ᠥᠪᠥᠷ ᠮᠣᠩᠭᠤᠯ᠄ 4 ᠵᠢᠯ ᠳᠤ 4 ᠲᠦᠮᠡ ᠭᠠᠷᠤᠢ ᠰᠤᠷᠤᠭᠴᠢ ᠶᠢ ᠳᠡᠮᠵᠢᠨ ᠶᠡᠭᠡ ᠰᠤᠷᠭᠠᠭᠤᠯᠢ ᠳᠤ ᠰᠤᠷᠤᠯᠴᠠᠬᠤ ᠬᠦᠰᠡᠯ ᠢ ᠨᠢ ᠲᠡᠷᠭᠡᠯᠰᠢᠭᠦᠯᠪᠡ
ᠨᠡᠶᠢᠲᠡᠯᠡᠭᠰᠡᠨ ᠴᠠᠭ᠄
2017/8/31
       8 ᠰᠠᠷ᠎ᠠ ᠶᠢᠨ 10 ᠤ ᠡᠳᠦᠷ᠂ ᠰᠢᠤᠢ ᠮᠧᠩ ᠵᠦ ᠵᠦᠩᠱᠠᠨ ᠶᠡᠭᠡ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠠᠪᠴᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠤᠭᠴᠢᠳ ᠢ ᠲᠤᠰᠠᠯᠠᠨ ᠲᠡᠳᠬᠦᠬᠦ ᠶᠢ ᠬᠠᠮᠢᠶᠠᠷᠬᠤ ᠲᠥᠪ ᠲᠤ ᠬᠦᠷᠴᠦ ᠣᠴᠢᠯ᠎ᠠ᠃ 2014 ᠣᠨ ᠠᠴᠠ ᠡᠬᠢᠯᠡᠨ᠂ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠡᠷᠦᠬᠡ ᠠᠮᠠ  ᠲᠠᠢ ᠮᠦᠷᠲᠡᠭᠡᠨ ᠡᠯᠰᠡᠭᠳᠡᠬᠦ ᠦᠶ᠎ᠡ ᠳᠤ ᠪᠠᠨ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠦᠷ᠎ᠡ ᠬᠡᠥᠬᠡᠳ ᠪᠣᠯᠬᠤ ᠰᠢᠨ᠎ᠡ ᠰᠤᠷᠤᠭᠴᠢᠳ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠪᠠᠶᠢᠪᠠᠯ ᠨᠢᠭᠡ ᠯᠡ ᠤᠳᠠᠭ᠎ᠠ ᠶᠢᠨ ᠴᠢᠨᠠᠷᠲᠠᠢ 4 ᠲᠦᠮᠡᠨ ᠲᠦᠭᠦᠷᠢᠭ ᠢᠶᠠᠷ ᠲᠤᠰᠠᠯᠠᠨ᠂ ᠲᠤᠰᠬᠠᠢ ᠮᠡᠷᠭᠡᠵᠢᠯ ᠤᠨ ᠰᠤᠷᠭᠠᠭᠤᠯᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠦᠷᠦᠯ ᠳᠤ ᠡᠯᠰᠡᠭᠳᠡᠭᠰᠡᠨ ᠪᠠᠶᠢᠪᠠᠯ ᠨᠢᠭᠡ ᠯᠡ ᠤᠳᠠᠭ᠎ᠠ ᠶᠢᠨ ᠴᠢᠨᠠᠷᠲᠠᠢ 3 ᠲᠦᠮᠡᠨ ᠲᠦᠭᠦᠷᠢᠭ ᠢᠶᠠᠷ ᠲᠤᠰᠠᠯᠠᠭᠰᠠᠭᠠᠷ ᠢᠷᠡᠵᠡᠢ᠃ ᠣᠳᠣ ᠪᠣᠯᠲᠠᠯ᠎ᠠ᠂ ᠲᠤᠰ ᠲᠦᠷᠦ ᠶᠢᠨ ᠪᠣᠳᠣᠯᠭ᠎ᠠ ᠨᠢ ᠨᠢᠭᠡᠨᠲᠡ 4 ᠲᠦᠮᠡ ᠭᠠᠷᠤᠢ ᠰᠤᠷᠤᠭᠴᠢ ᠶᠢ ᠳᠡᠮᠵᠢᠨ ᠶᠡᠭᠡ ᠰᠤᠷᠭᠠᠭᠤᠯᠢ ᠳᠤ ᠣᠷᠣᠭᠤᠯᠤᠭᠰᠠᠨ ᠪᠠᠶᠢᠨ᠎ᠠ᠃          ᠰᠢᠤᠢ ᠮᠧᠩ ᠵᠦ ᠪᠣᠯ ᠬᠠᠭᠠᠰ ᠦᠨᠦᠴᠢᠨ ᠬᠡᠥᠬᠡᠳ ᠪᠥᠭᠡᠳ ᠡᠵᠢ ᠨᠢ ᠡᠪᠡᠳᠴᠢᠯᠡᠭᠡᠳ ᠣᠯᠠᠨ ᠵᠢᠯ ᠪᠣᠯᠵᠠᠢ᠃ ᠨᠢᠭᠡ ᠭᠡᠷ ᠤᠨ ᠬᠢᠨ ᠵᠠᠰᠠᠭ ᠤᠨ ᠣᠷᠳᠣᠨ ᠤ ᠨᠠᠭᠠᠲᠤ  ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠲᠦᠰᠢᠭᠯᠡᠨ ᠠᠮᠢᠳᠤᠷᠠᠯ ᠢᠶᠠᠨ ᠠᠷᠭᠠᠴᠠᠳᠠᠭ᠃ ᠲᠡᠷᠡ ᠪᠣᠯ ᠨᠢᠭᠡᠨ ᠰᠢᠨᠳᠠᠰᠤ ᠲᠠᠢ ᠬᠡᠥᠬᠡᠳ ᠶᠤᠮ᠂ ᠬᠡᠳᠦᠶᠢᠪᠡᠷ ᠭᠡᠷ ᠤᠨ ᠠᠮᠢᠳᠤᠷᠠᠯ ᠨᠢ ᠬᠦᠴᠢᠷᠳᠡᠯᠲᠡᠢ ᠪᠠᠶᠢᠭᠰᠠᠨ ᠴᠦ ᠰᠢᠷᠭᠠᠭᠤ ᠬᠠᠳᠠᠭᠤᠵᠢᠯᠲᠠᠢ ᠰᠤᠷᠤᠯᠴᠠᠵᠤ᠂ ᠡᠴᠦᠰ ᠲᠤ  ᠪᠠᠨ ᠰᠢᠯᠢᠳᠡᠭ ᠬᠢᠷᠢ ᠪᠦᠲᠦᠮᠵᠢ ᠪᠠᠷ ᠬᠦᠰᠡᠯᠡᠩ ᠤᠨ ᠶᠡᠭᠡ ᠰᠤᠷᠭᠠᠭᠤᠯᠢ ᠳᠤ ᠪᠠᠨ ᠰᠢᠯᠭᠠᠨ ᠣᠷᠣᠭᠰᠠᠨ ᠪᠠᠶᠢᠨ᠎ᠠ᠃ ᠡᠷᠡᠮᠡᠯᠵᠡᠯ ᠲᠠᠭᠯᠠᠭᠰᠠᠨ ᠡᠳᠦᠷ ᠠᠴᠠ ᠲᠡᠷᠡ ᠡᠵᠢ ᠳᠤ ᠪᠠᠨ‌‍ᠬᠡᠳᠦᠢ ᠬᠦᠴᠢᠷᠳᠡᠯᠳᠡᠢ ᠪᠠᠶᠢᠭᠰᠠᠨ ᠴᠦ ᠦᠪᠡᠷ ‍ᠦᠨ‌‍ᠴᠢᠷᠮᠠᠶᠢᠯᠠᠭ᠎ᠠ ᠪᠠᠷ ᠢᠶᠠᠨ ᠳᠠᠮᠵᠢᠨ ᠶᠡᠭᠡ ᠰᠤᠷᠭᠠᠭᠤᠯᠢ ᠶᠢᠨ ᠰᠤᠷᠤᠯᠴᠠᠯᠭ᠎ᠠ ᠪᠠᠨ ᠪᠡᠶᠡᠯᠡᠭᠦᠯᠵᠦ ᠴᠢᠳᠠᠨ᠎ᠠ ᠭᠡᠵᠦ ᠶᠠᠷᠢᠬᠤ ᠪᠠᠷ ᠨᠢ  ᠡᠵᠢ ᠨᠢ ᠦᠪᠡᠷ ᠤᠨ ᠡᠷᠬᠡ ᠦᠭᠡᠢ ᠨᠢᠯᠪᠤᠰᠤ ᠪᠦᠮᠪᠦᠷᠢᠭᠦᠯᠵᠦ ᠪᠠᠶᠢᠯ᠎ᠠ᠃ ᠭᠡᠲᠡᠯ᠎ᠡ ᠶᠡᠭᠡ ᠰᠤᠷᠭᠠᠭᠤᠯᠢ ᠳᠤ ᠰᠤᠷᠤᠯᠴᠠᠬᠤ ᠵᠠᠷᠤᠳᠠᠯ ᠨᠢ ᠲᠡᠳᠡᠨ ᠤ ᠭᠡᠷ ᠲᠤ ᠠᠪᠴᠤ ᠬᠡᠯᠡᠪᠡᠯ ᠶᠣᠰᠣᠲᠠᠢ ᠨᠢᠭᠡᠨ ᠮᠣᠨᠳᠠᠭ ᠵᠠᠷᠤᠳᠠᠯ ᠪᠣᠯᠣᠨ᠎ᠠ᠃  ᠲᠡᠷᠡ ᠦᠶ᠎ᠡ ᠳᠤ ᠶᠠᠭ ᠰᠠᠶᠢᠬᠠᠨ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ‌‍ᠪᠠᠶᠢᠭᠤᠯᠤᠭᠳᠠᠭᠰᠠᠨ 70 ᠵᠢᠯ ‍ᠦᠨ‌ᠣᠢ ᠵᠢᠨ‌ᠬᠤᠭᠤᠴᠠᠭᠠᠨ ᠳᠤ ᠪᠠᠶᠢᠭᠰᠠᠨ ᠪᠣᠯᠬᠤᠷ ᠡᠬᠡ ᠦᠬᠢᠨ ᠬᠤᠶᠠᠷ ‍ᠤᠨ‌‍ᠰᠠᠭᠤᠵᠤ ᠪᠠᠶᠢᠭᠰᠠᠨ ᠬᠤᠷᠢᠶᠠᠯᠠᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠶᠠᠨ ᠳᠠᠬᠢ  ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠶᠢ ᠰᠣᠷᠪᠣᠯᠵᠢᠯᠠᠨ ᠲᠣᠬᠤᠨᠢᠭᠤᠯᠵᠤ ᠪᠠᠶᠢᠭ᠎ᠠ ᠲᠠᠢ ᠲᠣᠬᠢᠶᠠᠯᠳᠤᠵᠠᠢ᠃ ᠰᠢᠤᠢ ᠮᠧᠩ ᠵᠦ ᠶᠢᠨ ᠡᠵᠢ ᠨᠢ ᠨᠡᠶᠢᠭᠡᠮ ᠲᠣᠭᠤᠷᠢᠭ ‍ᠤᠨ‌ᠠᠵᠢᠯᠲᠠᠳ ᠲᠤ ᠬᠡᠥᠬᠡᠳ ‍ᠦᠨ‌‍ᠰᠤᠷᠭᠠᠭᠤᠯᠢ ᠳᠤ ᠣᠷᠣᠬᠤ ᠳᠤ ᠬᠦᠴᠢᠷᠲᠡᠢ‌‍ᠪᠠᠶᠢᠭ᠎ᠠ  ᠬᠦᠴᠢᠷᠳᠡᠯ ᠢᠶᠠᠨ  ᠳᠤᠷᠠᠳᠤᠭᠰᠠᠨ ᠪᠠᠶᠢᠨ᠎ᠠ᠃ ᠲᠤᠬᠠᠢ ᠵᠢᠨ‌ᠦᠶ᠎ᠡ ᠪᠠᠷ ᠭᠡᠷ ᠤᠨ ᠰᠣᠷᠪᠣᠯᠵᠢᠯᠠᠭ᠎ᠠ ᠬᠢᠵᠦ ᠶᠠᠪᠤᠵᠤ ᠪᠠᠶᠢᠭᠰᠠᠨ ᠨᠡᠶᠢᠭᠡᠮ ᠲᠣᠭᠤᠷᠢᠭ ᠤᠨ  ᠠᠵᠢᠯᠲᠠᠨ ᠯᠢ ᠴᠢᠨ ᠰᠣᠷᠪᠣᠯᠵᠢᠯᠠᠭ᠎ᠠ ᠬᠦᠯᠢᠶᠡᠬᠦ ᠳᠤ ᠪᠠᠨ᠄ ︽ᠲᠤᠬᠠᠢ ᠶᠢᠨ ᠦᠶ᠎ᠡ ᠳᠤ ᠡᠵᠢ ᠦᠬᠢᠨ ᠬᠤᠶᠠᠭᠤᠯᠠ ᠪᠠᠨ ᠶᠠᠭᠠᠬᠢᠬᠤ ᠠᠴᠠ ᠮᠡᠳᠡᠬᠦ ᠦᠭᠡᠢ ᠲᠤᠯᠭᠠᠮᠳᠠᠵᠤ ᠪᠠᠶᠢᠵᠠᠢ᠂ ᠡᠳᠡᠭᠡᠷ ᠠᠰᠠᠭᠤᠳᠠᠯ ᠢ ᠪᠠᠨ ᠪᠢᠳᠡᠨ ᠳᠤ ᠨᠢᠭᠡᠳ ᠨᠢᠭᠡ ᠪᠠᠷ ᠤᠬᠢᠯᠠᠨ ᠲᠣᠭᠠᠴᠢᠯ᠎ᠠ᠂ ᠡᠨᠡ ᠨᠢ ᠪᠠᠰᠠ ᠮᠢᠨᠤ ᠲᠡᠳᠡ ᠨᠠᠷ ᠲᠤ ᠲᠦᠷᠦ ᠶᠢᠨ ᠪᠣᠳᠣᠯᠭ᠎ᠠ ᠶᠢᠨ ᠲᠤᠬᠠᠢ ᠤᠷᠢᠳ ᠢᠶᠠᠷ ᠶᠠᠷᠢᠵᠤ ᠲᠠᠶᠢᠯᠪᠤᠷᠢᠯᠠᠵᠤ ᠥᠭᠭᠦᠭᠰᠡᠨ ᠦᠭᠡᠢ ᠶᠢᠨ ᠠᠯᠳᠠᠭ᠎ᠠ ᠪᠠᠶᠢᠨ᠎ᠠ᠂ ᠦᠭᠡᠢ ᠪᠣᠯ ᠲᠡᠳᠡ ᠢᠩᠭᠢᠵᠦ ᠵᠣᠪᠠᠭ᠋ᠤ ᠦᠭᠡᠢ ᠡᠷᠲᠡᠬᠡᠨ ᠰᠠᠨᠠᠭ᠎ᠠ ᠠᠮᠣᠷᠣᠨ᠎ᠠ᠃ ᠰᠡᠭᠦᠯᠡᠷ ᠨᠢ ᠪᠢᠳᠡ ᠲᠡᠳᠡᠨ ᠤ ᠭᠡᠷ ᠲᠤ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠭᠡᠷᠡᠴᠢ ᠭᠠᠷᠭᠠᠨ ᠥᠭᠴᠦ᠂  ᠪᠠᠰᠠ ᠲᠡᠳᠡᠨ ᠢ ᠬᠠᠪᠰᠤᠷᠤᠨ ᠰᠤᠷᠤᠯᠭ᠎ᠠ  ᠲᠤᠰᠠᠯᠠᠬᠤ ᠮᠦᠩᠭᠦ ᠡᠷᠡᠮᠡᠯᠵᠡᠯᠡᠬᠦ ᠰᠠᠯᠠᠭ᠎ᠠ ᠮᠦᠴᠢᠷ ᠲᠠᠢ ᠬᠠᠷᠢᠯᠴᠠᠨ ᠥᠭᠴᠦ᠂ ᠬᠡᠥᠬᠡᠳ‌‍ᠦᠨ ᠰᠤᠷᠭᠠᠭᠤᠯᠢ ᠳᠤ ᠣᠷᠣᠬᠤ ᠠᠰᠠᠭᠤᠳᠠᠯ ᠢ  ᠨᠢ ᠰᠢᠢᠳᠪᠦᠷᠢᠯᠡᠨ ᠥᠭᠴᠡᠢ︾ ᠭᠡᠵᠦ ᠶᠠᠷᠢᠯ᠎ᠠ᠃        ᠣᠶᠢᠯᠠᠭᠠᠭᠰᠠᠨ ᠢᠶᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠤ ᠨᠡᠶᠢᠲᠡ  370  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠪᠠᠶᠢᠵᠤ᠂ ᠲᠡᠭᠦᠨ ᠤ ᠳᠣᠲᠣᠷ᠎ᠠ ᠠᠴᠠ 8 ᠬᠡᠥᠬᠡᠳ 2017 ᠣᠨ ᠤ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠣᠷᠣᠯᠴᠠᠵᠠᠢ᠃ ᠠᠷᠠᠳ ᠤᠨ ᠠᠮᠢᠳᠤᠷᠠᠯ ‍ᠤᠨ‌ᠠᠵᠢᠯ ᠢ ᠬᠠᠷᠢᠭᠤᠴᠠᠵᠤ ᠪᠠᠶᠢᠭ᠎ᠠ ᠰᠦᠨ‌ᠯᠢ ᠶᠢᠩ ᠤᠨ ᠬᠡᠯᠡᠬᠦ ᠪᠠᠷ᠄ ︽ᠠᠩᠬᠠᠨ ᠳ᠋ᠠᠭᠠᠨ‌‍ᠪᠢᠳᠡᠨ ᠤ ᠬᠠᠮᠢᠶᠠᠷᠤᠯᠲᠠ ᠶᠢᠨ ᠬᠠᠷᠢᠶᠠᠨ ᠳᠤ ᠪᠠᠷᠤᠭ ᠮᠢᠩᠭ᠎ᠠ ᠭᠠᠷᠤᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠪᠠᠶᠢᠵᠠᠢ᠂ ᠬᠡᠳᠦᠨ ᠤᠳᠠᠭᠠᠨ ᠤ ᠢᠯᠭᠠᠷᠠᠭᠤᠯᠤᠯᠲᠠ ᠪᠠᠷ ᠳᠠᠮᠵᠢᠭᠠᠳ᠂ 400 ᠰᠢᠬᠠᠮ ᠡᠷᠦᠬᠡ ᠦᠯᠡᠳᠡᠭᠰᠡᠨ ᠪᠠᠶᠢᠨ᠎ᠠ᠃ ᠦᠪᠡᠷᠲᠡᠭᠡᠨ ᠵᠠᠰᠠᠬᠤ ᠣᠷᠣᠨ ᠤ ᠡᠨᠡᠬᠦ  ᠲᠤᠰᠠᠯᠠᠨ ᠳᠡᠮᠵᠢᠬᠦ ᠲᠦᠷᠦ ᠶᠢᠨ ᠪᠣᠳᠣᠯᠭ᠎ᠠ ᠨᠢ ᠵᠦᠪᠬᠡᠨ ᠥᠪᠥᠷ ᠮᠣᠩᠭᠤᠯ ᠤᠨ ᠡᠷᠦᠬᠡ ᠠᠮᠠ  ᠲᠠᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠭᠡᠷ ᠪᠦᠯᠢ ᠶᠢᠨ ᠦᠷ᠎ᠡ ᠬᠡᠥᠬᠡᠳ ᠲᠤ ᠬᠠᠨᠳᠤᠭᠤᠯᠤᠭᠰᠠᠨ ᠤᠴᠢᠷ ᠠᠴᠠ᠂ ᠡᠨᠡᠬᠦ ᠬᠠᠷᠠᠭᠠᠯᠵᠠᠯ ᠢ ᠬᠦᠷᠲᠡᠵᠦ ᠴᠢᠳᠠᠬᠤ ᠨᠦᠬᠦᠴᠡᠯ ᠲᠠᠢ ᠬᠦᠮᠦᠨ‌‍ᠲ᠋ᠡᠶᠢᠮᠦ ᠣᠯᠠᠨ ᠪᠣᠰᠣ᠂ ᠦᠨᠳᠦᠰᠦᠨ ᠳᠤ ᠪᠠᠨ ᠡᠷᠡᠮᠡᠯᠵᠡᠯᠡᠭᠰᠡᠨ ᠯᠠ ᠪᠠᠶᠢᠪᠠᠯ᠂ 3 — 4 ᠲᠦᠮᠡᠨ ᠲᠦᠭᠦᠷᠢᠭ ᠤᠨ ᠠᠳᠠᠯᠢ ᠪᠤᠰᠤ ᠬᠡᠮᠵᠢᠶᠡᠨ ᠤ ᠲᠤᠰᠠᠯᠠᠮᠵᠢ ᠶᠢᠨ ᠮᠦᠩᠭᠦ ᠣᠯᠵᠤ ᠴᠢᠳᠠᠨ᠎ᠠ᠃ ᠣᠳᠣᠬᠠᠨ᠂  ᠪᠢᠳᠡ ᠴᠦᠮ ᠬᠡᠥᠬᠡᠳ ᠤᠳ ‍ᠦᠨ‌‍ᠰᠤᠷᠭᠠᠭᠤᠯᠢ ᠳᠤ ᠡᠯᠰᠡᠭᠰᠡᠨ ᠮᠡᠳᠡᠭᠳᠡᠯ ᠢᠶᠠᠨ ᠠᠪᠴᠢᠷᠠᠨ ᠨᠠᠭᠠᠲᠤ ᠵᠠᠬ᠎ᠠ ᠶᠢᠨ ᠠᠮᠢᠳᠤᠷᠠᠯ ‍ᠤᠨ‌‍ᠪᠠᠲᠤᠯᠠᠭᠠᠲᠤ ᠡᠷᠦᠬᠡ ᠶᠢᠨ ᠭᠡᠷᠡᠴᠢ ᠭᠠᠷᠭᠠᠯᠭᠠᠬᠤ ᠪᠠᠷ ᠢᠷᠡᠬᠦ ᠶᠢ ᠬᠦᠯᠢᠶᠡᠵᠦ ᠪᠠᠶᠢᠨ᠎ᠠ︾ ᠭᠡᠵᠡᠢ᠃        ᠰᠣᠷᠪᠣᠯᠵᠢᠯᠠᠭᠴᠢ ᠬᠥᠬᠡᠬᠤᠲᠠ ᠶᠢᠨ ᠰᠤᠷᠭᠠᠨ  ᠬᠦᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠡᠭᠡᠷ᠎ᠡ ᠳᠤᠷᠠᠳᠤᠭᠳᠠᠭᠰᠠᠨ ᠲᠤᠰᠠᠯᠠᠨ ᠳᠡᠮᠵᠢᠬᠦ ᠲᠦᠷᠦᠯ ᠵᠦᠢᠯ ᠤᠨ ᠬᠦᠷᠢᠶ᠎ᠡ ᠴᠠᠷ᠎ᠠ ᠶᠢ ᠨᠢᠭᠡᠨᠲᠡ ᠪᠦᠬᠦᠶᠢᠯᠡ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠭᠡᠷ ᠤᠨ ᠠᠮᠢᠳᠤᠷᠠᠯ ᠨᠢ ᠬᠦᠴᠢᠷᠳᠡᠯᠲᠡᠢ ᠶᠡᠭᠡ ᠰᠤᠷᠭᠠᠭᠤᠯᠢ ᠶᠢᠨ ᠰᠤᠷᠤᠭᠴᠢᠳ ᠢ ᠪᠦᠷᠬᠦᠭᠦᠯᠲᠡᠯ᠎ᠡ ᠥᠷᠭᠡᠳᠬᠡᠵᠡᠢ᠃ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠶᠡᠭᠡ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠦᠯᠦᠭᠡ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ ᠨᠢ ᠪᠠᠰᠠ ᠣᠯᠠᠨ ᠲᠦᠷᠦᠯ ᠤᠨ ᠲᠤᠰᠠᠯᠠᠨ ᠳᠡᠮᠵᠢᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃         ᠡᠭᠦᠨ ᠳᠤ ᠤᠯᠤᠰ ᠤᠨ ᠨᠡᠬᠡᠭᠡᠨ ᠬᠦᠭᠵᠢᠭᠦᠯᠦᠯᠲᠡ ᠶᠢᠨ ᠪᠠᠩᠬᠢ ᠵᠢᠨ‌‍ᠰᠤᠷᠤᠭᠴᠢᠳ ᠤᠨ ᠢᠷᠡᠯᠲᠡ ᠶᠢᠨ ᠭᠠᠵᠠᠷ ᠤᠨ ᠢᠲᠡᠭᠡᠮᠵᠢ ᠶᠢᠨ ᠰᠤᠷᠤᠯᠭ᠎ᠠ ᠳᠡᠳᠬᠦᠬᠦ ᠵᠢᠭᠡᠯᠡᠯᠭᠡ᠄ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠢᠨ᠎ᠡ ᠰᠤᠷᠤᠭᠴᠢ ᠪᠣᠯᠣᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠢᠷᠡᠯᠲᠡ ᠶᠢᠨ ᠭᠠᠵᠠᠷ ᠤᠨ ᠢᠲᠡᠭᠡᠮᠵᠢ ᠶᠢᠨ ᠰᠤᠷᠤᠯᠭ᠎ᠠ ᠳᠡᠳᠬᠦᠬᠦ ᠵᠢᠭᠡᠯᠡᠯᠭᠡ ᠶᠢ ᠡᠷᠡᠮᠡᠯᠵᠡᠯᠡᠵᠦ ᠪᠣᠯᠣᠨ᠎ᠠ᠂ ᠵᠢᠩᠭᠢᠨᠢ ᠠᠩᠭᠢ᠂ ᠲᠤᠰᠬᠠᠢ ᠮᠡᠷᠭᠡᠵᠢᠯ ᠤᠨ ᠠᠩᠭᠢ ᠶᠢᠨ ᠤ ᠱᠠᠲᠤᠨ ᠤ ᠵᠢᠭᠡᠯᠡᠯᠭᠡ ᠶᠢᠨ ᠮᠥᠩᠭᠦ ᠨᠢ ᠵᠢᠯ ᠪᠦᠷᠢ ᠬᠠᠮᠤᠭ ᠤᠨ ᠶᠡᠭᠡ ᠳᠤ ᠪᠠᠨ 8000 ᠲᠦᠭᠦᠷᠢᠭ᠂ ᠠᠰᠫᠢᠷᠠᠨᠲ ᠤᠨ ᠱᠠᠲᠤᠨ ᠤ ᠵᠢᠭᠡᠯᠡᠯᠭᠡ ᠶᠢᠨ ᠮᠦᠩᠭᠦ ᠨᠢ ᠵᠢᠯ ᠪᠦᠷᠢ ᠬᠠᠮᠤᠭ ᠤᠨ ᠶᠡᠭᠡ ᠳᠤ  ᠪᠠᠨ 12000 ᠲᠦᠭᠦᠷᠢᠭ︔ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠤᠷᠤᠭᠴᠢ ᠶᠢᠨ ᠵᠠᠰᠠᠭ ᠤᠨ ᠣᠷᠳᠣᠨ ᠤ ᠲᠤᠰᠠᠯᠠᠨ ᠳᠡᠮᠵᠢᠬᠦ ᠲᠦᠷᠦᠯ ᠵᠦᠢᠯ᠄ ᠬᠥᠬᠡᠬᠤᠲᠠ ᠶᠢᠨ ᠡᠷᠦᠬᠡ ᠠᠮᠠ ᠲᠠᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ︵ᠦᠨᠦᠴᠢᠨ ᠬᠡᠦᠬᠡᠳ ᠢ ᠪᠠᠭᠲᠠᠭᠠᠨ᠎ᠠ︶ ᠠᠴᠠ ᠭᠠᠳᠠᠨᠠᠬᠢ ᠪᠤᠰᠤᠳ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠰᠤᠷᠤᠭᠴᠢᠳ ᠢ  ᠰᠤᠷᠭᠠᠭᠤᠯᠢ ᠳᠤ  ᠪᠠᠶᠢᠬᠤ  ᠬᠤᠭᠤᠴᠠᠭᠠᠨ ᠳᠤ  ᠵᠢᠯ  ᠪᠦᠷᠢ 6000 ᠲᠦᠭᠦᠷᠢᠭ ᠢᠶᠠᠷ ᠲᠤᠰᠠᠯᠠᠨ᠎ᠠ᠃        ᠨᠦᠬᠦᠴᠡᠯ ᠳᠤ ᠨᠡᠶᠢᠴᠡᠬᠦ ᠰᠤᠷᠤᠭᠴᠢ ᠪᠦᠬᠦᠨ ᠴᠦᠮ ᠰᠤᠷᠭᠠᠭᠤᠯᠢ ᠳᠤ  ᠣᠷᠣᠬᠤ ᠠᠴᠠ   ᠪᠠᠨ ᠡᠮᠦᠨ᠎ᠡ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ ᠢᠶᠠᠨ ᠠᠪᠴᠤ ᠡᠷᠦᠬᠡ ᠠᠮᠠ ᠶᠢᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠰᠤᠷᠭᠠᠨ ᠬᠦᠮᠦᠵᠢᠯ ᠤᠨ ᠲᠣᠪᠴᠢᠶᠠᠨ ᠤ ᠰᠤᠷᠤᠭᠴᠢ ᠶᠢ ᠲᠡᠳᠬᠦᠬᠦ ᠬᠠᠮᠢᠶᠠᠷᠤᠯᠲᠠ ᠵᠢᠨ‌‍ᠲ᠋ᠥ᠋ᠪ ᠲᠤ ᠬᠦᠷᠴᠦ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠵᠤ ᠪᠣᠯᠣᠨ᠎ᠠ ︵ᠡᠩ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠶᠡᠭᠡ ᠰᠤᠷᠭᠠᠭᠤᠯᠢ ᠶᠢᠨ ᠦᠨᠦᠴᠢᠨ ᠰᠤᠷᠤᠭᠴᠢ ᠶᠢᠨ ᠲᠤᠰᠠᠯᠠᠮᠵᠢ ᠶᠢ ᠠᠷᠠᠳ ᠤᠨ ᠶᠠᠪᠤᠳᠠᠯ ᠤᠨ ᠰᠠᠯᠠᠭ᠎ᠠ  ᠮᠦᠴᠢᠷ ᠠᠴᠠ  ᠬᠦᠯᠢᠶᠡᠨ ᠠᠪᠴᠤ ᠮᠠᠭᠠᠳᠯᠠᠨ ᠲᠣᠭᠲᠠᠭᠠᠭᠰᠠᠨ ᠤ ᠳᠠᠷᠠᠭ᠎ᠠ ᠣᠯᠭᠤᠨ᠎ᠠ︶᠃                                                                                ᠲᠤᠷᠤᠨ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号