ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠨ ᠬᠦᠴᠦᠯᠡᠨ ᠴᠢᠷᠮᠠᠶᠢᠵᠤ ᠤᠷᠲᠤ ᠬᠤᠭᠤᠴᠠᠭ᠎ᠠ ᠪᠠᠷ ᠪᠠᠷᠢᠮᠳᠠᠯᠠᠨ ᠪᠠᠶᠠᠨ ᠴᠢᠨᠡᠭᠡᠯᠢᠭ ᠪᠤᠬᠢᠷᠲᠤᠯ ᠦᠭᠡᠢ ᠦᠵᠡᠰᠭᠦᠯᠡᠩᠲᠦ ᠰᠠᠶᠢᠬᠠᠨ ᠰᠢᠨ᠎ᠡ ᠭᠡᠷ ᠤᠷᠤᠨ ᠢ ᠬᠠᠮᠳᠤᠪᠡᠷ ᠪᠦᠳᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2017/8/28
     8 ᠰᠠᠷ᠎ᠠ ᠶᠢᠨ 23 ᠤ ᠡᠳᠦᠷ ᠠᠴᠠ 24 ᠤ ᠡᠳᠦᠷ ᠪᠤᠯᠳᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠠᠤᠬᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠲᠡᠷᠡ᠂ ᠠᠤᠬᠠᠨ ᠬᠤᠰᠢᠭᠤ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠳᠤ ᠴᠡᠭᠡᠵᠢᠯᠡᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ᠂ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠠᠵᠢᠯ ᠤᠨ ᠲᠠᠯ᠎ᠠ ᠪᠠᠷ ᠬᠦᠴᠦᠯᠡᠨ ᠴᠢᠷᠮᠠᠶᠢᠵᠤ᠂ ᠤᠷᠲᠤ ᠬᠤᠭᠤᠴᠠᠭ᠎ᠠ ᠪᠠᠷ ᠪᠠᠷᠢᠮᠳᠠᠯᠠᠨ᠂ ᠪᠠᠶᠠᠨ ᠴᠢᠨᠡᠭᠡᠯᠢᠭ᠂ ᠪᠤᠬᠢᠷᠲᠤᠯ ᠦᠭᠡᠢ᠂ ᠦᠵᠡᠰᠭᠦᠯᠡᠩᠲᠦ ᠰᠠᠶᠢᠬᠠᠨ ᠰᠢᠨ᠎ᠡ ᠭᠡᠷ ᠤᠷᠤᠨ ᠢ ᠬᠠᠮᠳᠤᠪᠡᠷ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠳ᠋ᠤᠸᠠᠨ ᡁᠢ ᠴᠢᠶᠠᠩ ᠠᠤᠬᠠᠨ ᠬᠤᠰᠢᠭᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠵᠡᠰᠭᠦᠯᠡᠩ ᠤᠨ ᠤᠷᠲᠤᠨ ᠪᠤᠯᠤᠨ ᠮᠠ ᠴᠠᠩ ᠯᠢᠶᠠᠩ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠠᠶᠢᠴᠠᠭᠠᠨ ᠰᠤᠳᠤᠯᠬᠤ ᠳᠠᠭᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠤᠳᠠᠲᠠᠢ ᠵᠢᠯᠤᠭᠤᠳᠬᠤ ᠰᠠᠨᠠᠯ ᠲᠤᠷᠠᠳᠴᠠᠢ᠃ ᠳ᠋ᠤᠸᠠᠨ ᡁᠢ ᠴᠢᠶᠠᠩ᠂ ᠠᠤᠬᠠᠨ ᠬᠤᠰᠢᠭᠤ ᠨᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠠᠵᠢᠯ ᠪᠠᠶᠢᠴᠠᠭᠠᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠲᠤ ᠪᠡᠯᠡᠭᠯᠡᠭᠰᠡᠨ ᠪᠢᠴᠢᠭᠡᠰᠦ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠤᠬᠢᠷᠲᠤᠯ ᠦᠭᠡᠢ ᠬᠦᠭᠵᠢᠯᠲᠡ ᠶᠢᠨ ᠤᠨᠤᠯᠵᠢᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠭᠡᠷᠡᠯ ᠰᠠᠴᠤᠷᠠᠩᠭᠤᠢ ᠲᠡᠦᠬᠡ ᠪᠠᠨ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤ ᠨᠢᠭᠲᠠᠷᠠᠨ ᠪᠦᠯᠬᠦᠮᠳᠡᠵᠦ ᠪᠤᠬᠢᠷᠲᠤᠯ ᠦᠭᠡᠢ ᠦᠵᠡᠰᠭᠦᠯᠡᠩᠲᠦ ᠰᠠᠶᠢᠬᠠᠨ ᠭᠡᠷ ᠤᠷᠤᠨ ᠢᠶᠠᠨ ᠰᠠᠬᠢᠨ ᠬᠠᠮᠠᠭᠠᠯᠠᠬᠤ ᠬᠠᠮᠳᠤ ᠶᠢᠨ ᠲᠠᠨᠢᠯᠲᠠ ᠪᠤᠯᠤᠨ ᠠᠵᠢᠯᠯᠠᠭ᠎ᠠ ᠪᠤᠯᠭᠠᠨ ᠤᠯᠠᠷᠢᠭᠤᠯᠬᠤ ᠬᠡᠷᠡᠭᠲᠡᠢ᠃ ᠭᠠᠵᠠᠷ ᠤᠷᠤᠨ ᠤ ᠪᠤᠳᠠᠲᠠᠢ ᠪᠠᠶᠢᠳᠠᠯ ᠢᠶᠠᠨ ᠦᠨᠳᠦᠰᠦᠯᠡᠨ ᠬᠡᠭᠡᠷ᠎ᠡ ᠶᠢᠨ ᠲᠠᠤᠯᠠᠢ ᠶᠢᠨ ᠪᠦᠭᠡᠷ᠎ᠡ᠂ ᠬᠡᠭᠡᠷ᠎ᠡ ᠶᠢᠨ ᠭᠦᠢᠯᠡᠰᠦ ᠵᠡᠷᠭᠡ ᠤᠰᠤ ᠠᠷᠪᠢᠯᠠᠬᠤ ᠭᠠᠩ ᠳᠤ ᠲᠡᠰᠪᠦᠷᠢᠲᠡᠢ᠂ ᠠᠵᠤ ᠠᠬᠤᠢ ᠶᠢᠨ ᠦᠷ᠎ᠠ ᠠᠰᠢᠭ ᠪᠤᠯᠤᠨ ᠠᠮᠢ ᠠᠬᠤᠢ ᠶᠢᠨ ᠦᠷ᠎ᠡ ᠠᠰᠢᠭ ᠢ ᠬᠠᠮᠳᠤᠪᠡᠷ ᠪᠡᠶᠡᠯᠡᠬᠦᠯᠵᠦ ᠲᠡᠶᠢᠯᠬᠦ᠋ᠢᠴᠡ ᠰᠠᠶᠢᠨ ᠲᠦᠷᠦᠯ ᠵᠦᠢᠯ ᠢ ᠶᠡᠭᠡ ᠬᠦᠴᠦᠨ ᠢᠶᠠᠷ ᠲᠦᠯᠦᠪᠵᠢᠬᠦᠯᠦᠨ ᠬᠦᠭᠵᠢᠬᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃     ᠳ᠋ᠤᠸᠠᠨ ᡁᠢ ᠴᠢᠶᠠᠩ ᠰᠢᠨ ᠬᠤᠢ ᠪᠠᠯᠭᠠᠰᠤᠨ ᠤ ᠰᠠᠨ ᠵᠢᠶᠧ ᠯᠢᠶᠠᠩ ᠲᠤᠰᠬᠤᠨ᠂ ᠹᠧᠩ ᠱᠧᠦ ᠰᠢᠶᠠᠩ ᠤᠨ ᠵᠡᠬᠦᠨ ᠨᠠᠢᠮᠠᠨᠭᠡᠷ ᠲᠤᠰᠬᠤᠨ ᠪᠤᠯᠤᠨ ᠰᠠᠯᠪᠤᠷᠢ ᠰᠢᠶᠠᠩ ᠤᠨ ᠵᠠᠩ ᠵᠢᠶᠠ ᠶᠢᠩᠽᠢ ᠲᠤᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠳᠤᠯᠬᠤ᠂ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠠ ᠲᠦᠷᠢᠮᠵᠢᠯᠲᠡ᠂ ︽ᠠᠰᠢᠭ ᠯᠡ ᠦᠵᠡᠪᠡᠯ ᠰᠢᠨᠤᠬᠤ︾ ᠢᠯᠵᠡᠷᠡᠯ ᠢ ᠵᠠᠰᠠᠨ ᠴᠡᠭᠴᠡᠯᠡᠬᠦ ᠵᠡᠷᠭᠡ ᠠᠵᠢᠯ ᠤᠨ ᠲᠤᠭᠤᠷᠢᠨ ᠳᠤ ᠦᠨᠳᠦᠰᠦᠨ ᠱᠠᠳᠤᠨ ᠤ ᠨᠠᠮ ᠤᠨ ᠬᠡᠰᠢᠬᠦᠳ ᠲᠠᠢ ᠬᠦᠨᠵᠡᠭᠡᠢ ᠶᠠᠷᠢᠯᠴᠠᠵᠠᠢ᠃ ᠲᠡᠷᠡ᠂ 2020 ᠤᠨ ᠪᠤᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠬᠦᠯᠬᠦ ᠪᠤᠯ ᠨᠠᠮ ᠠᠴᠠ ᠠᠷᠠᠳ ᠲᠦᠮᠡᠨ ᠳᠤ ᠠᠮᠠᠯᠳᠤᠭᠰᠠᠨ ᠲᠦᠪ ᠴᠢᠩᠭ᠎ᠠ ᠠᠮᠠᠯᠠᠯᠲᠠ ᠮᠦᠨ᠃ ᠦᠨᠳᠦᠰᠦᠨ ᠱᠠᠳᠤᠨ ᠤ ᠨᠠᠮ ᠤᠨ ᠬᠡᠰᠢᠬᠦᠨ ᠺᠠᠳ᠋ᠷᠴᠤᠳ ᠪᠤᠯᠤᠨ ᠲᠤᠰᠬᠤᠨ ᠳᠤ ᠰᠠᠭᠤᠭ᠎ᠠ ᠺᠠᠳ᠋ᠷᠴᠤᠳ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠪᠠᠷ ᠠᠵᠠ ᠲᠤᠬᠢᠶᠠᠯ ᠪᠤᠯᠭᠠᠵᠤ᠂ ᠤᠭ ᠰᠠᠨᠠᠭ᠎ᠠ ᠪᠠᠨ ᠤᠮᠠᠷᠲᠠᠯ ᠦᠭᠡᠢ ᠲᠡᠦᠬᠡᠲᠦ ᠡᠭᠦᠷᠭᠡ ᠪᠠᠨ ᠪᠠᠳᠤ ᠴᠡᠭᠡᠵᠢᠯᠡᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠤᠯᠤᠨ ᠨᠠᠮ ᠤᠨ ᠬᠡᠰᠢᠬᠦᠨ ᠺᠠᠳ᠋ᠷᠴᠤᠳ ᠤᠨ ᠵᠢᠱᠢᠶ᠎ᠡ ᠦᠵᠡᠬᠦᠯᠬᠦ ᠦᠢᠯᠡᠳᠦᠯ ᠢ ᠦᠨᠡᠨ ᠬᠦ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠳᠤᠯᠬᠤ ᠲᠤᠯᠤᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠲᠦ ᠬᠦᠷᠭᠡᠨ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠳᠤᠯᠠᠭ᠎ᠠ ᠵᠡᠷᠭᠡ ᠠᠵᠢᠯ ᠢ ᠪᠤᠳᠠᠲᠠᠢ ᠨᠠᠷᠢᠯᠢᠭ ᠭᠦᠢᠴᠡᠳᠭᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠪᠤᠯᠤᠨ ᠨᠠᠮ ᠤᠨ ᠲᠦᠪ ᠬᠤᠷᠢᠶᠠᠨ ᠤ ᠲᠤᠰᠢᠶᠠᠭᠰᠠᠨ ᠡᠬᠦᠷᠭᠡ ᠶᠢ ᠰᠠᠶᠢᠲᠤᠷ ᠪᠡᠶᠡᠯᠡᠬᠦᠯᠬᠦ ᠬᠡᠷᠡᠭᠲᠡᠢ᠃ ᠲᠤᠰᠬᠤᠨ ᠤ ᠶᠠᠪᠤᠳᠠᠯ ᠢ ᠢᠯᠡ ᠪᠤᠯᠭᠠᠬᠤ ᠪᠠᠷ ︽ᠠᠰᠢᠭ ᠯᠡ ᠦᠵᠡᠪᠡᠯ ᠰᠢᠨᠤᠬᠤ︾ ᠢᠯᠵᠡᠷᠡᠯ ᠢ ᠵᠠᠰᠠᠨ ᠴᠡᠭᠴᠡᠯᠡᠬᠦ ᠬᠦᠴᠦᠲᠡᠢ ᠠᠷᠭ᠎ᠠ ᠪᠠᠷᠢᠯ ᠪᠤᠯᠭᠠᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠪᠡᠯᠡ ᠮᠦᠡᠭᠭᠦ ᠶᠢ ᠪᠦᠳᠦᠮᠵᠢᠲᠡᠢ ᠬᠡᠷᠡᠭᠯᠡᠬᠦ ᠶᠢ ᠪᠠᠳᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠳ᠋ᠤᠸᠠᠨ ᡁᠢ ᠴᠢᠶᠠᠩ ᠮᠦ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠶᠢᠨ ᠭᠠᠭ᠋ᠠᠢ ᠲᠡᠵᠢᠭᠡᠬᠦ ᠭᠤᠷᠪᠠᠳᠤᠭᠠᠷ ᠲᠠᠯᠠᠪᠤᠷ ᠤᠨ ᠲᠦᠷᠦᠯ ᠵᠦᠢᠯ᠂ ᠱᠦᠨ ᠠᠨ ᠡᠯᠵᠢᠭᠡ ᠲᠡᠵᠢᠭᠡᠬᠦ ᠲᠠᠷᠢᠶᠠᠴᠢᠳ ᠤᠨ ᠲᠤᠰᠬᠠᠢ ᠬᠤᠷᠰᠢᠶ᠎ᠠ᠂ ᠹᠧᠩ ᠱᠧᠦ ᠰᠢᠶᠠᠩ ᠤᠨ ᠭᠦᠢᠯᠡᠰᠦᠨ ᠤ ᠰᠠᠭᠤᠷᠢᠨ ᠭᠠᠵᠠᠷ ᠢᠶᠠᠷ ᠪᠠᠶᠢᠴᠠᠭᠠᠨ ᠰᠤᠳᠤᠯᠬᠤ ᠳᠠᠭᠠᠨ ᠲᠦᠷᠦᠯ ᠵᠦᠢᠯ ᠪᠤᠯᠤᠨ ᠬᠤᠷᠰᠢᠶ᠎ᠠ ᠶᠢᠨ ᠬᠦᠭᠵᠢᠯᠲᠡ ᠡᠵᠡᠩᠨᠡᠯᠲᠡ᠂ ᠤᠯᠠᠨ ᠲᠦᠮᠡᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠲᠡᠬᠦᠯᠵᠦ ᠪᠠᠶᠢᠭ᠎ᠠ ᠪᠠᠶᠢᠳᠠᠯ ᠢ ᠨᠠᠷᠢᠯᠢᠭ ᠤᠶᠢᠯᠠᠭᠠᠵᠠᠢ᠃ ᠲᠡᠷᠡ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠤᠯ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢᠨ ᠴᠦᠮ᠎ᠡ ᠪᠠ ᠦᠨᠳᠦᠰᠦ ᠮᠦᠨ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠤᠨ ᠶᠠᠳᠠᠭᠤ ᠶᠢ ᠲᠡᠳᠬᠦᠬᠦ ᠠᠵᠤ ᠦᠢᠯᠡᠰ ᠢ ᠤᠨᠤᠪᠴᠢᠲᠠᠢ ᠰᠤᠩᠭᠤᠵᠤ᠂ ᠤᠨᠴᠠᠯᠢᠭᠲᠤ ᠠᠵᠤ ᠦᠢᠯᠡᠰ ᠢ ᠬᠦᠭᠵᠢᠬᠦᠯᠬᠦ ᠪᠠᠷ ᠲᠠᠮᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠠᠯᠬᠤᠴᠠ ᠶᠢ ᠲᠦᠷᠭᠡᠳᠭᠡᠬᠦ ᠬᠡᠷᠡᠭᠲᠡᠢ ᠭᠡᠵᠦ ᠵᠢᠭᠠᠨ ᠭᠠᠷᠭᠠᠪᠠ᠃     ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠳ᠋ᠤᠸᠠᠨ ᡁᠢ ᠴᠢᠶᠠᠩ ᠰᠢᠨ ᠬᠤᠢ ᠪᠠᠯᠭᠠᠰᠤ ᠶᠢᠨ ᠪᠠ ᠡᠯ ᠳ᠋ᠠᠩ ᠲᠤᠰᠬᠤᠨ ᠤ ᠶᠠᠳᠠᠭᠤ ᠬᠦᠴᠢᠷᠲᠡᠢ ᠡᠷᠦᠬᠡ ᠶᠢᠨ ᠰᠦᠨ ᠭᠦᠸᠧ ᠶᠢᠨ᠂ ᠹᠠᠨ ᠰᠢ ᠴᠢᠩ ᠤᠨ ᠬᠢᠨ ᠳᠤ ᠬᠦᠷᠴᠦ᠂ ᠲᠡᠲᠡᠨ ᠲᠠᠢ ᠲᠤᠳᠤᠨᠤᠰᠤᠭ ᠢᠶᠠᠷ ᠵᠤᠭᠤᠭᠳᠠᠨ ᠲᠡᠲᠡᠨ ᠤ ᠠᠮᠢᠳᠤᠷᠠᠯ ᠤᠨ ᠪᠠᠶᠢᠳᠠᠯ ᠪᠤᠯᠤᠨ ᠬᠦᠴᠢᠷᠲᠡᠯ ᠢ ᠨᠢ ᠠᠰᠠᠭᠤᠨ ᠤᠶᠢᠯᠠᠭᠠᠵᠤ ᠲᠤᠬᠤᠨᠢᠭᠤᠯᠬᠤ ᠮᠦᠡᠭᠭᠦ ᠭᠠᠷᠳᠠᠭᠤᠯᠪᠠ᠃ ᠳ᠋ᠤᠸᠠᠨ ᡁᠢ ᠴᠢᠶᠠᠩ᠂ ᠤᠳᠤᠬᠠᠨ ᠳᠤ ᠨᠠᠮ ᠪᠤᠯᠤᠨ ᠵᠠᠰᠠᠭ ᠤᠨ ᠤᠷᠲᠤᠨ ᠠᠴᠠ ᠪᠡᠯᠡ ᠮᠦᠡᠭᠭᠦ᠂ ᠲᠦᠷᠦᠯ ᠵᠦᠢᠯ᠂ ᠨᠡᠶᠢᠭᠡᠮ ᠤᠨ ᠪᠠᠳᠤᠯᠠᠭ᠎ᠠ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠲᠡᠮᠵᠢᠯᠭᠡ ᠦᠵᠡᠬᠦᠯᠵᠦ ᠪᠠᠶᠢᠭ᠎ᠠ ᠰᠠᠭᠤᠷᠢᠨ ᠲᠡᠭᠡᠷ᠎ᠡ ᠤᠯᠠᠨ ᠲᠦᠮᠡᠨ ᠤᠶᠤᠨ ᠤᠬᠠᠭᠠᠨ ᠢᠶᠠᠨ ᠰᠢᠪᠬᠠᠨ ᠬᠦᠴᠦᠯᠡᠨ ᠴᠢᠷᠮᠠᠶᠢᠪᠠᠯ ᠵᠤᠯ ᠵᠢᠷᠭᠠᠯᠠᠩᠲᠤ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠵᠤ ᠲᠡᠶᠢᠯᠬᠦ ᠨᠢ ᠯᠠᠪᠳᠠᠢ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠨᠢ ᠬᠦᠴᠢᠷᠲᠡᠢ ᠤᠯᠠᠨ ᠲᠦᠮᠡᠨ᠂ ᠢᠯᠠᠩᠭᠤᠶ᠎ᠠ ᠡᠪᠡᠳᠴᠢᠨ ᠡᠮᠬᠡᠭ ᠪᠤᠶᠤ ᠵᠡᠮᠳᠡᠭ ᠠᠴᠠ ᠪᠤᠯᠵᠤ ᠶᠠᠳᠠᠭᠤᠷᠠᠭᠰᠠᠳ ᠤᠨ ᠦᠢᠯᠡᠳᠪᠦᠷᠢᠯᠡᠯ ᠠᠮᠢᠳᠤᠷᠠᠯ ᠲᠤᠮᠳᠠᠬᠢ ᠬᠦᠴᠢᠷᠲᠡᠯ ᠢ ᠨᠢ ᠰᠶᠢᠳᠪᠦᠷᠢᠯᠡᠨ ᠦᠭᠴᠦ᠂ ᠴᠢᠨᠡᠭᠡᠯᠢᠭᠵᠢᠯ ᠤᠨ ᠵᠠᠮ ᠲᠡᠭᠡᠷ᠎ᠡ ᠶᠠᠮᠠᠷ ᠴᠦ ᠬᠦᠮᠦᠨ ᠢ ᠡᠩᠨᠡᠭᠡᠨ ᠠᠴᠠ ᠪᠠᠨ ᠬᠠᠶᠠᠭᠳᠠᠭᠤᠯᠬᠤ ᠦᠭᠡᠢ ᠪᠠᠶᠢᠬᠤ ᠬᠡᠷᠡᠭᠲᠡᠢ᠃ ᠳ᠋ᠤᠸᠠᠨ ᡁᠢ ᠴᠢᠶᠠᠩ ᠰᠦᠨ ᠭᠦᠸᠧ ᠶᠢᠨ ᠪᠤᠯᠤᠨ ᠹᠠᠨ ᠰᠢ ᠴᠢᠩ ᠤᠨ ᠪᠡᠶ᠎ᠡ ᠮᠠᠬᠠᠪᠤᠳ ᠡᠷᠡᠬᠦᠯ ᠴᠢᠬᠢᠷᠠᠭ᠂ ᠭᠡᠷ ᠬᠤᠳᠠᠯᠠᠭᠠᠷ ᠵᠤᠯ ᠵᠢᠷᠭᠠᠯ ᠲᠠᠢ ᠪᠠᠶᠢᠵᠤ᠂ ᠡᠷᠲᠡᠭᠡᠨ ᠶᠠᠳᠠᠭᠤ ᠠᠴᠠ ᠠᠩᠭᠢᠵᠢᠷᠠᠬᠤ ᠶᠢ ᠬᠦᠰᠡᠭᠰᠡᠨ ᠪᠠᠶᠢᠨ᠎ᠠ᠃     ᠰᠠᠯᠪᠤᠷᠢ ᠰᠢᠶᠠᠩ ᠤᠨ ᠵᠢᠷᠭᠠᠯᠠᠩᠲᠤ ᠬᠦᠷᠢᠶᠡᠯᠡᠩ ᠳᠤ ᠳ᠋ᠤᠸᠠᠨ ᡁᠢ ᠴᠢᠶᠠᠩ ᠲᠡᠨᠳᠡᠬᠢ ᠲᠦᠬᠦᠭᠡᠷᠦᠮᠵᠢ ᠬᠡᠷᠡᠭᠰᠡᠯ᠂ ᠨᠠᠰᠤᠲᠠᠶᠢᠴᠤᠳ ᠤᠨ ᠢᠳᠡᠵᠦ ᠤᠤᠭᠤᠬᠤ ᠬᠤᠨᠤᠵᠤ ᠬᠡᠪᠲᠡᠬᠦ᠂ ᠠᠵᠢᠯᠲᠠᠳ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠵᠡᠷᠭᠡ ᠪᠠᠶᠢᠳᠠᠯ ᠢ ᠨᠠᠷᠢᠯᠢᠭ ᠤᠶᠢᠯᠠᠭᠠᠵᠤ ᠵᠢᠷᠭᠠᠯᠠᠩᠲᠤ ᠬᠦᠷᠢᠶᠡᠯᠡᠩ ᠤᠨ ᠶᠠᠩ ᠢᠦᠢ ᠲᠢᠩ ᠨᠠᠰᠤᠲᠠᠨ ᠢ ᠪᠤᠯᠭᠤᠭᠠᠨ ᠦᠵᠡᠪᠡ᠃ ᠳ᠋ᠤᠸᠠᠨ ᡁᠢ ᠴᠢᠶᠠᠩ᠂ ᠦᠨᠳᠦᠰᠦᠨ ᠱᠠᠳᠤᠨ ᠤ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠢ ᠴᠢᠩᠭᠠᠳᠬᠠᠨ ᠪᠠᠶᠢᠭᠤᠯᠤᠮᠵᠢ ᠲᠤᠭᠳᠠᠴᠠ ᠶᠢᠨ ᠰᠢᠨ᠎ᠡ ᠶᠢ ᠡᠭᠦᠳᠴᠦ᠂ ᠠᠷᠠᠳ ᠤᠯᠠᠨ ᠤ ᠬᠦᠴᠢᠷᠲᠡᠯ ᠢ ᠰᠶᠢᠳᠪᠦᠷᠢᠯᠡᠨ ᠦᠭᠴᠦ᠂ ᠤᠯᠠᠨ ᠲᠦᠮᠡᠨ ᠳᠤ ᠮᠠᠨ ᠤ ᠬᠤᠲᠠ ᠶᠢᠨ ᠬᠦᠭᠵᠢᠬᠦᠯᠦᠯᠲᠡ ᠦᠭᠡᠷᠡᠴᠢᠯᠡᠯᠲᠡ ᠶᠢᠨ ᠦᠷ᠎ᠡ ᠪᠦᠦᠳᠮᠵᠢ ᠶᠢ ᠡᠳ᠋ᠯᠡᠬᠦᠯᠬᠦ ᠬᠡᠷᠡᠭᠲᠡᠢ ᠭᠡᠵᠦ ᠱᠠᠭᠠᠷᠳᠠᠪᠠ᠃     ᠬᠤᠲᠠ ᠶᠢᠨ ᠤᠳᠤᠷᠢᠳᠤᠯᠭ᠎ᠠ ᠸᠠᠩ ᠢᠦᠢ ᠱᠦ᠂ ᠸᠠᠩ ᠭᠦᠸᠧ ᠰᠧᠨ᠂ ᠯᠢ ᠽᠢ ᠰᠢᠤᠸᠠᠢ ᠪᠠᠶᠢᠴᠠᠭᠠᠨ ᠰᠤᠳᠤᠯᠤᠯᠲᠠ ᠳᠤ ᠪᠠᠷ᠎ᠠ ᠪᠤᠯᠤᠯᠴᠠᠪᠠ᠃
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号