ᠣᠨᠢᠨ ᠲᠡᠬᠡᠷ᠎ᠡ ᠨᠢ ᠶᠠᠳᠠᠭᠤ ᠶᠢ ᠲᠡᠳᠬᠦᠬᠦ ᠳᠤ ᠬᠦᠴᠦ ᠨᠡᠮᠡᠷᠢᠯᠡᠬᠦ ᠵᠢᠨ‌‍ᠲ᠋ᠦ᠋ᠯᠦᠬᠡ᠂ ᠣᠩᠨᠢᠭᠤᠳ ᠬᠤᠰᠢᠭᠤ ᠤᠢᠢᠷ᠎ᠠ ᠳᠤ ᠶᠡᠭᠡ ᠰᠣᠷᠭᠠᠭᠤᠯᠢ ᠠᠴᠠ ᠲᠡᠬᠦᠰᠦᠭᠰᠡᠳ ᠪᠠ ᠲᠠᠩᠰᠠ ᠪᠠᠶᠢᠭᠤᠯᠣᠨ ᠺᠠᠷᠲ ᠳᠤ ᠲᠡᠮᠳᠡᠭᠯᠡᠭᠳᠡᠭᠰᠡᠨ ᠶᠠᠳᠠᠭᠤ ᠬᠦᠴᠢᠷᠳᠡᠢ ᠬᠦᠮᠦᠰ ᠢ ᠣᠷᠢᠨ ᠬᠡᠷᠡᠭᠯᠡᠬᠦ ᠲᠣᠰᠬᠠᠢ ᠲᠠᠯᠠᠪᠣᠷ ᠤᠨ ᠬᠤᠷᠠᠯ ᠡᠷᠬᠢᠯᠡᠵᠦ᠂ 17 ᠠᠵᠣ ᠠᠬᠤᠢᠢᠯᠠᠯ ᠠᠴᠠ 1800 ᠠᠵᠢᠯ ᠤᠨ ᠪᠠᠶᠢᠷᠢ ᠬᠠᠩᠭᠠᠪᠠ᠃ ᠡᠭᠦᠨ ᠢᠶᠠᠷ ᠳᠠᠮᠵᠢᠭᠤᠯᠵᠤ᠂ ᠨᠡᠩ ᠤᠯᠡᠨ ᠬᠦᠳᠡᠯᠮᠦᠷᠢ ᠬᠦᠴᠦ ᠶᠢᠨ ᠬᠠᠩᠭᠠᠯᠭ᠎ᠠ ᠬᠡᠷᠡᠭᠴᠡᠭᠡ ᠲᠠᠢ ᠬᠤᠶᠠᠷ ᠡᠳᠡᠭᠡᠳ ᠲᠤ ᠰᠢᠭᠤᠳ ᠬᠠᠷᠢᠯᠴᠠᠬᠤ ᠳᠠᠪᠴᠠᠩ ᠬᠠᠩᠭᠠᠨ ᠦᠭᠴᠦ᠂ ᠠᠵᠤ ᠠᠬᠤᠢᠢᠯᠠᠯ ᠤᠨ ᠬᠦᠭᠵᠢᠯᠳᠡ ᠳᠤ ᠰᠠᠶᠢᠳᠦᠷ ᠦᠢᠯᠡᠴᠢᠯᠡᠬᠦ ᠶᠢᠨ ᠳᠦᠯᠦᠭᠡ ᠶᠡᠭᠡ ᠰᠤᠷᠭᠠᠭᠤᠯᠢ ᠠᠴᠠ ᠳᠡᠭᠦᠰᠦᠭᠰᠡᠳ ᠪᠠ ᠬᠤᠳᠠ ᠬᠦᠳᠡᠭᠡ ᠶᠢᠨ ᠶᠠᠳᠠᠭᠤ ᠬᠦᠴᠢᠷᠳᠡᠢ ᠡᠷᠦᠬᠡ ᠶᠢᠨ ᠦᠯᠡᠭᠦᠦ ᠬᠦᠳᠡᠯᠮᠦᠷᠢ ᠬᠦᠴᠦ ᠳᠤ ᠤᠷᠤᠨ ᠨᠤᠳᠤᠭ ᠲᠤᠨᠢ ᠠᠵᠢᠯ ᠤᠯᠭᠤᠬᠤ ᠦᠢᠯᠡᠴᠢᠯᠡᠭᠡ ᠬᠠᠩᠭᠠᠵᠤ ᠠᠵᠤ ᠠᠬᠤᠢ ᠶᠢᠨ ᠬᠦᠭᠵᠢᠯᠳᠡ ᠶᠢ ᠠᠬᠢᠭᠤᠯᠵᠠᠢ᠃ ᠤᠩᠨᠢᠭᠤᠳ ᠬᠤᠰᠢᠭᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠠᠵᠢᠯ ᠤᠯᠭᠤᠯᠳᠠ ᠶᠢᠨ ᠡᠯ᠎ᠡ ᠳᠦᠷᠦᠯ ᠤᠨ ᠴᠢᠭᠯᠡᠯᠳᠡ ᠶᠢ ᠳᠤᠭᠳᠠᠭᠠᠵᠤ᠂ ᠤᠩᠨᠢᠭᠤᠳ ᠬᠤᠰᠢᠭᠤᠨ ᠤ ︽1 ᠭᠤᠭᠴᠤᠭ᠎ᠠ᠂ 3 ᠳᠤᠭᠤᠷᠢᠭ᠂ 7 ᠬᠦᠷᠢᠶᠡᠯᠡᠩ︾ ᠪᠠ ᠪᠤᠯᠪᠠᠰᠤᠷᠠᠭᠤᠯᠵᠤ ᠦᠢᠯᠡᠳᠬᠦ᠂ ᠦᠩᠭᠡᠳᠦ ᠳᠡᠮᠦᠷᠯᠢᠭ ᠬᠠᠶᠢᠯᠤᠭᠤᠯᠬᠤ᠂ ᠮᠠᠯ ᠳᠠᠷᠢᠶᠠᠯᠠᠩ ᠤᠨ ᠠᠰᠢᠭ ᠰᠢᠮ᠎ᠡ ᠶᠢᠨ ᠦᠢᠯᠡᠳᠬᠦᠨ ᠢ ᠪᠤᠯᠪᠠᠰᠤᠷᠠᠭᠤᠯᠬᠤ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠳᠦᠷᠪᠡᠨ ᠶᠡᠭᠡ ᠳᠤᠯᠭᠠᠭᠤᠷᠢ ᠠᠵᠤ ᠦᠢᠯᠡᠰ ᠵᠢᠴᠢ ᠳᠠᠷᠢᠶᠠᠯᠠᠩ ᠮᠠᠯ ᠠᠵᠤ ᠠᠬᠤᠢ ᠶᠢᠨ ︽3661︾ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠳᠤᠭᠤᠷᠢᠨ ᠳᠤ᠂ ᠬᠤᠳᠠ ᠬᠦᠳᠡᠭᠡ ᠶᠢᠨ ᠬᠦᠳᠡᠯᠮᠦᠷᠢ ᠬᠦᠴᠦ ᠳᠤ ᠠᠵᠢᠯ ᠤᠯᠭᠤᠬᠤ ᠶᠢ ᠪᠠᠷᠢᠮᠳᠠᠯᠠᠨ᠂ ᠬᠦᠳᠡᠯᠮᠦᠷᠢ ᠠᠵᠤ ᠠᠬᠤᠢ ᠶᠢ ᠶᠡᠬᠡᠪᠡᠷ ᠬᠦᠭᠵᠢᠭᠦᠯᠬᠦ ᠶᠢ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ ᠠᠳᠬᠤᠵᠤ᠂ ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠳᠤᠭᠳᠠᠭᠠᠵᠤ᠂ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠨ᠂ ᠠᠵᠢᠯ ᠤᠯᠭᠤᠯᠳᠠ ᠶᠢᠨ ᠳᠠᠪᠴᠠᠩ ᠢ ᠪᠠᠶᠢᠭᠤᠯᠵᠤ᠂ ᠠᠵᠢᠯ ᠤᠯᠬᠤ ᠨᠤᠷᠮ᠎ᠠ ᠶᠢ ᠳᠡᠭᠡᠭᠰᠢᠯᠡᠭᠦᠯᠵᠦ ᠠᠷᠠᠳ ᠤᠨ ᠤᠷᠤᠯᠭ᠎ᠠ ᠶᠢ ᠨᠡᠮᠡᠭᠳᠡᠬᠦᠯᠵᠠᠢ᠃      ᠣᠢᠢᠯᠠᠭᠠᠬᠰᠠᠨ ᠢᠶᠠᠷ᠂ 1 ᠠᠴᠠ 7 ᠰᠠᠷ᠎ᠠ ᠪᠣᠯᠳᠠᠯ᠎ᠠ᠂ ᠬᠤᠰᠢᠭᠤᠨ ᠤ ᠬᠤᠳᠠ ᠬᠦᠳᠡᠭᠡ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠬᠰᠠᠨ ᠪᠠ ᠦᠢᠯᠡᠰ ᠪᠣᠰᠬᠠᠬᠤ ᠪᠠᠷ  ᠲᠠᠶᠢᠴᠢᠯᠠᠵᠤ  ᠂ ᠠᠵᠢᠯ  ᠬᠦᠮᠦᠨ ᠤ ᠲᠤᠭ᠎ᠠ 2400 ᠬᠦᠷᠴᠦ᠂ ᠬᠦᠳᠡᠯᠮᠦᠷᠢ ᠬᠦᠴᠦ ᠳᠤ ᠠᠵᠢᠯ ᠣᠯᠣᠭᠤᠬᠰᠠᠨ ᠬᠦᠮᠦᠨ ᠤ ᠲᠤᠭ᠎ᠠ 5.8 ᠲᠦᠮᠡ ᠳᠤ ᠬᠦᠷᠴᠦ ᠂ ᠬᠤᠳᠠ ᠪᠠᠯᠭᠠᠰᠣ ᠶᠢᠨ ᠪᠦᠷᠢᠳᠬᠡᠬᠦᠯᠦᠭᠰᠡᠨ ᠠᠵᠢᠯ ᠠᠯᠳᠠᠬᠤ ᠨᠣᠷᠮ᠎ᠠ ᠶᠢ 4.1% ᠤᠨ ᠲᠣᠳᠣᠷ᠎ᠠ ᠬᠢᠵᠠᠭᠠᠷᠯᠠᠭᠰᠠᠨ ᠪᠠᠶᠢᠨ᠎ᠠ᠃                                                                    ᠡᠷᠳᠡᠨᠢᠳᠦᠭᠦᠷᠡᠩ
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号