8 ᠰᠠᠷ᠎ᠠ ᠶᠢᠨ 25 ᠤ ᠡᠳᠦᠷ᠂ ᠪᠡᠭᠡᠵᠢᠩ ᠬᠤᠲᠠ ᠶᠢᠨ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ ᠤᠨ ᠪᠡᠭᠡᠵᠢᠩ ᠦᠪᠦᠷ ᠮᠤᠩᠭᠤᠯ ᠤᠨ ᠮᠤᠵᠢ ᠶᠢᠨ ᠲᠡᠰ ᠤᠨ ᠡᠮᠨᠡᠯᠭᠡ ᠶᠢᠨ ᠬᠤᠷᠢᠶᠠᠨ ᠤ | ᠠᠵᠢᠯ ᠲᠦᠷᠦᠯ ᠢᠶᠠᠷ ᠲᠤᠰᠠᠯᠠᠨ ᠲᠡᠮᠵᠢᠬᠦ ᠵᠢᠴᠢ ᠤᠯᠠᠭᠠᠨᠬᠠᠲᠠ ᠶᠢᠨ ︽ᠲᠦᠷᠦᠯᠬᠢ ᠵᠢᠷᠦᠬᠡᠨ ᠤ ᠡᠪᠡᠳᠴᠢᠨ ᠲᠠᠢ | ᠬᠡᠦᠬᠡᠳ ᠪᠤᠯᠤᠨ ᠨᠢᠳᠤᠨ ᠤ ᠡᠪᠡᠳᠴᠢᠲᠡᠨ ᠢ ᠠᠪᠤᠷᠠᠨ ᠲᠤᠰᠠᠯᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ | ᠵᠢᠩᠬᠢᠨᠢ ᠪᠠᠷ ᠡᠬᠢᠯᠡᠪᠡ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ | ᠪᠦᠸᠧ᠂ ᠬᠤᠲᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠲᠠ ᠶᠢᠨ ᠲᠠᠷᠤᠭ᠎ᠠ ᠮᠧᠩ ᠰᠢᠶᠠᠨ ᠳ᠋ᠦᠩ᠂ | ᠬᠤᠲᠠ ᠶᠢᠨ ᠲᠡᠳ᠋ ᠲᠠᠷᠤᠭ᠎ᠠ ᠯᠢ ᠶᠠᠨ ᠷᠦ᠋᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ | ᠬᠠᠰᠪᠠᠭᠠᠨ᠎ᠠ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ | ᠤᠯᠠᠭᠠᠨᠬᠠᠲᠠ ᠶᠢᠨ ︽ᠲᠦᠷᠦᠯᠬᠢ ᠵᠢᠷᠦᠬᠡᠨ ᠤ ᠡᠪᠡᠳᠴᠢᠨ ᠲᠠᠢ ᠬᠡᠦᠬᠡᠳ ᠪᠤᠯᠤᠨ ᠨᠢᠳᠤᠨ ᠤ | ᠡᠪᠡᠳᠴᠢᠲᠡᠨ ᠢ ᠠᠪᠤᠷᠠᠨ ᠲᠤᠰᠠᠯᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠢ ᠬᠤᠲᠠ ᠶᠢᠨ ᠵᠠᠰᠠᠭ ᠤᠨ | ᠤᠷᠲᠤᠨ᠂ ᠪᠡᠭᠡᠵᠢᠩ ᠤᠨ ᠡᠤ ᠶᠢᠩ ᠺᠠᠢ ᠠᠨᠠᠭᠠᠬᠤ ᠤᠬᠠᠭᠠᠨ ᠤ ᠬᠦᠭᠵᠢᠭᠦᠯᠦᠯᠲᠡ ᠶᠢᠨ ᠰᠠᠭᠤᠷᠢ ᠮᠦᠡᠭᠭᠦᠨ ᠤ | ᠨᠡᠶᠢᠭᠡᠮᠯᠢᠭ᠂ 360 ᠠᠵᠤ ᠠᠬᠤᠶᠢᠯᠠᠯ ᠤᠨ ᠠᠮᠤᠷ ᠲᠦᠪᠰᠢᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ | ᠴᠢ ᠰᠢᠶᠠᠩ ᠳ᠋ᠦᠩ ᠬᠠᠮᠳᠤᠷᠠᠨ ᠰᠠᠨᠠᠭᠠᠴᠢᠯᠠᠨ ᠶᠠᠪᠤᠭᠳᠠᠭᠤᠯᠪᠠ᠃ ᠤᠯᠠᠭᠠᠨᠬᠠᠲᠠ ᠬᠤᠲᠠ ᠶᠢᠨ ᠡᠳ᠋ ᠤᠨ ᠵᠠᠰᠠᠭ ᠤᠨ | ᠲᠤᠪᠴᠢᠶ᠎ᠠ᠂ ᠤᠯᠠᠭᠠᠨᠬᠠᠲᠠ ᠬᠤᠲᠠ ᠶᠢᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠤᠯᠠᠭᠠᠨᠬᠠᠲᠠ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ | ᠲᠤᠪᠴᠢᠶ᠎ᠠ᠂ ᠤᠯᠠᠭᠠᠨᠬᠠᠲᠠ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠡᠭᠡᠵᠢᠩ ᠤᠨ ᠡᠤ ᠶᠢᠩ ᠺᠠᠢ | ᠠᠨᠠᠭᠠᠬᠤ ᠤᠬᠠᠭᠠᠨ ᠤ ᠬᠦᠭᠵᠢᠬᠦᠯᠦᠯᠲᠡ ᠶᠢᠨ ᠰᠠᠭᠤᠷᠢ ᠮᠦᠩᠭᠦᠨ ᠤ ᠨᠡᠶᠢᠭᠡᠮᠯᠢᠭ᠂ ᠪᠡᠭᠡᠵᠢᠩ ᠤᠨ ᠠᠨ ᠵᠧᠨ | ᠡᠮᠨᠡᠯᠭᠡ ᠶᠢᠨ ᠬᠤᠷᠢᠶ᠎ᠠ᠂ 360 ᠠᠵᠤ ᠠᠬᠤᠶᠢᠯᠠᠯ ᠤᠨ ᠠᠮᠤᠷ ᠲᠦᠪᠰᠢᠨ ᠤ ᠪᠦᠯᠦᠭᠯᠡᠯ᠂ ᠤᠯᠠᠭᠠᠨᠬᠠᠲᠠ | ᠬᠤᠲᠠ ᠶᠢᠨ ᠬᠡᠰᠡᠭ ᠡᠮᠨᠡᠯᠭᠡ ᠶᠢᠨ ᠬᠤᠷᠢᠶ᠎ᠠ ᠵᠡᠷᠭᠡ ᠨᠢᠭᠡᠴᠡ ᠬᠠᠷᠢᠭᠤᠴᠠᠨ ᠵᠤᠬᠢᠶᠠᠨ ᠪᠠᠶᠢᠭᠤᠯᠪᠠ᠃ ᠭᠤᠷᠪᠠᠨ | ᠵᠢᠯ ᠤᠨ ᠬᠤᠭᠤᠴᠠᠭ᠎ᠠ ᠬᠡᠷᠡᠭᠯᠡᠨ ᠤᠯᠠᠭᠠᠨᠬᠠᠲᠠ ᠬᠤᠲᠠ ᠶᠢᠨ ᠬᠦᠳᠡᠭᠡ ᠲᠤᠰᠬᠤᠨ ᠤ ᠶᠠᠳᠠᠭᠤ ᠶᠢᠨ ᠱᠤᠭᠤᠮ ᠠᠴᠠ | ᠲᠤᠷᠤᠭᠰᠢᠬᠢ ᠭᠡᠷ ᠪᠦᠯᠢ᠂ ᠪᠦᠬᠦ ᠬᠤᠲᠠ ᠶᠢᠨ ᠲᠤᠤᠷ᠎ᠠ ᠪᠠᠳᠤᠯᠠᠭᠠᠲᠤ ᠡᠷᠦᠬᠡ᠂ ᠲᠠᠪᠤᠨ ᠪᠠᠳᠤᠯᠠᠭᠠᠲᠤ ᠡᠷᠦᠬᠡ | ᠪᠤᠯᠤᠨ ᠡᠪᠡᠳᠴᠢᠨ ᠠᠴᠠ ᠪᠤᠯᠵᠤ ᠶᠠᠳᠠᠭᠤᠷᠠᠭᠰᠠᠳ ᠤᠨ 0 — 16 ᠪᠦᠬᠦᠯᠢ ᠨᠠᠰᠤᠨ ᠤ ᠬᠤᠭᠤᠷᠤᠨᠲᠤᠬᠢ | ᠲᠦᠷᠦᠯᠬᠢ ᠵᠢᠷᠦᠭᠡᠨ ᠤ ᠡᠪᠡᠳᠴᠢᠨ ᠲᠠᠢ ᠪᠠ ᠨᠢᠳᠤᠨ ᠤ ᠡᠪᠡᠳᠴᠢᠨ ᠲᠠᠢ 120 ᠬᠡᠦᠬᠡᠳ ᠪᠤᠯᠤᠨ 1500 ᠴᠠᠭᠠᠨ | ᠬᠠᠷᠠᠩ ᠤᠨ ᠡᠪᠡᠳᠴᠢᠲᠡᠨ ᠢ ᠠᠪᠤᠷᠠᠨ ᠲᠤᠰᠠᠯᠠᠵᠤ᠂ ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ | 10000 ᠰᠤᠷᠤᠭᠴᠢᠳ ᠲᠤ ᠨᠢᠳᠤᠨ ᠤ ᠡᠪᠡᠳᠴᠢᠨ ᠤ ᠪᠠᠶᠢᠴᠠᠭᠠᠯᠲᠠ ᠬᠢᠵᠦ ᠦᠭᠬᠦᠭᠰᠠᠠ ᠪᠠ ᠤᠷᠢᠳᠴᠢᠯᠠᠨ | ᠰᠡᠷᠭᠡᠶᠢᠯᠡᠬᠦ ᠮᠡᠷᠭᠡᠵᠢᠯ ᠤᠨ ᠬᠦᠮᠦᠵᠢᠯ ᠬᠦᠷᠳᠡᠭᠡᠪᠠ᠃ ᠠᠪᠤᠷᠠᠨ ᠲᠤᠰᠠᠯᠠᠬᠤ ᠪᠠᠷ ᠲᠠᠮᠵᠢᠵᠤ᠂ ᠶᠠᠳᠠᠭᠤ ᠬᠦᠴᠢᠷᠲᠡᠢ | ᠲᠦᠷᠦᠯᠬᠢ ᠵᠢᠷᠦᠬᠡᠨ ᠤ ᠡᠪᠡᠳᠴᠢᠨ ᠲᠠᠢ ᠬᠡᠦᠬᠡᠳ ᠤᠳ ᠢ ᠡᠷᠡᠬᠦᠯᠵᠢᠬᠦᠯᠵᠦ ᠶᠠᠳᠠᠭᠤ ᠬᠦᠴᠢᠷᠲᠡᠢ ᠨᠢᠳᠤᠨ ᠤ | ᠡᠪᠡᠳᠴᠢᠲᠡᠨ ᠳᠤ ᠲᠠᠬᠢᠨᠲᠠ ᠬᠡᠷᠡᠯ ᠬᠡᠭᠡ ᠤᠯᠭᠤᠨ᠂ ᠶᠠᠳᠠᠭᠤ ᠬᠦᠴᠢᠷᠲᠡᠢ ᠭᠡᠷ ᠪᠦᠯᠢ ᠶᠢ ᠬᠠᠪᠰᠤᠷᠤᠨ ᠲᠡᠮᠵᠢᠵᠦ᠂ | ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠳᠤᠯᠬᠤ ᠶᠢ ᠠᠬᠢᠭᠤᠯᠬᠤ ᠪᠤᠯᠤᠨ᠎ᠠ᠃ | ᠬᠦᠮᠦᠡᠯᠢᠭ ᠦᠵᠡᠯ᠂ ᠲᠦᠭᠡᠮᠡᠯ ᠬᠠᠶᠢᠷ᠎ᠠ᠂ ᠨᠡᠮᠡᠷᠢ ᠬᠠᠨᠳᠢᠪᠯᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠤᠨ | ᠬᠠᠶᠢᠷ᠎ᠠ ᠬᠠᠯᠠᠮᠵᠢ ᠶᠢ ᠬᠤᠷᠠᠮᠳᠤᠭᠤᠯᠤᠨ ᠬᠠᠷᠢᠯᠴᠠᠨ ᠬᠠᠪᠰᠤᠷᠤᠯᠴᠠᠬᠤ ᠨᠦᠬᠦᠷᠰᠡᠭ ᠪᠤᠯᠪᠠᠰᠤᠨ ᠬᠡᠪ ᠵᠠᠩᠰᠢᠯ ᠢ ᠪᠤᠢ | ᠪᠤᠯᠭᠠᠬᠤ ᠪᠤᠯᠤᠨ᠎ᠠ᠃ ᠸᠠᠩ ᠪᠦᠸᠧ ᠡᠬᠢᠯᠡᠯᠲᠡ ᠶᠢᠨ ᠶᠤᠰᠤᠯᠠᠯ ᠲᠡᠭᠡᠷ᠎ᠡ ︽ᠲᠦᠷᠦᠯᠬᠢ ᠵᠢᠷᠦᠬᠡᠨ ᠤ ᠡᠪᠡᠳᠴᠢᠨ ᠲᠠᠢ | ᠬᠡᠦᠬᠡᠳ ᠪᠤᠯᠤᠨ ᠨᠢᠳᠤᠨ ᠤ ᠡᠪᠡᠳᠴᠢᠲᠡᠨ ᠢ ᠠᠪᠤᠷᠠᠨ ᠲᠤᠰᠠᠯᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ | ᠡᠬᠢᠯᠡᠭᠰᠡᠨ ᠢ ᠵᠠᠷᠯᠠᠪᠠ᠃ | ᠯᠢ ᠶᠠᠨ ᠷᠦ᠋ ᠡᠬᠢᠯᠡᠯᠲᠡ ᠶᠢᠨ ᠶᠤᠰᠤᠯᠠᠯ ᠲᠡᠭᠡᠷ᠎ᠡ᠂ ᠤᠯᠠᠭᠠᠨᠬᠠᠲᠠ ᠶᠢᠨ ︽ᠲᠦᠷᠦᠯᠬᠢ ᠵᠢᠷᠦᠬᠡᠨ ᠤ | ᠡᠪᠡᠳᠴᠢᠨ ᠲᠠᠢ ᠬᠡᠦᠬᠡᠳ ᠪᠤᠯᠤᠨ ᠨᠢᠳᠤᠨ ᠤ ᠡᠪᠡᠳᠴᠢᠲᠡᠨ ᠢ ᠠᠪᠤᠷᠠᠨ ᠲᠤᠰᠠᠯᠠᠬᠤ︾ ᠨᠡᠶᠢᠲᠡ ᠶᠢᠨ | ᠠᠰᠠᠷᠠᠮᠵᠢ ᠶᠢᠨ ᠠᠵᠢᠯᠯᠠᠭᠠᠨ ᠪᠤᠯ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠤᠯᠠᠭᠠᠨᠬᠠᠲᠠ ᠤᠷᠤᠨ ᠢ | ᠲᠤᠰᠠᠯᠠᠨ ᠲᠡᠮᠵᠢᠬᠦ ᠶᠢᠨ ᠴᠢᠬᠤᠯᠠ ᠠᠭᠤᠯᠭ᠎ᠠ ᠮᠦᠨ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ | ᠲᠤᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠢ ᠪᠦᠬᠦ ᠬᠤᠲᠠ ᠶᠢᠨ ᠡᠷᠡᠬᠦᠯ ᠮᠡᠨᠲᠦ ᠬᠦᠷᠭᠡᠨ | ᠶᠠᠳᠠᠭᠤ ᠶᠢ ᠲᠡᠳᠬᠦᠬᠦ ᠴᠢᠬᠤᠯᠠ ᠠᠵᠢᠯ ᠪᠤᠯᠭᠠᠨ ᠨᠠᠷᠢᠯᠢᠭ ᠵᠤᠬᠢᠶᠠᠨ ᠪᠠᠶᠢᠭᠤᠯᠤᠨ ᠢᠳᠡᠪᠬᠢᠲᠡᠢ ᠬᠠᠮᠵᠢᠯᠴᠠᠵᠤ᠂ | ᠰᠠᠶᠢᠲᠤᠷ ᠦᠢᠯᠡᠴᠢᠯᠡᠨ ᠨᠡᠩ ᠤᠯᠠᠨ ᠴᠠᠭᠠᠨ ᠬᠠᠷᠠᠩ ᠤᠨ ᠡᠪᠡᠳᠴᠢᠲᠡᠨ ᠪᠤᠯᠤᠨ ᠲᠦᠷᠦᠯᠬᠢ ᠵᠢᠷᠦᠬᠡᠨ ᠤ | ᠡᠪᠡᠳᠴᠢᠨ ᠲᠠᠢ ᠬᠡᠦᠬᠡᠳ ᠢ ᠡᠷᠡᠬᠦᠯᠵᠢᠬᠦᠯᠬᠦ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃ | ᠡᠬᠢᠯᠡᠯᠲᠡ ᠶᠢᠨ ᠶᠤᠰᠤᠯᠠᠯ ᠲᠡᠭᠡᠷ᠎ᠡ ᠬᠤᠲᠠ ᠶᠢᠨ ᠵᠠᠰᠠᠭ ᠤᠨ ᠤᠷᠲᠤᠨ ᠪᠤᠯᠤᠨ ᠪᠡᠭᠡᠵᠢᠩ ᠤᠨ ᠡᠤ ᠶᠢᠩ | ᠺᠠᠢ ᠠᠨᠠᠭᠠᠬᠤ ᠤᠬᠠᠭᠠᠨ ᠤ ᠬᠦᠭᠵᠢᠬᠦᠯᠦᠯᠲᠡ ᠶᠢᠨ ᠰᠠᠭᠤᠷᠢ ᠮᠦᠡᠭᠭᠦᠨ ᠤ ᠨᠡᠶᠢᠭᠡᠮᠯᠢᠭ᠂ 360 ᠠᠵᠤ | ᠠᠬᠤᠶᠢᠯᠠᠯ ᠤᠨ ᠠᠮᠤᠷ ᠲᠦᠪᠰᠢᠨ ᠤ ᠪᠦᠯᠦᠭᠯᠡᠯ ᠬᠠᠮᠳᠤᠷᠠᠯᠴᠠᠭᠠᠨ ᠤ ᠵᠦᠪᠳᠡᠯᠴᠡᠭᠡᠷ ᠲᠤᠭᠳᠠᠪᠠ᠃ | ᠡᠬᠢᠯᠡᠯᠲᠡ ᠶᠢᠨ ᠶᠤᠰᠤᠯᠠᠯ ᠠᠴᠠ ᠡᠮᠦᠨ᠎ᠡ᠂ ᠤᠯᠠᠭᠠᠨᠬᠠᠲᠠ ᠶᠢᠨ ︽ᠲᠦᠷᠦᠯᠬᠢ ᠵᠢᠷᠦᠬᠡᠨ ᠤ | ᠡᠪᠡᠳᠴᠢᠨ ᠲᠠᠢ ᠬᠡᠦᠬᠡᠳ ᠪᠤᠯᠤᠨ ᠨᠢᠳᠤᠨ ᠤ ᠡᠪᠡᠳᠴᠢᠲᠡᠨ ᠢ ᠠᠪᠤᠷᠠᠨ ᠲᠤᠰᠠᠯᠠᠬᠤ︾ ᠰᠠᠭᠤᠷᠢ ᠮᠦᠩᠭᠦᠨ ᠤ | ᠬᠠᠮᠢᠶᠠᠷᠤᠯᠲᠠ ᠶᠢᠨ ᠵᠦᠪᠯᠡᠯ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠠᠵᠢᠯᠯᠠᠭᠠᠨ ᠢ ᠬᠡᠷᠡᠭᠵᠢᠬᠦᠯᠬᠦ | ᠲᠦᠰᠦᠯ ᠪᠤᠯᠤᠨ ᠰᠠᠭᠤᠷᠢ ᠮᠦᠡᠭᠭᠦᠨ ᠤ ᠲᠤᠰᠠᠯᠠᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠦᠪᠯᠡᠭᠰᠡᠨ | ᠪᠠᠶᠢᠨ᠎ᠠ᠃ | | ᠨᠠᠶᠢᠷᠠᠭᠤᠯᠤᠭᠴᠢ᠄ ᠬᠠᠷᠠᠬᠦᠤ | | |