ᠵᠠᠮ ᠬᠠᠷᠢᠯᠴᠠᠭᠠᠨ ᠤ ᠠᠳᠡᠯ ᠡᠬᠦᠰᠬᠦ ᠶᠢ ᠬᠠᠮᠤᠭ ᠶᠡᠭᠡ ᠬᠡᠮᠵᠢᠶ᠎ᠠ ᠪᠠᠷ ᠰᠡᠷᠬᠡᠶᠢᠯᠡᠬᠦ ᠪᠠ ᠪᠠᠭᠠᠰᠬᠠᠵᠦ᠂ ᠵᠠᠮ | ᠬᠠᠷᠢᠯᠴᠠᠭᠠᠨ ᠤ ᠠᠮᠦᠷ ᠲᠦᠪᠰᠢᠨ ᠤ ᠬᠠᠮᠢᠶᠠᠷᠤᠯᠳᠠ ᠶᠢ ᠦᠨᠡᠨᠬᠦ ᠴᠢᠩᠭᠠᠳᠬᠠᠨ᠂ ᠵᠠᠮ ᠬᠠᠷᠢᠯᠴᠠᠭᠠᠨ ᠤ ᠠᠮᠦᠷ | ᠲᠦᠪᠰᠢᠨ ᠤ ᠲᠠᠯᠳᠠ ᠬᠡᠮ ᠢ ᠠᠷᠢᠯᠭᠠᠬᠤ ᠶᠢᠨ ᠲᠦᠯᠦᠬᠡ᠂ ᠬᠤᠲᠠ ᠶᠢᠨ ᠲᠤᠳᠤᠭᠠᠳᠦ ᠶᠢ ᠬᠠᠮᠠᠭᠠᠯᠠᠬᠤ | ᠲᠤᠪᠴᠢᠶ᠎ᠠ ᠶᠢᠨ ᠵᠠᠮ ᠬᠠᠷᠢᠯᠴᠠᠭᠠᠨ ᠤ ᠰᠠᠯᠪᠦᠷᠢ ᠠᠩᠬᠢ ᠶᠢᠨ ᠬᠢᠨ ᠤᠳᠤᠬᠠᠨ ᠤ ᠠᠭᠤᠷ ᠠᠮᠢᠰᠬᠤᠯ ᠬᠠᠯᠠᠭᠤᠨ᠂ | ᠪᠤᠷᠤᠭᠠᠨ ᠤᠯᠠᠨ ᠪᠠᠶᠢᠳᠠᠯ ᠲᠠᠢ ᠤᠶᠠᠯᠳᠤᠭᠤᠯᠤᠨ ᠴᠠᠭ ᠲᠤᠬᠠᠢ ᠳᠤᠨᠢ ᠠᠷᠭ᠎ᠠ ᠬᠡᠮᠵᠢᠶ᠎ᠠ ᠠᠪᠴᠦ᠂ ᠵᠠᠮ | ᠬᠠᠷᠢᠯᠴᠠᠭᠠᠨ ᠤ ᠠᠮᠦᠷ ᠲᠦᠪᠰᠢᠨ ᠤ ᠬᠠᠮᠢᠶᠠᠷᠤᠯᠳᠠ ᠶᠢᠨ ᠠᠵᠢᠯ ᠢᠶᠠᠨ ᠴᠢᠩᠭᠠᠳᠬᠠᠵᠦ ᠪᠠᠶᠢᠨ᠎ᠠ᠃ | ᠪᠦᠬᠦ ᠴᠠᠭᠳᠠᠭ᠎ᠠ ᠤᠬᠠᠭᠠᠨ ᠰᠠᠨᠠᠭ᠎ᠠ ᠰᠡᠷᠬᠡᠭ ᠪᠠᠶᠢᠬᠤ ᠶᠢ ᠱᠠᠭᠠᠷᠳᠠᠨ᠂ ᠠᠷᠠᠳ ᠤᠨ ᠴᠠᠭᠳᠠᠭ᠎ᠠ ᠨᠠᠷ ᠤᠨ | ᠰᠡᠷᠬᠡᠶᠢᠯᠡᠯᠳᠡ ᠶᠢᠨ ᠤᠬᠠᠮᠰᠠᠷ ᠢ ᠤᠯᠠᠮ ᠨᠢᠬᠡ ᠠᠯᠬᠤᠮ ᠴᠢᠩᠭᠠᠳᠬᠠᠵᠦ᠂ ᠵᠠᠮ ᠬᠠᠷᠢᠯᠴᠠᠭᠠᠨ ᠤ ᠠᠮᠦᠷ ᠲᠦᠪᠰᠢᠨ ᠤ | ᠬᠠᠮᠢᠶᠠᠷᠤᠯᠳᠠ ᠶᠢᠨ ᠠᠵᠢᠯ ᠢ ᠤᠳᠤᠬᠢ ᠠᠵᠢᠯ ᠤᠨ ᠭᠤᠤᠯᠳᠠᠯᠭ᠎ᠠ ᠪᠤᠯᠭᠠᠪᠠ᠃ | ᠡᠯ᠎ᠠ ᠶᠡᠭᠡ ᠠᠩᠬᠢ ᠶᠢᠨ ᠬᠢᠨ ᠬᠠᠷᠢᠶ᠎ᠠ ᠲᠤᠭᠤᠷᠢᠭ ᠤᠨ ᠵᠠᠮ ᠤᠨ ᠪᠤᠲᠠᠳᠦ ᠪᠠᠶᠢᠳᠠᠯ ᠢᠶᠠᠨ ᠦᠨᠳᠦᠰᠦᠯᠡᠨ᠂ | ᠤᠨᠴᠠ ᠶᠡᠭᠡ ᠵᠠᠮ ᠬᠠᠷᠢᠯᠴᠠᠭᠠᠨ ᠤ ᠠᠳᠡᠯ ᠡᠬᠦᠰᠴᠦ ᠮᠡᠳᠡᠬᠦ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠵᠠᠮ ᠪᠠ | ᠵᠠᠮ ᠬᠠᠷᠢᠯᠴᠠᠭᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠨᠠᠷᠢᠨ ᠬᠢᠨᠠᠮᠠᠭᠠᠢ ᠪᠠᠶᠢᠴᠠᠭᠠᠬᠤ ᠶᠢᠨ ᠬᠠᠮᠳᠦ | ᠤᠳᠤᠬᠠᠨ ᠤ ᠠᠭᠤᠷ ᠠᠮᠢᠰᠬᠤᠯ ᠤᠨ ᠪᠠᠶᠢᠳᠠᠯ ᠲᠠᠢ ᠤᠶᠠᠯᠳᠤᠭᠤᠯᠤᠨ ᠨᠢᠬᠡ ᠨᠢᠬᠡ ᠪᠠᠷ ᠪᠠᠶᠢᠷᠢᠰᠢᠯᠠᠭᠤᠯᠤᠨ | ᠦᠬᠡᠷᠡᠴᠢᠯᠡᠨ ᠵᠠᠰᠠᠪᠠ᠃ | ᠬᠡᠨᠡᠳᠳᠡ ᠪᠠᠷ ᠡᠬᠦᠰᠦᠭᠰᠡᠨ ᠬᠡᠷᠡᠭ ᠤᠴᠢᠷ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠳᠤᠯᠠᠨ᠂ ᠪᠦᠬᠦ | ᠴᠠᠭᠳᠠᠭ᠎ᠠ ᠨᠠᠷ ᠤᠨᠴᠠ ᠶᠡᠭᠡ ᠬᠡᠷᠡᠭ ᠶᠠᠪᠤᠳᠠᠯ ᠢ ᠴᠠᠭ ᠲᠤᠬᠠᠢ ᠳᠤᠨᠢ ᠮᠡᠳᠡᠬᠦᠯᠵᠦ᠂ ᠵᠠᠮ ᠤᠨ ᠪᠠᠶᠢᠳᠠᠯ ᠢ ᠢᠮᠠᠭᠳᠠ | ᠠᠩᠬᠠᠷᠤᠨ᠂ ᠬᠤᠪᠢ ᠪᠠᠶ᠎ᠠ ᠶᠢᠨ ᠠᠮᠦᠷ ᠲᠦᠪᠰᠢᠨ ᠵᠠᠮ ᠬᠠᠷᠢᠯᠴᠠᠭᠠᠨ ᠤ ᠠᠮᠦᠷ ᠲᠦᠪᠰᠢᠨ ᠢ ᠪᠠᠳᠤᠯᠠᠭᠰᠡᠨ ᠪᠠᠶᠢᠨ᠎ᠠ | ᠃ | | ᠨᠠᠶᠢᠷᠠᠭᠤᠯᠤᠭᠴᠢ᠄ ᠭᠡᠭᠡᠨᠳᠤᠶᠠᠭ᠎ᠠ |