ᠤᠯᠠᠭᠠᠨᠬᠠᠳᠠ ᠬᠤᠲᠠ ︽ᠳᠡᠯᠡᠬᠡᠢ ᠶᠢᠨ ᠳᠡᠰ ᠤᠨ ᠵᠤᠭᠠᠴᠠᠯ ᠤᠨ ᠵᠤᠷᠢᠯᠲᠠ ᠶᠢᠨ ᠭᠠᠵᠠᠷ ᠢ ᠪᠦᠲᠦᠭᠡᠨ ᠪᠠᠶᠢᠭᠤᠯᠵᠤ︾ ᠡᠬᠢᠯᠡᠪᠡ
ᠨᠡᠶᠢᠲᠡᠯᠡᠭᠰᠡᠨ ᠴᠠᠭ᠄
2017/8/24
     ︽ᠤᠯᠠᠭᠠᠨᠬᠠᠳᠠ ᠶᠢ ᠳᠡᠯᠡᠬᠡᠢ ᠶᠢᠨ ᠳᠡᠰ ᠤᠨ ᠵᠤᠭᠠᠴᠠᠯ ᠤᠨ ᠵᠤᠷᠢᠭᠰᠠᠨ ᠭᠠᠵᠠᠷ ᠪᠤᠯᠭᠠᠨ ᠪᠦᠲᠦᠭᠡᠨ ᠪᠠᠶᠢᠭᠤᠯᠤᠨ᠎ᠠ︾᠃ ᠡᠨᠡ ᠪᠤᠯ ᠵᠢᠯ ᠤᠨ ᠡᠬᠢᠨ ᠳᠤ ᠬᠤᠷᠠᠯᠳᠤᠭᠰᠠᠨ ᠤᠯᠠᠭᠠᠨᠬᠠᠳᠠ ᠬᠤᠲᠠ ᠶᠢᠨ ︽ᠪᠦᠬᠦ ᠬᠤᠲᠠ ᠶᠢᠨ ᠵᠤᠭᠠᠴᠠᠯ ᠤᠨ ᠬᠦᠭᠵᠢᠯᠲᠡ ᠶᠢᠨ ᠶᠡᠭᠡ ᠬᠤᠷᠠᠯ︾ ᠳᠡᠭᠡᠷ᠎ᠡ ᠳᠤᠷᠠᠳᠤᠭᠰᠠᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠤᠯᠤᠨ᠎ᠠ᠃ᠰᠤᠷᠪᠤᠯᠵᠢᠯᠠᠭᠴᠢ ᠤᠯᠠᠭᠠᠨᠬᠠᠳᠠ ᠬᠤᠲᠠ ᠶᠢᠨ ᠵᠤᠭᠠᠴᠠᠯ ᠤᠨ ᠲᠤᠪᠴᠢᠶᠠᠨ ᠠᠴᠠ ᠤᠶᠢᠯᠠᠭᠠᠭᠰᠠᠨ ᠢᠶᠠᠷ᠂ ᠤᠳᠤᠬᠠᠨ ᠤᠯᠠᠭᠠᠨᠬᠠᠳᠠ ᠵᠤᠭᠠᠴᠠᠯ ᠤᠨ ᠦᠢᠯᠡᠰ ᠤᠨ ︽ᠬᠤᠶᠠᠷ ᠬᠤᠶᠠᠷ ᠲᠠᠪᠤ︾ ᠭᠤᠷᠪᠠᠨ ᠠᠯᠬᠤᠮ ᠢᠶᠠᠷ ᠶᠠᠪᠤᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠡᠷᠬᠢᠮᠯᠡᠨ᠂ ᠬᠠᠲᠠᠭᠤ ᠲᠤᠨᠤᠭ ᠤᠨ ᠪᠦᠲᠦᠭᠡᠨ ᠪᠠᠶᠢᠭᠤᠯᠤᠯᠲᠠ᠂ ᠵᠦᠭᠡᠯᠡᠨ ᠲᠤᠨᠤᠭ ᠢ ᠳᠡᠭᠡᠭᠰᠢᠯᠡᠭᠦᠯᠬᠦ᠂ ᠤᠷᠴᠢᠨ ᠲᠤᠭᠤᠷᠢᠨ ᠢ ᠰᠠᠶᠢᠵᠢᠷᠠᠭᠤᠯᠬᠤ ᠵᠡᠷᠭᠡ ᠲᠠᠯ᠎ᠠ ᠠᠴᠠ ᠭᠠᠷᠳᠠᠨ᠂ ᠲᠤᠮᠤ ᠦᠵᠡᠮᠵᠢ ᠶᠢᠨ ᠤᠷᠤᠨ ᠢ ᠨᠡᠬᠡᠭᠡᠬᠦ᠂ ᠬᠦᠳᠡᠭᠡ ᠲᠤᠰᠬᠤᠨ ᠤ ᠵᠤᠭᠠᠴᠠᠯ ᠢ ᠬᠦᠭᠵᠢᠭᠦᠯᠬᠦ᠂ ᠵᠤᠭᠠᠴᠠᠯ ᠤᠨ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠦᠪᠡᠰᠦᠪᠡᠨ ᠵᠢᠯᠤᠭᠤᠳᠴᠤ ᠲᠤᠭᠤᠷᠢᠬᠤ ᠦᠵᠡᠮᠵᠢᠲᠦ ᠭᠠᠵᠠᠷ ᠢ ᠪᠤᠢ ᠪᠤᠯᠭᠠᠬᠤ᠂ ᠵᠤᠷᠯᠤᠩ ᠢ ᠦᠭᠡᠷᠡᠴᠢᠯᠡᠬᠦ ᠵᠡᠷᠭᠡ ᠭᠤᠤᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ ︽ᠳᠡᠯᠡᠬᠡᠢ ᠶᠢᠨ ᠳᠡᠰ ᠤᠨ ᠵᠤᠭᠠᠴᠠᠯ ᠤᠨ ᠵᠤᠷᠢᠭᠰᠠᠨ ᠭᠠᠵᠠᠷ︾ ᠢ ᠪᠠᠶᠢᠭᠤᠯᠬᠤ ᠶᠡᠭᠡ ᠲᠤᠭ ᠢ ᠡᠷᠭᠦᠨ᠂ ᠠᠩᠬᠠᠨ ᠤ ᠠᠯᠬᠤᠮ ᠢᠶᠠᠨ ᠯᠠᠪᠳᠠᠭᠤᠨ ᠪᠠᠲᠤᠲᠠᠢ ᠠᠯᠬᠤᠨ᠎ᠠ᠃    ᠲᠤᠮᠤ ᠦᠵᠡᠮᠵᠢ ᠶᠢᠨ ᠤᠷᠤᠨ ᠢ ᠨᠡᠬᠡᠭᠡᠬᠦ ᠭᠡᠳᠡᠭ ᠨᠢ ᠭᠤᠤᠯᠳᠠᠭᠤ ᠬᠡᠰᠢᠭᠲᠡᠨ ᠤ ᠠᠰᠬᠠᠲᠤ ᠪᠠ ᠭᠢᠲᠠᠨ ᠯᠢᠶᠤᠤ ᠶᠢᠨ ᠰᠤᠶᠤᠯ ᠤᠨ ᠤᠯᠠᠨ ᠤᠯᠤᠰ ᠤᠨ ᠵᠤᠭᠠᠴᠠᠯ ᠤᠨ ᠨᠡᠷ᠎ᠡ ᠲᠡᠮᠲᠡᠭ ᠵᠡᠷᠭᠡ 2 ᠳᠡᠯᠡᠬᠡᠢ ᠶᠢᠨ ᠳᠡᠰ ᠤᠨ ᠵᠤᠭᠠᠴᠠᠯ ᠤᠨ ᠨᠡᠷ᠎ᠡ ᠲᠡᠮᠲᠡᠭ ᠢ ᠪᠤᠢ ᠪᠤᠯᠭᠠᠬᠤ ᠶᠢ ᠵᠢᠭᠠᠵᠤ᠂ ᠳᠠᠷᠤᠢ ᠠᠰᠬᠠᠲᠤ ᠶᠢᠨ ᠴᠢᠯᠠᠭᠤᠨ ᠤᠢ᠂ ᠳᠠᠯᠠᠨ ᠬᠠᠷ᠎ᠠ᠂ ᠪᠠᠶ᠋ᠬᠠᠤᠪᠤᠭ᠎ᠠ᠂ ᠬᠤᠩ ᠭᠤᠤ ᠶᠢᠨ ᠳᠠᠪᠠᠭ᠎ᠠ ᠪᠠᠷ ᠲᠦᠯᠦᠭᠡᠯᠡᠭᠦᠯᠦᠭᠰᠡᠨ ᠬᠡᠰᠢᠭᠲᠡᠨ ᠤ ᠳᠡᠯᠡᠬᠡᠢ ᠶᠢᠨ ᠭᠠᠵᠠᠷ ᠰᠢᠨᠵᠢᠯᠡᠭᠡ ᠶᠢᠨ ᠴᠡᠴᠡᠷᠯᠢᠭ ᠢ ᠳᠡᠯᠡᠬᠡᠢ ᠳᠤ ᠠᠯᠳᠠᠷᠰᠢᠭᠰᠠᠨ ᠵᠤᠭᠠᠴᠠᠯ ᠤᠨ ᠦᠵᠡᠮᠵᠢ ᠶᠢᠨ ᠤᠷᠤᠨ ᠪᠤᠯᠭᠠᠨ ᠪᠦᠲᠦᠭᠡᠨ ᠪᠠᠶᠢᠭᠤᠯᠤᠨ᠎ᠠ︔ ᠭᠢᠲᠠᠨ ᠯᠢᠶᠤᠤ ᠶᠢᠨ ᠰᠤᠶᠤᠯ ᠤᠨ ᠤᠯᠠᠨ ᠤᠯᠤᠰ ᠤᠨ ᠵᠤᠭᠠᠴᠠᠯ ᠤᠨ ᠲᠦᠪ ᠤᠷᠤᠨ ᠢ ᠪᠤᠢ ᠪᠤᠯᠭᠠᠨ᠂ ᠬᠤᠩ ᠱᠠᠨ ᠲᠤᠭᠤᠷᠢᠭ ᠤᠨ ᠭᠢᠲᠠᠨ ᠯᠢᠶᠤᠤ ᠶᠢᠨ ᠰᠤᠶᠤᠯ ᠤᠨ ᠮᠦᠽᠸᠢ ᠪᠠᠷ ᠭᠤᠤᠯ ᠪᠤᠯᠭᠠᠨ ᠭᠢᠳᠠᠨ ᠯᠢᠶᠤᠤ ᠶᠢᠨ ᠰᠤᠶᠤᠯ ᠤᠨ ᠦᠵᠡᠰᠭᠦᠯᠡᠩ ᠤᠨ ᠬᠦᠷᠢᠶᠡᠯᠡᠩ ᠪᠠ ᠪᠠᠭᠠᠷᠢᠨ ᠵᠡᠭᠦᠨ ᠬᠤᠰᠢᠭᠤᠨ ᠤ ᠭᠢᠳᠠᠨ ᠯᠢᠶᠤᠤ ᠶᠢᠨ ᠰᠤᠶᠤᠯ ᠤᠨ ᠠᠮᠢᠳᠤᠷᠠᠯ ᠤᠨ ᠪᠦᠲᠦᠭᠡᠯᠴᠢ ᠴᠢᠨᠠᠷᠲᠠᠢ ᠠᠵᠤ ᠦᠢᠯᠡᠰ ᠢ ᠪᠡᠶ᠎ᠡ ᠪᠠᠷ ᠢᠶᠠᠨ ᠦᠩᠭᠡᠷᠡᠭᠦᠯᠬᠦ ᠲᠤᠭᠤᠷᠢᠭ ᠢ ᠪᠠᠶᠢᠭᠤᠯᠤᠨ᠎ᠠ᠃    ᠬᠦᠳᠡᠭᠡ ᠲᠤᠰᠬᠤᠨ ᠤ ᠵᠤᠭᠠᠴᠠᠯ ᠢ ᠬᠦᠭᠵᠢᠭᠦᠯᠬᠦ ᠳᠤ ᠭᠤᠤᠯ ᠦᠵᠡᠮᠵᠢ ᠶᠢᠨ ᠤᠷᠤᠨ ᠤ ᠲᠤᠭᠤᠷᠢᠨ ᠳᠤ ᠵᠤᠭᠠᠴᠠᠯ ᠤᠨ ᠤᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠤᠨ᠂ ︽ᠭᠤᠷᠪᠠᠨ ᠠᠯᠬᠤᠮ ᠢᠶᠠᠷ ᠶᠠᠪᠤᠬᠤ︾ ᠠᠩᠬᠠᠨ ᠤ ᠠᠯᠬᠤᠮ ᠳᠤ ︽ᠵᠠᠭᠤᠨ ᠲᠦᠷᠦᠯ ᠤᠨ ᠬᠦᠳᠡᠭᠡ ᠲᠤᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠢᠨᠵᠧᠨᠧᠷᠢᠩ︾ ᠢ ᠬᠡᠷᠡᠭᠵᠢᠭᠦᠯᠵᠦ᠂ 10 ᠵᠤᠭᠠᠴᠠᠯ ᠤᠨ ᠤᠨᠴᠠᠯᠢᠭᠳᠤ ᠵᠢᠵᠢᠭ ᠪᠠᠯᠭᠠᠰᠤ ᠶᠢ ᠰᠢᠨ᠎ᠡ ᠪᠠᠷ ᠪᠠᠶᠢᠭᠤᠯᠤᠨ᠂ 20 ᠵᠤᠭᠠᠴᠠᠯ ᠤᠨ ᠵᠢᠱᠢᠶ᠎ᠡ ᠦᠵᠡᠭᠦᠯᠬᠦ ᠲᠤᠰᠬᠤᠨ ᠢ ᠰᠠᠶᠢᠵᠢᠷᠠᠭᠤᠯᠤᠨ ᠳᠡᠭᠡᠭᠰᠢᠯᠡᠭᠦᠯᠵᠦ᠂ 60 ᠬᠦᠳᠡᠭᠡ ᠲᠤᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠲᠤᠰᠬᠤᠨ ᠢ ᠰᠢᠨ᠎ᠡ ᠪᠠᠷ ᠬᠦᠭᠵᠢᠭᠦᠯᠦᠨ᠂ 10 ᠵᠤᠭᠠᠴᠠᠯ ᠰᠡᠯᠡᠭᠦᠴᠡᠯ ᠤᠨ ᠭᠤᠤᠯᠳᠠᠯᠭ᠎ᠠ ᠲᠠᠢ ᠬᠦᠷᠢᠶᠡᠯᠡᠩ ᠲᠤᠭᠤᠷᠢᠭ ᠢ ᠰᠢᠨ᠎ᠡ ᠪᠠᠷ ᠪᠠᠶᠢᠭᠤᠯᠤᠨ᠎ᠠ᠃     ᠵᠤᠭᠠᠴᠠᠯ ‍ᠤᠨ‌ᠵᠠᠰᠠᠮᠠᠯ ᠵᠠᠮ ᠵᠠᠰᠠᠵᠤ᠂ ᠳᠤᠮᠳᠠᠳᠤ ᠤᠯᠤᠰ ‍ᠤᠨ‌‍ᠲ᠋ᠠᠯ᠎ᠠ ᠨᠤᠲᠤᠭ ᠤᠨ ᠦᠪᠡᠰᠦᠪᠡᠨ ᠵᠢᠯᠤᠭᠤᠳᠤᠨ ᠵᠤᠭᠠᠴᠠᠬᠤ ᠦᠵᠡᠮᠵᠢᠲᠦ ᠤᠷᠤᠨ ᠢ ᠤᠷᠢᠳᠴᠢᠯᠠᠨ ᠪᠠᠶᠢᠭᠤᠯᠤᠨ᠂ ᠪᠡᠭᠡᠵᠢᠩ ᠲᠢᠶᠠᠨᠵᠢᠨ ᠾᠧᠪᠸᠢ ᠶᠢ ᠲᠤᠭᠤᠷᠢᠭᠰᠠᠨ ᠲᠠᠯ᠎ᠠ ᠨᠤᠲᠤᠭ ᠤᠨ ᠤᠨᠴᠠᠯᠢᠭ ᠲᠠᠢ ᠵᠤᠭᠠᠴᠠᠯ ᠤᠨ ᠤᠷᠤᠨ ᠢ ᠪᠦᠲᠦᠭᠡᠨ ᠪᠠᠶᠢᠭᠤᠯᠵᠤ᠂ ᠦᠵᠡᠮᠵᠢ ᠶᠢᠨ ᠤᠷᠤᠨ ᠳᠤ ᠨᠡᠪᠲᠡᠷᠡᠬᠦ ᠬᠠᠮᠤᠭ ᠡᠴᠦᠰ ᠤᠨ ᠨᠢᠭᠡ ᠺᠢᠯᠤᠮᠧᠲᠷ ᠤᠨ ᠠᠰᠠᠭᠤᠳᠠᠯ ᠢ ᠰᠢᠢᠳᠪᠦᠷᠢᠯᠡᠨ᠂ ᠤᠯᠤᠰ ᠮᠤᠵᠢ ᠶᠢᠨ ᠭᠤᠤᠯ ᠵᠠᠮ ᠪᠠ ᠭᠤᠤᠯ ᠦᠵᠡᠮᠵᠢ ᠶᠢᠨ ᠤᠷᠤᠨ᠂ ᠭᠤᠤᠯ ᠦᠵᠡᠮᠵᠢ ᠶᠢᠨ ᠤᠷᠤᠨ ᠨᠤᠭᠤᠳ ᠤᠨ ᠬᠤᠭᠤᠷᠤᠨᠳᠤᠬᠢ ᠵᠤᠭᠠᠴᠠᠯ ᠤᠨ ᠲᠤᠰᠬᠠᠢ ᠱᠤᠭᠤᠮ ᠤᠨ ᠵᠠᠰᠠᠮᠠᠯ ᠵᠠᠮ ᠢ ᠨᠡᠪᠲᠡᠷᠡᠭᠦᠯᠦᠨ᠎ᠡ᠃     ᠡᠨᠡ ᠬᠤᠶᠠᠷ ᠵᠢᠯ ᠤᠨ ᠬᠤᠭᠤᠴᠠᠭ᠎ᠠ ᠶᠢ ᠠᠰᠢᠭᠯᠠᠨ᠂ ᠦᠨᠳᠦᠰᠦᠨ ᠳᠡᠭᠡᠨ ᠳᠦᠷᠪᠡᠨ ᠶᠡᠭᠡ ᠵᠤᠭᠠᠴᠠᠯ ᠤᠨ ᠲᠤᠭᠤᠷᠢᠯ ᠵᠠᠮ ᠪᠠ ᠭᠤᠤᠯ ᠵᠠᠮ ᠢ ᠬᠤᠯᠪᠤᠭᠰᠠᠨ ᠵᠤᠭᠠᠴᠠᠯ ᠤᠨ ᠵᠠᠰᠠᠮᠠᠯ ᠵᠠᠮ ᠤᠨ ᠲᠤᠤᠷ ᠢ ᠪᠠᠶᠢᠭᠤᠯᠤᠨ᠂ ᠭᠤᠤᠯ ᠦᠵᠡᠮᠵᠢ ᠶᠢᠨ ᠤᠷᠤᠨ᠂ ᠵᠤᠭᠠᠴᠠᠯ ᠤᠨ ᠬᠤᠲᠠ ᠪᠠᠯᠭᠠᠰᠤ᠂ ᠭᠤᠤᠯᠳᠠᠯᠭ᠎ᠠ ᠲᠠᠢ ᠬᠦᠳᠡᠭᠡ ᠲᠤᠰᠬᠤᠨ ᠤ ᠵᠤᠭᠠᠴᠠᠯ ᠤᠨ ᠴᠢᠭ᠋ ᠤᠨ ᠵᠠᠮ ᠨᠡᠪᠲᠡᠷᠡᠬᠦ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ᠎ᠡ᠃ ᠤᠯᠠᠭᠠᠨᠬᠠᠳᠠ ᠶᠢᠨ ᠢᠦᠢ ᠯᠦᠩ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠵᠤ᠂ ᠯᠢᠨᠰᠢ ᠰᠢᠶᠠᠨ ᠤ ᠬᠤᠪᠢᠶᠠᠷᠢ ᠨᠢᠰᠭᠡᠯ ᠤᠨ ᠪᠠᠭᠤᠳᠠᠯ ᠪᠠ 10 ᠨᠡᠶᠢᠳᠡᠮ ᠬᠡᠷᠡᠭᠯᠡᠭᠳᠡᠬᠦ ᠨᠢᠰᠭᠡᠯ ᠤᠨ ᠪᠠᠭᠤᠳᠠᠯ ᠢ ᠪᠠᠶᠢᠭᠤᠯᠤᠨ᠎ᠠ᠃      ᠤᠳᠤᠬᠠᠨ ᠪᠤᠯᠲᠠᠯ᠎ᠠ᠂ ᠡᠨᠡ ᠵᠢᠯ ᠪᠦᠬᠦ ᠬᠤᠲᠠ ᠳᠤ 57 ᠵᠤᠭᠠᠴᠠᠯ ᠤᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠢ ᠲᠤᠭᠲᠠᠭᠠᠵᠤ᠂ ᠡᠭᠦᠨ ᠳᠤ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠨᠢ 45 ᠪᠠᠶᠢᠵᠤ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ᠂ ᠬᠠᠷᠠᠴᠢᠨ ᠬᠤᠰᠢᠭᠤ᠂ ᠰᠦᠩᠱᠠᠨ ᠲᠤᠭᠤᠷᠢᠭ ᠵᠡᠷᠭᠡ 5 ᠬᠤᠰᠢᠭᠤ ᠰᠢᠶᠠᠨ ᠲᠤᠭᠤᠷᠢᠭ ᠤᠨ PPP ᠬᠡᠯᠪᠡᠷᠢ ᠪᠠᠷ ᠪᠠᠶᠢᠭᠤᠯᠤᠭᠰᠠᠨ 14 ᠵᠤᠷᠪᠤᠰ ᠵᠤᠭᠠᠴᠠᠯ ᠤᠨ ᠲᠤᠰᠬᠠᠢ ᠱᠤᠭᠤᠮ ᠨᠢᠭᠡᠨᠲᠡ ᠪᠠᠷᠢᠯᠭ᠎ᠠ ᠡᠬᠢᠯᠡᠭᠦᠯᠵᠡᠢ᠃ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠦᠪᠡᠰᠦᠪᠡᠨ ᠵᠢᠯᠤᠭᠤᠳᠤᠨ ᠵᠤᠭᠠᠴᠠᠬᠤ ᠦᠵᠡᠮᠵᠢᠲᠦ ᠤᠷᠤᠨ︾ ᠢ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠶᠢᠨ ᠲᠦᠯᠦᠭᠡ᠂ ᠦᠪᠡᠰᠦᠪᠡᠨ ᠵᠢᠯᠤᠭᠤᠳᠤᠨ ᠵᠤᠭᠠᠴᠠᠬᠤ ᠢᠵᠢ ᠦᠢᠯᠡᠴᠢᠯᠡᠭᠡᠨ ᠤ ᠲᠦᠬᠦᠭᠡᠷᠦᠮᠵᠢ ᠶᠢ ᠪᠦᠲᠦᠭᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠪᠠ ᠤᠶᠢᠷ᠎ᠠ ᠬᠠᠪᠢ ᠶᠢᠨ ᠭᠠᠵᠠᠷ ᠤᠷᠤᠨ ᠤ ᠰᠠᠭᠤᠷᠢ ᠲᠦᠬᠦᠭᠡᠷᠦᠮᠵᠢ ᠶᠢ ᠬᠤᠯᠪᠤᠭᠠᠯᠠᠨ ᠠᠰᠢᠭᠯᠠᠵᠤ᠂ ᠤᠯᠠᠭᠠᠨᠬᠠᠳᠠ ᠬᠤᠲᠠ ᠶᠢᠨ ᠦᠪᠡᠰᠦᠪᠡᠨ ᠵᠢᠯᠤᠭᠤᠳᠤᠨ ᠵᠤᠭᠠᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠨᠢᠭᠡᠨᠲᠡ ᠠᠩᠬ᠎ᠠ ᠠᠯᠬᠤᠮ ᠪᠦᠷᠢᠳᠴᠡᠢ᠃     ᠡᠭᠦᠨ ᠤ ᠬᠠᠮᠲᠤ᠂ ᠬᠤᠲᠠ ᠶᠢᠨ ᠵᠤᠭᠠᠴᠠᠯ ᠤᠨ ᠲᠤᠬᠠᠢ ᠠᠰᠠᠭᠤᠨ ᠰᠤᠷᠠᠭᠯᠠᠬᠤ ᠪᠠ ᠲᠦᠪᠯᠡᠷᠡᠭᠦᠯᠦᠨ ᠲᠠᠷᠬᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠵᠤᠷᠯᠤᠩ ᠤᠨ ᠦᠭᠡᠷᠡᠴᠢᠯᠡᠯᠲᠡ᠂ ᠵᠤᠭᠠᠴᠠᠯ ᠤᠨ ᠵᠦᠭᠡᠯᠡᠨ ᠲᠤᠨᠤᠭ ᠤᠨ ᠪᠦᠲᠦᠭᠡᠨ ᠪᠠᠶᠢᠭᠤᠯᠤᠯᠲᠠ᠂ ᠵᠤᠭᠠᠴᠠᠯ ᠤᠨ ᠤᠯᠠᠨ ᠤᠯᠤᠰᠴᠢᠯᠠᠭᠰᠠᠨ ᠪᠦᠲᠦᠭᠡᠨ ᠪᠠᠶᠢᠭᠤᠯᠤᠯᠲᠠ᠂ ᠵᠤᠭᠠᠴᠠᠯ ᠤᠨ ᠬᠢᠨᠠᠨ ᠬᠠᠮᠢᠶᠠᠷᠤᠯᠲᠡ ᠵᠡᠷᠭᠡ ᠡᠯ᠎ᠡ ᠲᠠᠯ᠎ᠡ ᠪᠠᠷ ᠪᠦᠷ ᠪᠠᠶᠠᠷᠯᠠᠭᠤᠰᠢᠲᠠᠢ ᠠᠮᠵᠢᠯᠲᠠ ᠤᠯᠪᠠ᠃                                                       ᠨᠠᠶᠢᠷᠠᠭᠤᠯᠤᠭᠴᠢ᠄ ᠪᠦᠷᠢᠨᠰᠠᠶᠢᠨ
 
ᠢᠷᠡᠯᠲᠡ᠄ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ ᠬᠤᠯᠪᠣᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号