ᠵᠠᠬᠢᠶᠠᠯᠠᠭ᠎ᠠ ᠶᠢᠨ ᠬᠤᠭᠤᠯᠠ ᠬᠥᠷᠭᠡᠯᠳᠡ ᠨᠢ《 ᠵᠢᠷᠤᠮᠵᠢᠯ》᠎ ᠲᠠᠢ ᠪᠤᠯᠪᠠ
ᠨᠡᠶᠢᠲᠡᠯᠡᠭᠰᠡᠨ ᠴᠠᠭ᠄
2017/8/31
         9 ᠰᠠᠷ᠎ᠠ ᠶᠢᠨ 1᠎ ᠤ ᠡᠳᠤᠷ ᠠᠴᠠ ᠡᠬᠢᠯᠡᠵᠤ ᠬᠡᠷᠡᠭᠵᠢᠬᠦᠯᠬᠦ《ᠵᠠᠬᠢᠶᠠᠯᠠᠭ᠎ᠠ ᠶᠢᠨ ᠬᠤᠭᠤᠯᠠ ᠬᠥᠷᠭᠡᠬᠦ ᠦᠢᠯᠡᠴᠢᠯᠡᠭᠡᠨ ᠤ ᠵᠢᠷᠤᠮᠵᠢᠯ》᠎ ᠨᠢ ᠬᠡᠷᠡᠭᠯᠡᠭᠴᠢᠳ ᠤᠨ ᠠᠩᠬᠠᠷᠴᠤ ᠪᠠᠶᠢᠭ᠎ᠠ ᠬᠤᠭᠤᠯᠠ ᠬᠥᠷᠭᠡᠬᠦ ᠨᠢ ᠤᠳᠠᠭᠠᠨ᠂ ᠬᠤᠭᠤᠯᠠᠨ ᠤ ᠲᠦᠷᠤᠯ ᠨᠢ ᠪᠦᠷᠢᠨ ᠪᠤᠰᠤ᠂ ᠠᠷᠢᠭᠤᠨ ᠴᠡᠪᠡᠷ ᠤᠨ ᠪᠠᠶᠢᠳᠠᠯ ᠨᠢ ᠮᠠᠭᠤ᠂ ᠵᠠᠬᠢᠶᠠᠯᠠᠭ᠎ᠠ ᠶᠢᠨ ᠬᠤᠭᠤᠯᠠ ᠬᠥᠷᠭᠡᠭᠴᠢ ᠶᠢᠨ ᠦᠢᠯᠡᠴᠢᠯᠡᠭᠡᠨ ᠤ ᠬᠢᠷᠢ ᠲᠦᠪᠰᠢᠨ ᠨᠢ ᠠᠳᠠᠯᠢ ᠦᠭᠡᠢ ᠵᠡᠷᠭᠡ ᠠᠰᠠᠭᠤᠳᠠᠯ ᠤᠳ ᠢ ᠴᠦᠮ ᠵᠢᠷᠤᠮᠵᠢᠭᠤᠯᠬᠤ ᠪᠤᠯᠤᠨ᠎ᠠ᠃           ᠵᠢᠷᠤᠮᠵᠢᠯ ᠳᠤ ᠱᠠᠭᠠᠷᠳᠠᠭᠰᠠᠨ ᠨᠢ᠂ ᠵᠠᠬᠢᠶᠠᠯᠠᠭ᠎ᠠ ᠶᠢᠨ ᠬᠤᠭᠤᠯᠠ ᠬᠥᠷᠭᠡᠭᠦ ᠪᠠᠶᠢᠭᠤᠯᠤᠮᠵᠢ ᠨᠢ ᠠᠵᠤ ᠠᠬᠤᠶᠢᠯᠠᠯ ᠤᠨ ᠬᠠᠤᠯᠢ ᠶᠢᠨ ᠬᠥᠮᠤᠨ ᠤ ᠬᠢᠷᠢ ᠭᠡᠮ ᠢ ᠪᠦᠷᠢᠳᠤᠬᠦᠯᠦᠭᠰᠡᠨ ᠪᠠᠶᠢᠬᠤ ᠬᠡᠷᠡᠭᠳᠠᠢ  ᠪᠦᠭᠡᠳ  ᠲᠤᠬᠳᠠᠮᠠᠯ ᠠᠯᠪᠠᠯᠠᠬᠤ ᠭᠠᠵᠠᠷ ᠪᠠ ᠬᠡᠪᠴᠢᠶᠡᠵᠢᠭᠰᠡᠨ ᠬᠥᠷᠭᠡᠬᠦ ᠡᠩᠨᠡᠭᠡ ᠲᠠᠢ ᠪᠠᠶᠢᠬᠤ ᠬᠡᠷᠡᠭᠳᠠᠢ︔ ᠬᠤᠳᠠᠯᠳᠤᠭᠠᠴᠢᠨ ᠡᠷᠤᠭᠡ ᠨᠢ  ᠬᠡᠷᠡᠭᠯᠡᠭᠴᠢ ᠶᠢᠨ ᠵᠠᠬᠢᠶᠠᠯᠠᠭ᠎ᠠ ᠦᠭᠬᠦᠭᠰᠡᠨ ᠤ ᠲᠠᠷᠠᠭᠠᠬᠢ 10 ᠮᠢᠨᠦ᠋ᠲ ᠤᠨ ᠲᠤᠳᠤᠷ᠎ᠠ ᠵᠠᠬᠢᠶᠠᠯᠠᠭ᠎ᠠ ᠤᠯᠤᠭᠰᠠᠨ ᠢ ᠨᠤᠳᠠᠯᠠᠬᠤ ᠬᠡᠷᠡᠭᠳᠠᠢ᠂ ᠵᠠᠬᠢᠶᠠᠯᠠᠭ᠎ᠠ ᠶᠢᠨ ᠬᠤᠭᠤᠯᠠ ᠬᠥᠷᠭᠡᠭᠴᠢ ᠵᠠᠬᠢᠶᠠᠯᠠᠭ᠎ᠠ ᠶᠢᠨ ᠬᠤᠭᠤᠯᠠ ᠬᠥᠷᠭᠡᠬᠦ ᠦᠢᠯᠡᠴᠢᠯᠡᠭᠡᠨ ᠎ ᠤ ᠮᠡᠳᠡᠭᠡ ᠵᠠᠩᠬᠢ ᠶᠢᠨ ᠮᠡᠷᠭᠡᠵᠢᠯ ᠤᠨ ᠲᠡᠪᠴᠡᠩ ᠵᠠᠬᠢᠶᠠᠯᠠᠭ᠎ᠠ ᠪᠠᠭᠤᠯᠭᠠᠭᠰᠠᠨ ᠤ ᠲᠠᠷᠠᠭᠠᠬᠢ 5 ᠮᠢᠨᠦ᠋ᠲ ᠤᠨ ᠲᠤᠳᠤᠷ᠎ᠠ ᠵᠠᠬᠢᠶᠠᠯᠠᠭ᠎ᠠ ᠶᠢ ᠬᠥᠯᠢᠶᠡᠨ ᠠᠪᠬᠤ ᠬᠡᠷᠡᠭᠳᠠᠢ᠃        ᠡᠬᠦᠨ ᠤ ᠵᠡᠷᠭᠡ ᠳᠤ᠂ ᠵᠠᠬᠢᠶᠠᠯᠠᠭ᠎ᠠ ᠶᠢᠨ ᠬᠤᠭᠤᠯᠠ ᠬᠥᠷᠭᠡᠬᠦ ᠲᠤᠮᠳᠡᠬᠢ ᠵᠠᠷᠢᠮ ᠨᠠᠷᠢᠨ ᠵᠦᠢᠯᠡᠰ ᠤᠨ ᠲᠤᠬᠠᠢ ᠵᠢᠷᠤᠮᠵᠢᠯ ᠳᠤ᠂ ᠵᠢᠱᠢᠶᠡᠯᠡᠪᠡᠯ ᠵᠠᠬᠢᠶᠠᠯᠠᠭ᠎ᠠ ᠶᠢᠨ ᠬᠤᠭᠤᠯᠠ ᠬᠥᠷᠭᠡᠭᠴᠢ ᠬᠡᠷᠡᠭᠯᠡᠭᠴᠢ ᠶᠢᠨ ᠭᠡᠷ ᠤᠨ ᠡᠬᠦᠳᠡᠨ ᠎ ᠳᠤ ᠤᠴᠢᠪᠠᠯ ᠬᠠᠭᠠᠯᠭ᠎ᠠ ᠶᠢ ᠬᠥᠩᠭᠡᠭᠡᠨ ᠲᠤᠬᠰᠢᠨ᠎ᠠ᠂ ᠬᠠᠷᠢᠭᠤ ᠦᠭᠡᠢ ᠪᠠᠶᠢᠪᠠᠯ ᠤᠳᠠᠰᠤ ᠪᠤᠶᠤ ᠤᠬᠤᠷ ᠮᠡᠳᠡᠭᠡ ᠎ ᠪᠠᠷ ᠬᠡᠷᠡᠭᠯᠡᠭᠴᠢ ᠲᠠᠢ ᠬᠤᠯᠪᠤᠭ᠎ᠠ ᠠᠪᠬᠤ ᠬᠡᠷᠡᠭᠳᠠᠢ︔ ᠬᠡᠷᠡᠭᠯᠡᠭᠴᠢ ᠶᠢᠨ ᠭᠡᠷ ᠲᠤ ᠤᠷᠤᠵᠤ ᠪᠤᠯᠬᠤ ᠦᠭᠡᠢ︔  ᠭᠠᠷ ᠴᠠᠶᠢᠯᠭᠠᠬᠤ ᠮᠦᠩᠬᠦ ᠠᠪᠬᠤ ᠪᠤᠶᠤ ᠪᠤᠰᠤᠳ ᠪᠤᠯᠪᠠᠰᠤᠨ ᠪᠤᠰᠤ ᠦᠢᠯᠡ ᠬᠥᠳᠡᠯᠤᠯ ᠲᠠᠢ ᠪᠠᠶᠢᠵᠤ ᠦᠭᠡᠢ ᠭᠡᠵᠤ ᠲᠤᠳᠤᠷᠬᠠᠢ ᠲᠤᠬᠳᠠᠭᠠᠵᠠᠢ᠃           ᠠᠵᠢᠯ ᠲᠦᠷᠤᠯ ᠤᠨ ᠲᠤᠰᠬᠠᠢ ᠮᠡᠷᠭᠡᠵᠢᠯᠳᠡᠨ ᠢᠯᠡᠷᠭᠡᠶᠢᠯᠡᠬᠦ ᠳᠡᠭᠡᠨ᠂  ᠵᠠᠬᠢᠶᠠᠯᠠᠭ᠎ᠠ ᠶᠢᠨ ᠬᠤᠭᠤᠯᠠ ᠶᠢᠨ ᠵᠠᠬ᠎ᠠ ᠲᠡᠯᠭᠡᠬᠦᠷ ᠤᠨ ᠦᠷᠢᠰᠤᠯᠳᠤᠭᠡᠨ ᠡᠳᠤᠷ ᠢᠷᠡᠬᠦᠶ᠎ᠠ ᠬᠤᠷᠴᠠ ᠰᠢᠷᠤᠬᠦᠨ ᠪᠤᠯᠵᠤ ᠪᠠᠶᠢᠭ᠎ᠠ ᠦᠨᠤᠳᠤᠷ ᠬᠡᠷᠡᠭᠵᠢᠬᠦᠯᠬᠦ  ᠎ ᠪᠠᠷ ᠪᠠᠶᠢᠭ᠎ᠠ《ᠵᠠᠬᠢᠶᠠᠯᠠᠭ᠎ᠠ ᠶᠢᠨ ᠬᠤᠭᠤᠯᠠ ᠬᠥᠷᠭᠡᠬᠦ ᠦᠢᠯᠡᠴᠢᠯᠡᠭᠡᠨ ᠤ ᠵᠢᠷᠤᠮᠵᠢᠯ ᠨᠢ ᠵᠠᠬᠢᠶᠠᠯᠠᠭ᠎ᠠ ᠎ ᠶᠢᠨ ᠬᠤᠭᠤᠯᠠ ᠶᠢᠨ ᠦᠢᠯᠡᠴᠢᠯᠡᠭᠡᠨ ᠤ ᠠᠵᠢᠯ ᠲᠦᠷᠤᠯ ᠤᠨ ᠵᠢᠷᠤᠮᠵᠢᠯ ᠦᠭᠡᠢ ᠪᠠᠶᠢᠳᠠᠯ ᠢ ᠡᠴᠤᠰᠯᠡᠬᠦᠯᠵᠤ᠂ ᠬᠤᠭᠤᠯᠠ ᠬᠥᠷᠭᠡᠬᠦ ᠦᠢᠯᠡᠴᠢᠯᠡᠭᠡᠨ ᠤ ᠶᠠᠰᠤ ᠴᠢᠨᠠᠷ ᠢ ᠨᠡᠩ ᠪᠦᠳᠤᠮᠵᠢᠳᠠᠢ ᠪᠠᠳᠤᠯᠠᠵᠤ᠂ ᠵᠠᠬᠢᠶᠠᠯᠠᠭ᠎ᠠ ᠶᠢᠨ ᠬᠤᠭᠤᠯᠠ ᠎ ᠶᠢᠨ ᠵᠠᠬ᠎ᠠ ᠲᠡᠯᠭᠡᠬᠦᠷ ᠤᠨ ᠡᠮᠬᠢ  ᠵᠢᠷᠤᠮ  ᠎ ᠲᠠᠢ ᠬᠥᠭᠵᠢᠬᠦ ᠶᠢ ᠲᠦᠯᠬᠢᠨ ᠠᠬᠢᠭᠤᠯᠵᠤ ᠪᠤᠯᠤᠨ᠎ᠠ ᠭᠡᠵᠠᠢ᠃                                                                                    ᠰᠤᠪᠤᠳ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号