ᠤᠯᠠᠭᠠᠨᠬᠠᠳᠠ ᠬᠤᠳᠠ ᠶᠢᠨ ᠲᠠᠪᠤᠳᠤᠭᠠᠷ ᠤᠳᠠᠭᠠᠨ ᠤ ᠤᠯᠠᠮᠵᠢᠯᠠᠯᠳᠤ ᠰᠤᠷ ᠬᠠᠷᠪᠤᠯᠳᠠ ᠶᠢᠨ ᠡᠬᠡᠯᠵᠢᠳᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2017/8/25
     8 ᠰᠠᠷ᠎ᠠ ᠶᠢᠨ 13 ᠤ ᠡᠳᠤᠷ᠂ ᠤᠯᠠᠭᠠᠨᠬᠠᠳᠠ ᠬᠤᠳᠠ ᠶᠢᠨ ᠲᠠᠪᠤᠳᠤᠭᠠᠷ ᠤᠳᠠᠭᠠᠨ ᠤ ᠤᠯᠠᠮᠵᠢᠯᠠᠯᠳᠤ ᠰᠤᠷ ᠬᠠᠷᠪᠤᠯᠳᠠ ᠶᠢᠨ ᠡᠬᠡᠯᠵᠢᠳᠤ ᠤᠷᠤᠯᠳᠤᠭᠠᠨ ᠤᠡᠭᠨᠢᠭᠤᠳ ᠬᠤᠰᠢᠭᠤᠨ ᠤ ᠬᠠᠶᠢᠯᠠᠰᠤ ᠪᠠᠯᠭᠠᠰᠤᠨ ᠤ ᠤᠯᠠᠭᠠᠨᠵᠠᠳᠠᠭᠠᠢ ᠭᠠᠴᠠᠭ᠎ᠠ ᠲᠤ ᠶᠠᠪᠤᠭᠳᠠᠭᠰᠠᠨ ᠪᠠᠶᠢᠨ᠎ᠠ᠃      ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠲᠡᠬᠡᠷ᠎ᠡ᠂ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠠᠷᠢᠬᠦᠯᠡᠭᠴᠢ ᠬᠠᠰᠪᠠᠭᠠᠨ᠎ᠠ ᠤᠷᠤᠯᠳᠤᠭᠠᠨ ᠡᠬᠢᠯᠡᠬᠦ ᠶᠢ ᠵᠠᠷᠯᠠᠵᠠᠢ᠃      ᠲᠤᠰ ᠤᠳᠠᠭᠠᠨ ᠤ ᠤᠷᠤᠯᠳᠤᠭᠠᠨ ᠢ ᠤᠯᠠᠭᠠᠨᠬᠠᠳᠠ ᠬᠤᠳᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠂ ᠤᠯᠠᠭᠠᠨᠬᠠᠳᠠ ᠬᠤᠳᠠ ᠶᠢᠨ ᠴᠦᠬᠡᠨ ᠲᠤᠭᠠᠳᠤ ᠦᠨᠳᠤᠰᠤᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠨᠠᠶᠢᠬᠡᠮᠯᠢᠭ᠂ ᠤᠯᠠᠭᠠᠨᠬᠠᠳᠠ ᠬᠤᠳᠠ ᠶᠢᠨ ᠤᠯᠠᠮᠵᠢᠯᠠᠯᠳᠤ ᠰᠤᠷ ᠬᠠᠷᠪᠤᠯᠳᠠ ᠶᠢᠨ ᠨᠡᠶᠢᠭᠡᠮᠯᠢᠭ ᠭᠤᠤᠯᠯᠠᠨ ᠡᠷᠬᠢᠯᠡᠵᠦ᠂ ᠤᠡᠭᠨᠢᠭᠤᠳ ᠬᠤᠰᠢᠭᠤᠨ ᠤ ᠬᠠᠶᠢᠯᠠᠰᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠤᠡᠭᠨᠢᠭᠤᠳ ᠬᠤᠰᠢᠭᠤᠨ ᠤ ᠰᠤᠷ ᠬᠠᠷᠪᠤᠯᠳᠠ ᠶᠢᠨ ᠨᠡᠶᠢᠬᠡᠮᠯᠢᠭ ᠲᠠᠭᠠᠭᠠᠴᠢᠯᠠᠨ ᠡᠷᠬᠢᠯᠡᠵᠠᠢ᠃     ᠤᠷᠤᠯᠳᠤᠭᠠᠨ ᠨᠢ ᠨᠠᠮᠨᠠᠭ᠎ᠠ ᠶᠢᠨ ᠤᠷᠤᠯᠳᠤᠭᠠᠨ᠂ ᠨᠢᠬᠡᠴᠡ ᠶᠢᠨ ᠤᠷᠤᠯᠳᠤᠭᠠᠨ ᠵᠢᠴᠢ ᠪᠠᠭᠠᠴᠤᠳ᠂ ᠨᠠᠰᠤᠳᠠᠶᠢᠴᠤᠳ᠂ ᠡᠷᠡᠭᠳᠡᠢ᠂ ᠡᠮᠡᠭᠳᠠᠢ ᠰᠤᠷᠴᠢᠳ ᠤᠨ ᠬᠤᠪᠢ ᠶᠢᠨ ᠬᠦᠮᠦᠨ ᠤ ᠤᠷᠤᠯᠳᠤᠭᠠᠨ ᠵᠡᠷᠭᠡ ᠲᠦᠷᠦᠯ ᠵᠦᠢᠯ ᠢᠶᠠᠷ ᠶᠠᠪᠤᠭᠳᠠᠨ᠂ ᠤᠯᠠᠭᠠᠨᠬᠠᠳᠠ ᠬᠤᠳᠠ ᠶᠢᠨ ᠡᠯ᠎ᠡ ᠬᠤᠰᠢᠭᠤᠳ ᠠᠴᠠ ᠢᠷᠡᠭᠰᠡᠨ 300 ᠭᠠᠷᠤᠢ ᠰᠤᠷᠴᠢᠳ ᠡᠷᠡᠬᠡᠢ ᠮᠡᠷᠬᠡᠨ ᠢᠶᠠᠨ ᠰᠢᠯᠭᠠᠭᠰᠠᠨ ᠪᠠᠶᠢᠨ᠎ᠠ᠃     ᠨᠢᠬᠡ ᠡᠳᠤᠷ ᠤᠨ ᠬᠤᠷᠴᠠ ᠰᠢᠷᠦᠬᠦᠨ ᠤᠷᠤᠯᠳᠤᠭᠠᠨ ᠢᠶᠠᠷ ᠲᠠᠮᠵᠢᠵᠤ᠂ ᠡᠷᠡᠭᠳᠡᠢ ᠶᠢᠨ ᠬᠤᠪᠢ ᠬᠦᠮᠦᠨ ᠤ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠲᠠᠮᠤᠷ᠎ᠠ ᠲᠡᠷᠢᠬᠦᠯᠡᠵᠦ᠂ ᠤᠡᠭᠨᠢᠭᠤᠳ ᠤᠨ ᠰᠠᠴᠡᠨᠪᠠᠭᠠᠳᠤᠷ ᠲᠠᠳᠠᠯᠠᠵᠠᠢ᠂ ᠡᠮᠡᠭᠳᠡᠢ ᠶᠢᠨ ᠬᠤᠪᠢ ᠬᠦᠮᠦᠨ ᠤ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠴᠤᠯᠮᠤᠨᠴᠢᠮᠡᠭ ᠲᠠᠷᠢᠬᠦᠯᠠᠵᠦ᠂ ᠠᠯᠳᠠᠨᠳᠤᠶᠠᠭ᠎ᠠ ᠲᠠᠳᠡᠯᠡᠵᠡᠢ᠃ ᠨᠠᠰᠤᠳᠠᠶᠢᠴᠤᠳ ᠤᠨ ᠲᠤᠭᠤᠶᠢᠯᠠᠩ ᠳᠤ ᠪᠠᠭᠠᠷᠢᠨ ᠪᠠᠷᠠᠭᠤᠨ ᠬᠤᠰᠢᠭᠤᠨ ᠤ ᠵᠢᠭᠵᠠᠪ ᠲᠠᠷᠢᠬᠦᠯᠡᠵᠦ᠂ ᠪᠠᠭᠠᠴᠤᠳ ᠤᠨ ᠲᠤᠭᠤᠶᠢᠯᠠᠩ ᠳᠤ ᠪᠠᠭᠠᠷᠢᠨ ᠪᠠᠷᠠᠭᠤᠨ ᠬᠤᠰᠢᠭᠤᠨ ᠤ ᠰᠤᠷᠴᠢᠨ ᠮᠠᠩᠯᠠᠶᠢᠯᠠᠵᠦ᠂ ᠨᠠᠮᠨᠠᠭ᠎ᠠ ᠶᠢᠨ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠪᠤᠶᠠᠨ ᠲᠠᠷᠢᠬᠦᠯᠠᠵᠠᠢ ᠃ ᠨᠢᠬᠡᠴᠡ ᠶᠢᠨ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠡᠷᠡᠭᠳᠡᠢ ᠡᠮᠡᠭᠳᠡᠢ ᠰᠤᠷᠴᠢᠳ ᠤᠨ ᠲᠤᠭᠤᠶᠢᠯᠠᠩ ᠲᠠᠷᠢᠬᠦᠯᠠᠵᠠᠢ᠃     ᠲᠤᠰ ᠡᠳᠤᠷ᠂ ᠤᠡᠭᠨᠢᠭᠤᠳ ᠬᠤᠰᠢᠭᠤᠨ ᠤ ᠬᠠᠶᠢᠯᠠᠰᠤ ᠪᠠᠯᠭᠠᠰᠤᠨ ᠤ ᠤᠯᠠᠭᠠᠨᠵᠠᠳᠠᠭᠠᠢ ᠭᠠᠴᠠᠭᠠᠨ ᠤ ᠰᠤᠷ ᠬᠠᠷᠪᠤᠯᠳᠠ ᠶᠢᠨ ᠮᠦᠵᠠᠢ ᠶᠢᠨ ᠫᠠᠶᠢᠰᠠ ᠰᠡᠬᠦᠬᠦ ᠶᠤᠰᠤᠯᠠᠯ ᠢ ᠶᠠᠪᠤᠭᠳᠠᠵᠦ᠂ ᠮᠠᠨ ᠤ ᠤᠷᠤᠨ ᠤ ᠬᠠᠮᠤᠭ ᠠᠩᠬᠠᠨ ᠤ ᠰᠤᠷ ᠬᠠᠷᠪᠤᠯᠳᠠ ᠶᠢᠨ ᠰᠤᠶᠤᠯ ᠤᠨ ᠭᠤᠤᠯ ᠰᠡᠳᠤᠪᠳᠤ ᠮᠦᠽᠸᠢ ᠵᠢᠩᠬᠢᠨᠢ ᠪᠠᠷ ᠪᠠᠶᠢᠭᠤᠯᠤᠭᠳᠠᠭᠰᠠᠨ ᠪᠠᠶᠢᠨ᠎ᠠ᠃                                                                     ᠡᠷᠳᠡᠨᠢᠳᠦᠬᠦᠷᠡᠩ
 
ᠢᠷᠡᠯᠲᠡ᠄ ᠣᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号