ᠮᠠᠨ ᠤ ᠬᠤᠳᠠ ᠤᠢ ᠰᠢᠭᠤᠢ ᠶᠢᠨ ᠦᠮᠴᠢᠯᠠᠯ ᠤᠨ ᠡᠷᠭᠡ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ ᠤᠢ ᠰᠢᠭᠤᠢ ᠶᠢᠨ ᠦᠢᠯᠡᠰ ᠤᠨ ᠬᠦᠭᠵᠢᠯᠳᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2017/8/30
    ᠤᠢᠢᠷ᠎ᠠ ᠶᠢᠨ ᠵᠢᠯ ᠳᠤ᠂ ᠮᠠᠨ ᠤ ᠬᠤᠳᠠ ᠶᠢᠨ ᠠᠮᠢ ᠠᠬᠤᠢ ᠤᠢ ᠰᠢᠭᠤᠢ ᠶᠢᠨ ᠦᠢᠯᠡᠰ ᠤᠨ ᠪᠦᠲᠦᠬᠡᠨ ᠪᠠᠶᠢᠭᠤᠯᠤᠯᠳᠠ ᠲᠠᠰᠤᠷᠠᠯᠲᠠ ᠦᠬᠡᠢ ᠰᠢᠨ᠎ᠠ ᠰᠢᠪᠳᠤᠯᠤᠯᠳᠠ ᠲᠠᠢ ᠪᠤᠯᠵᠤ ᠪᠤᠢ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠵᠢᠯ ᠲᠠᠷᠠᠭᠠᠯᠠᠨ ᠨᠡᠮᠡᠭᠳᠡᠵᠦ᠂ ᠡᠯᠡᠰᠦ ᠶᠢ ᠬᠤᠷᠢᠭᠯᠠᠨ ᠡᠯᠡᠰᠦ ᠶᠢ ᠵᠠᠰᠠᠬᠤ ᠦᠷ᠎ᠠ ᠪᠦᠲᠦᠮᠵᠢ ᠢᠯᠡᠷᠬᠡᠢ ᠪᠠᠶᠢᠵᠤ᠂ ᠤᠢ ᠰᠢᠭᠤᠢ ᠶᠢᠨ ᠦᠢᠯᠡᠰ ᠬᠡᠪᠴᠢᠶᠡᠵᠢᠭᠰᠡᠨ ᠴᠢᠭᠯᠡᠯ ᠲᠡᠰᠢ ᠬᠦᠭᠵᠢᠵᠦ ᠪᠤᠢ᠃ ᠤᠢ ᠰᠢᠭᠤᠢ ᠶᠢᠨ ᠦᠢᠯᠡᠰ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠢ ᠰᠢᠭᠤᠢ ᠶᠢᠨ ᠦᠢᠯᠡᠰ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠬᠦᠯᠬᠦ ᠶᠢᠨ ᠲᠦᠯᠦᠬᠡ᠂ ᠬᠤᠳᠠ ᠶᠢᠨ ᠤᠢ ᠰᠢᠭᠤᠢ ᠶᠢᠨ ᠲᠤᠪᠴᠢᠶ᠎ᠠ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠤᠢ ᠰᠢᠭᠤᠢ ᠶᠢᠨ ᠦᠢᠯᠡᠰ ᠤᠨ ᠡᠵᠡᠩᠨᠡᠯᠳᠡ ᠶᠢᠨ ᠦᠬᠡᠷᠡᠴᠢᠯᠡᠯᠳᠡ ᠶᠢ ᠲᠦᠯᠬᠢᠨ ᠠᠭᠢᠭᠤᠯᠵᠤ᠂ ᠡᠯ᠎ᠡ ᠲᠦᠷᠦᠯ ᠤᠨ ᠠᠵᠢᠯ ᠰᠢᠨ᠎ᠠ ᠠᠬᠢᠴᠠ ᠲᠠᠢ ᠪᠤᠯᠵᠠᠢ᠃     ᠬᠠᠮᠲᠤ ᠶᠢᠨ ᠤᠢ ᠰᠢᠭᠤᠢ ᠶᠢᠨ ᠦᠮᠴᠢᠯᠠᠯ ᠤᠨ ᠡᠷᠭᠡ ᠶᠢᠨ ᠳᠦᠷᠢᠮ ᠤᠨ ᠦᠭᠡᠷᠡᠴᠢᠯᠡᠯᠳᠡ ᠶᠢ ᠢᠳᠡᠪᠬᠢᠲᠡᠢ ᠲᠦᠯᠬᠢᠨ ᠠᠭᠢᠭᠤᠯᠪᠠ᠃ ᠪᠦᠬᠦ ᠬᠤᠳᠠ ᠶᠢᠨ ᠪᠦᠷᠢᠳᠬᠡᠭᠰᠡᠨ ᠳᠤᠳᠤᠷᠬᠠᠢ ᠦᠮᠴᠢᠯᠡᠯ ᠤᠨ ᠡᠷᠬᠡ ᠲᠠᠢ ᠤᠢ ᠰᠢᠭᠤᠢ ᠶᠢᠨ ᠳᠠᠯᠠᠪᠠᠢ 4199 ᠲᠦᠮᠡᠨ ᠮᠦ ᠪᠠᠶᠢᠵᠤ᠂ 4145 ᠲᠦᠮᠡᠨ ᠮᠦ ᠤᠢ ᠰᠢᠭᠤᠢ ᠳᠤ ᠤᠢ ᠰᠢᠭᠤᠢ ᠶᠢᠨ ᠦᠮᠴᠢᠯᠠᠯ ᠤᠨ ᠡᠷᠭᠡ ᠶᠢᠨ ᠦᠨᠡᠮᠯᠡᠯ ᠲᠠᠷᠬᠠᠭᠠᠨ᠂ ᠤᠢ ᠰᠢᠭᠤᠢ ᠶᠢᠨ ᠵᠢᠭᠤᠷᠠᠯᠳᠤᠭᠠᠨ 957 ᠶᠢ ᠰᠢᠢᠳᠪᠤᠷᠢᠯᠠᠪᠠ᠃ ᠡᠬᠦᠨ ᠤ ᠳᠠᠭᠠᠤ᠂ ᠦᠬᠡᠷᠡᠴᠢᠯᠡᠯᠳᠡ ᠶᠢ ᠲᠠᠰᠤᠷᠠᠯᠳᠠ ᠦᠬᠡᠢ ᠳᠡᠬᠦᠯᠳᠡᠷᠵᠢᠬᠦᠯᠵᠦ᠂ ᠬᠠᠮᠲᠤ ᠶᠢᠨ ᠤᠢ ᠰᠢᠭᠤᠢ ᠶᠢᠨ ᠦᠮᠴᠢᠯᠠᠯ ᠤᠨ ᠡᠷᠭᠡ ᠶᠢᠨ ᠡᠯᠧᠺᠳ᠋ᠷᠤᠨ ᠳᠠᠩᠰᠠ ᠡᠪᠬᠡᠮᠡᠯ ᠢ ᠪᠦᠷᠢᠨᠰᠢᠬᠦᠯᠦᠨ᠂ ᠤᠢ ᠰᠢᠭᠤᠢ ᠶᠢᠨ ᠦᠮᠴᠢᠯᠠᠯ ᠤᠨ ᠡᠷᠭᠡ ᠶᠢᠨ ᠬᠠᠮᠢᠶᠠᠷᠤᠯᠳᠠ ᠶᠢᠨ ᠦᠢᠯᠡᠴᠢᠯᠡᠬᠡᠨ ᠤ ᠲᠦᠪ 12 ᠢ ᠪᠠᠶᠢᠭᠤᠯᠪᠠ᠃ ᠨᠢᠩᠴᠧᠩ ᠰᠢᠶᠠᠨ ᠪᠠ ᠪᠠᠭᠠᠷᠢᠨ ᠵᠡᠬᠦᠨ ᠬᠤᠰᠢᠭᠤᠨ ᠳᠤ ᠤᠢ ᠰᠢᠭᠤᠢ ᠶᠢᠨ ᠦᠮᠴᠢᠯᠠᠯ ᠤᠨ ᠡᠷᠬᠡ ᠶᠢᠨ ᠬᠠᠮᠢᠶᠠᠷᠤᠯᠳᠠ᠂ ᠡᠷᠬᠢᠯᠳᠡ ᠶᠢᠨ ᠰᠤᠯᠢᠯᠴᠠᠭ᠎ᠠ ᠂ ᠨᠡᠶᠢᠬᠡᠮ ᠤᠨ ᠦᠢᠯᠡᠴᠢᠯᠡᠬᠡᠨ ᠤ ︽ᠭᠤᠷᠪᠠ ᠶᠢ ᠨᠢᠬᠡ ᠴᠤᠭᠴᠠᠵᠢᠭᠤᠯᠬᠤ︾ ᠬᠠᠮᠢᠶᠠᠷᠤᠯᠳᠠ ᠶᠢᠨ ᠦᠢᠯᠡᠴᠢᠯᠡᠬᠡᠨ ᠤ ᠲᠤᠭᠳᠠᠴᠠ ᠶᠢ ᠪᠠᠶᠢᠭᠤᠯᠵᠤ᠂ ᠯᠢᠨᠰᠢ ᠰᠢᠶᠠᠨ ᠳᠤ ᠬᠠᠮᠲᠤ ᠶᠢᠨ ᠤᠢ ᠰᠢᠭᠤᠢ ᠶᠢᠨ ᠭᠠᠵᠠᠷ ᠤᠨ ᠦᠮᠴᠢᠯᠡᠬᠦ ᠡᠷᠬᠡ᠂ ᠳᠠᠭᠠᠭᠠᠴᠢᠯᠠᠯᠳᠠ ᠶᠢᠨ ᠡᠷᠭᠡ᠂ ᠡᠵᠡᠩᠨᠡᠯᠳᠡ ᠶᠢᠨ ᠡᠷᠭᠡ ︽ᠭᠤᠷᠪᠠᠨ ᠡᠷᠬᠡ ᠶᠢ ᠰᠠᠯᠭᠠᠬᠤ︾ ᠶᠢ ᠦᠷᠨᠢᠬᠦᠯᠬᠦ ᠵᠢᠴᠢ ᠰᠢᠨ᠎ᠠ ᠬᠡᠯᠪᠡᠷᠢ ᠶᠢᠨ ᠤᠢ ᠰᠢᠭᠤᠢ ᠶᠢᠨ ᠦᠢᠯᠡᠰ ᠤᠨ ᠡᠵᠡᠩᠨᠡᠯᠳᠡ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠢ ᠪᠠᠶᠢᠭᠤᠯᠪᠠ᠃ ᠪᠦᠬᠦ ᠬᠤᠳᠠ ᠳᠤ ᠤᠢ ᠰᠢᠭᠤᠢ ᠶᠢᠨ ᠦᠢᠯᠡᠰ ᠤᠨ ᠲᠤᠰᠬᠠᠢ ᠬᠤᠷᠰᠢᠶ᠎ᠠ 78 ᠶᠢ ᠪᠠᠶᠢᠭᠤᠯᠵᠤ᠂ ᠡᠬᠦᠨ ᠳᠤ ᠤᠯᠤᠰ ᠤᠨ ᠳᠡᠰ ᠤᠨ ᠤᠢ ᠰᠢᠭᠤᠢ ᠶᠢᠨ ᠲᠤᠰᠬᠠᠢ ᠬᠤᠷᠰᠢᠶ᠎ᠠ ᠶᠢᠨ ᠵᠢᠱᠢᠶ᠎ᠠ ᠦᠵᠡᠬᠦᠯᠬᠦ ᠴᠡᠭ 4 ᠪᠠᠶᠢᠵᠤ᠂ ᠤᠷᠤᠨ ᠤ ᠳᠡᠰ ᠤᠨ ᠤᠢ ᠰᠢᠭᠤᠢ ᠶᠢᠨ ᠦᠢᠯᠡᠰ ᠤᠨ ᠲᠤᠰᠬᠠᠢ ᠬᠤᠷᠰᠢᠶ᠎ᠠ ᠶᠢᠨ ᠵᠢᠱᠢᠶ᠎ᠠ ᠦᠵᠡᠬᠦᠯᠬᠦ ᠴᠡᠭ 8 ᠪᠠᠶᠢᠨ᠎ᠠ᠃      ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢ ᠯᠠᠪᠳᠠᠭᠤᠨ ᠪᠠᠲᠤᠲᠠᠢ ᠲᠦᠯᠬᠢᠨ ᠠᠭᠢᠭᠤᠯᠪᠠ᠃ ᠮᠠᠨ ᠤ ᠬᠤᠳᠠ ᠶᠢᠨ ᠤᠳᠤ ᠪᠠᠶᠢᠬᠤ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ 65 ᠪᠠᠶᠢᠵᠤ᠂ ᠡᠵᠡᠩᠨᠡᠯᠳᠡ ᠶᠢᠨ ᠶᠡᠷᠦᠩᠬᠡᠢ ᠳᠠᠯᠠᠪᠠᠢ 2388 ᠲᠦᠮᠡᠨ ᠮᠦ ᠳᠤ ᠬᠦᠷᠴᠤ᠂ ᠪᠦᠬᠦ ᠬᠤᠳᠠ ᠶᠢᠨ ᠪᠡᠭᠡᠵᠢᠩ ᠲᠢᠶᠠᠨᠵᠢᠨ ᠤ ᠡᠯᠡᠰᠦ ᠰᠢᠷᠦᠢ ᠶᠢ ᠵᠠᠰᠠᠬᠤ᠂ ᠲᠠᠷᠢᠶᠠᠯᠠᠬᠤ ᠪᠠᠨ ᠵᠤᠭᠰᠤᠵᠤ ᠤᠢᠢᠵᠢᠭᠤᠯᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠪᠠ ᠤᠢ ᠰᠢᠭᠤᠢ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠡᠭᠦᠷᠭᠡ ᠶᠢ ᠡᠭᠦᠷᠭᠡᠯᠡᠵᠦ ᠪᠤᠢ᠃ 2014 ᠤᠨ ᠠᠴᠠ ᠨᠠᠰᠢ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ 2015 ᠤᠨ ᠤ ᠵᠢᠯ ᠤᠨ ᠰᠡᠬᠦᠯᠴᠢ ᠪᠤᠯᠳᠠᠯ᠎ᠠ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠤᠢ ᠮᠤᠳᠤᠨ ᠤ ᠡᠬᠢ ᠪᠠᠶᠠᠯᠢᠭ ᠢ ᠨᠡᠶᠢᠳᠡᠮ ᠪᠠᠶᠢᠴᠠᠭᠠᠵᠤ ᠳᠠᠭᠤᠰᠬᠠᠨ᠂ ᠪᠦᠬᠦ ᠲᠠᠯ᠎ᠠ ᠶᠢᠨ ᠦᠬᠡᠷᠡᠴᠢᠯᠡᠯᠳᠡ ᠳᠤ ᠰᠠᠭᠤᠷᠢ ᠳᠠᠯᠪᠢᠪᠠ᠃ ᠨᠢᠳᠤᠨᠤᠨ ᠵᠢᠯ ᠤᠨ ᠡᠬᠢᠨ ᠳᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠢ ᠦᠨᠳᠦᠰᠦᠯᠡᠨ᠂ ᠬᠤᠳᠠ ᠶᠢᠨ ᠵᠠᠰᠠᠭ ᠤᠨ ᠤᠷᠳᠤᠨ ᠠᠴᠠ ᠬᠤᠳᠠ ᠶᠢᠨ ᠳᠠᠷᠤᠭ᠎ᠠ ᠪᠠᠷ ᠳᠤᠭᠤᠢᠢᠯᠠᠩ ᠤᠨ ᠳᠠᠷᠤᠭ᠎ᠠ ᠪᠤᠯᠭᠠᠵᠤ᠂ ᠬᠤᠳᠠ ᠶᠢᠨ ᠳᠡᠳ᠋ ᠳᠠᠷᠤᠭ᠎ᠠ ᠪᠠᠷ ᠳᠡᠳ᠋ ᠳᠤᠭᠤᠢᠢᠯᠠᠩ ᠤᠨ ᠳᠠᠷᠤᠭ᠎ᠠ ᠪᠤᠯᠭᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠡᠰᠢᠬᠦᠳ ᠢᠶᠠᠷ ᠪᠦᠷᠢᠯᠳᠦᠭᠰᠡᠨ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢᠨ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠪᠠ᠃ ᠬᠤᠳᠠ ᠶᠢᠨ ᠤᠷᠤᠨ ᠲᠤᠭᠠᠨ ᠤ ᠠᠯᠪᠠᠨ ᠭᠡᠷ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ ᠠᠴᠠ ᠬᠠᠮᠳᠤᠷᠠᠨ ᠰᠤᠳᠤᠯᠤᠭᠰᠠᠨ ᠤ ᠰᠠᠭᠤᠷᠢᠨ ᠳᠡᠭᠡᠷ᠎ᠠ ︽ᠤᠯᠠᠭᠠᠨᠬᠠᠳᠠ ᠬᠤᠳᠠ ᠶᠢᠨ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢ ᠬᠡᠷᠡᠭᠵᠢᠬᠦᠯᠬᠦ ᠰᠠᠨᠠᠯ︾ ᠢ ᠲᠤᠭᠤᠷᠪᠢᠪᠠ᠃ ᠡᠨᠡ ᠵᠢᠯ ᠤᠨ 4 ᠰᠠᠷ᠎ᠠ ᠳᠤ᠂ ᠬᠤᠳᠠ ᠶᠢᠨ ᠠᠮᠢ ᠠᠬᠤᠢ ᠶᠢᠨ ᠠᠵᠤ ᠠᠬᠤᠢ ᠪᠠ ᠨᠡᠶᠢᠭᠡᠮ ᠤᠨ ᠠᠵᠢᠯ ᠦᠢᠯᠡᠰ ᠤᠨ ᠬᠦᠷᠢᠶ᠎ᠠ ᠴᠠᠷᠠᠭᠠᠨ ᠳᠠᠬᠢ ᠦᠬᠡᠷᠡᠴᠢᠯᠡᠯᠳᠡ ᠶᠢᠨ ᠲᠤᠰᠬᠠᠢ ᠲᠦᠷᠦᠯ ᠤᠨ ᠲᠤᠭᠤᠶᠢᠯᠠᠩ ᠤᠨ ᠬᠤᠷᠠᠯ ᠪᠠ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠳ ᠤᠨ ᠬᠤᠷᠠᠯ ᠠᠴᠠ᠂ ︽ᠤᠯᠠᠭᠠᠨᠬᠠᠳᠠ ᠬᠤᠳᠠ ᠶᠢᠨ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢ ᠬᠡᠷᠡᠭᠵᠢᠬᠦᠯᠬᠦ ᠰᠠᠨᠠᠯ︾ ᠢ ᠬᠢᠨᠠᠨ ᠵᠦᠪᠯᠡᠵᠤ ᠪᠠᠳᠤᠯᠠᠨ᠂ ᠪᠦᠬᠦ ᠬᠤᠳᠠ ᠶᠢᠨ ᠤᠢ ᠰᠢᠭᠤᠢ ᠶᠢᠨ ᠳᠠᠯᠠᠪᠠᠢ ᠶᠢᠨ ᠨᠡᠶᠢᠳᠡ ᠶᠢᠨ ᠠᠰᠠᠷᠠᠮᠵᠢ ᠶᠢᠨ ᠴᠢᠨᠠᠷ ᠵᠡᠷᠭᠡ ᠠᠭᠤᠯᠭ᠎ᠠ ᠶᠢ ᠳᠤᠳᠤᠷᠬᠠᠢ ᠲᠤᠭᠳᠠᠭᠠᠪᠠ᠃ ᠪᠦᠬᠦ ᠬᠤᠳᠠ ᠶᠢᠨ 12 ᠬᠤᠰᠢᠭᠤ ᠰᠢᠶᠠᠨ ᠲᠤᠭᠤᠷᠢᠭ ᠤᠨ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢᠨ ᠲᠦᠰᠦᠯ ᠢ ᠡᠨᠡ ᠵᠢᠯ ᠤᠨ 2 ᠰᠠᠷ᠎ᠠ ᠳᠤ ᠦᠪᠡᠷᠳᠡᠭᠡᠨ ᠵᠠᠰᠠᠬᠤ ᠤᠷᠤᠨ ᠳᠤ ᠲᠡᠪᠰᠢᠬᠦᠯᠤᠨ ᠮᠡᠳᠡᠬᠦᠯᠵᠦ᠂ 3 ᠰᠠᠷ᠎ᠠ ᠳᠤ ᠵᠢᠩᠬᠢᠨᠢ ᠪᠠᠷ ᠴᠤᠬᠤᠯᠠᠪᠤᠷᠢᠯᠠᠪᠠ᠃    ᠤᠳᠤᠬᠠᠨ ᠳᠤ᠂ ᠪᠦᠬᠦ ᠬᠤᠳᠠ ᠶᠢᠨ ᠡᠯ᠎ᠠ ᠤᠢ ᠰᠢᠭᠤᠢ ᠶᠢᠨ ᠳᠠᠯᠠᠪᠠᠢ ︽ᠤᠯᠠᠭᠠᠨᠬᠠᠳᠠ ᠬᠤᠳᠠ ᠶᠢᠨ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢ ᠬᠡᠷᠡᠭᠵᠢᠬᠦᠯᠬᠦ ᠰᠠᠨᠠᠯ︾ ᠢ ᠦᠨᠳᠦᠰᠦᠯᠡᠨ ᠪᠤᠳᠠᠳᠠᠢ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠠᠪᠴᠤ᠂ ᠡᠯ᠎ᠡ ᠲᠦᠷᠦᠯ ᠤᠨ ᠠᠭᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠨᠡ ᠵᠢᠯ ᠤᠨ ᠡᠴᠦᠰ ᠪᠤᠯᠳᠠᠯ᠎ᠠ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠬᠦ ᠪᠠᠷ ᠲᠦᠯᠦᠪᠯᠡᠵᠦ ᠪᠤᠢ᠃                                                                                  ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号