9 ᠰᠠᠷ᠎ᠠ ᠶᠢᠨ 1 ᠤ ᠡᠳᠤᠷ ᠠᠴᠠ ᠡᠬᠢᠯᠡᠵᠤ ᠬᠡᠷᠡᠭᠵᠢᠬᠦᠯᠬᠦ《ᠵᠠᠬᠢᠶᠠᠯᠠᠭ᠎ᠠ ᠶᠢᠨ ᠬᠤᠭᠤᠯᠠ ᠬᠥᠷᠭᠡᠬᠦ | ᠦᠢᠯᠡᠴᠢᠯᠡᠭᠡᠨ ᠤ ᠵᠢᠷᠤᠮᠵᠢᠯ》 ᠨᠢ ᠬᠡᠷᠡᠭᠯᠡᠭᠴᠢᠳ ᠤᠨ ᠠᠩᠬᠠᠷᠴᠤ ᠪᠠᠶᠢᠭ᠎ᠠ ᠬᠤᠭᠤᠯᠠ ᠬᠥᠷᠭᠡᠬᠦ ᠨᠢ ᠤᠳᠠᠭᠠᠨ᠂ | ᠬᠤᠭᠤᠯᠠᠨ ᠤ ᠲᠦᠷᠤᠯ ᠨᠢ ᠪᠦᠷᠢᠨ ᠪᠤᠰᠤ᠂ ᠠᠷᠢᠭᠤᠨ ᠴᠡᠪᠡᠷ ᠤᠨ ᠪᠠᠶᠢᠳᠠᠯ ᠨᠢ ᠮᠠᠭᠤ᠂ ᠵᠠᠬᠢᠶᠠᠯᠠᠭ᠎ᠠ ᠶᠢᠨ ᠬᠤᠭᠤᠯᠠ | ᠬᠥᠷᠭᠡᠭᠴᠢ ᠶᠢᠨ ᠦᠢᠯᠡᠴᠢᠯᠡᠭᠡᠨ ᠤ ᠬᠢᠷᠢ ᠲᠦᠪᠰᠢᠨ ᠨᠢ ᠠᠳᠠᠯᠢ ᠦᠭᠡᠢ ᠵᠡᠷᠭᠡ ᠠᠰᠠᠭᠤᠳᠠᠯ ᠤᠳ ᠢ ᠴᠦᠮ | ᠵᠢᠷᠤᠮᠵᠢᠭᠤᠯᠬᠤ ᠪᠤᠯᠤᠨ᠎ᠠ᠃ | ᠵᠢᠷᠤᠮᠵᠢᠯ ᠳᠤ ᠱᠠᠭᠠᠷᠳᠠᠭᠰᠠᠨ ᠨᠢ᠂ ᠵᠠᠬᠢᠶᠠᠯᠠᠭ᠎ᠠ ᠶᠢᠨ ᠬᠤᠭᠤᠯᠠ ᠬᠥᠷᠭᠡᠭᠦ ᠪᠠᠶᠢᠭᠤᠯᠤᠮᠵᠢ ᠨᠢ ᠠᠵᠤ | ᠠᠬᠤᠶᠢᠯᠠᠯ ᠤᠨ ᠬᠠᠤᠯᠢ ᠶᠢᠨ ᠬᠥᠮᠤᠨ ᠤ ᠬᠢᠷᠢ ᠭᠡᠮ ᠢ ᠪᠦᠷᠢᠳᠤᠬᠦᠯᠦᠭᠰᠡᠨ ᠪᠠᠶᠢᠬᠤ ᠬᠡᠷᠡᠭᠳᠠᠢ ᠪᠦᠭᠡᠳ ᠲᠤᠬᠳᠠᠮᠠᠯ | ᠠᠯᠪᠠᠯᠠᠬᠤ ᠭᠠᠵᠠᠷ ᠪᠠ ᠬᠡᠪᠴᠢᠶᠡᠵᠢᠭᠰᠡᠨ ᠬᠥᠷᠭᠡᠬᠦ ᠡᠩᠨᠡᠭᠡ ᠲᠠᠢ ᠪᠠᠶᠢᠬᠤ ᠬᠡᠷᠡᠭᠳᠠᠢ︔ ᠬᠤᠳᠠᠯᠳᠤᠭᠠᠴᠢᠨ ᠡᠷᠤᠭᠡ ᠨᠢ | ᠬᠡᠷᠡᠭᠯᠡᠭᠴᠢ ᠶᠢᠨ ᠵᠠᠬᠢᠶᠠᠯᠠᠭ᠎ᠠ ᠦᠭᠬᠦᠭᠰᠡᠨ ᠤ ᠲᠠᠷᠠᠭᠠᠬᠢ 10 ᠮᠢᠨᠦ᠋ᠲ ᠤᠨ ᠲᠤᠳᠤᠷ᠎ᠠ ᠵᠠᠬᠢᠶᠠᠯᠠᠭ᠎ᠠ ᠤᠯᠤᠭᠰᠠᠨ ᠢ | ᠨᠤᠳᠠᠯᠠᠬᠤ ᠬᠡᠷᠡᠭᠳᠠᠢ᠂ ᠵᠠᠬᠢᠶᠠᠯᠠᠭ᠎ᠠ ᠶᠢᠨ ᠬᠤᠭᠤᠯᠠ ᠬᠥᠷᠭᠡᠭᠴᠢ ᠵᠠᠬᠢᠶᠠᠯᠠᠭ᠎ᠠ ᠶᠢᠨ ᠬᠤᠭᠤᠯᠠ ᠬᠥᠷᠭᠡᠬᠦ ᠦᠢᠯᠡᠴᠢᠯᠡᠭᠡᠨ | ᠤ ᠮᠡᠳᠡᠭᠡ ᠵᠠᠩᠬᠢ ᠶᠢᠨ ᠮᠡᠷᠭᠡᠵᠢᠯ ᠤᠨ ᠲᠡᠪᠴᠡᠩ ᠵᠠᠬᠢᠶᠠᠯᠠᠭ᠎ᠠ ᠪᠠᠭᠤᠯᠭᠠᠭᠰᠠᠨ ᠤ ᠲᠠᠷᠠᠭᠠᠬᠢ 5 ᠮᠢᠨᠦ᠋ᠲ ᠤᠨ | ᠲᠤᠳᠤᠷ᠎ᠠ ᠵᠠᠬᠢᠶᠠᠯᠠᠭ᠎ᠠ ᠶᠢ ᠬᠥᠯᠢᠶᠡᠨ ᠠᠪᠬᠤ ᠬᠡᠷᠡᠭᠳᠠᠢ᠃ | ᠡᠬᠦᠨ ᠤ ᠵᠡᠷᠭᠡ ᠳᠤ᠂ ᠵᠠᠬᠢᠶᠠᠯᠠᠭ᠎ᠠ ᠶᠢᠨ ᠬᠤᠭᠤᠯᠠ ᠬᠥᠷᠭᠡᠬᠦ ᠲᠤᠮᠳᠡᠬᠢ ᠵᠠᠷᠢᠮ ᠨᠠᠷᠢᠨ ᠵᠦᠢᠯᠡᠰ ᠤᠨ | ᠲᠤᠬᠠᠢ ᠵᠢᠷᠤᠮᠵᠢᠯ ᠳᠤ᠂ ᠵᠢᠱᠢᠶᠡᠯᠡᠪᠡᠯ ᠵᠠᠬᠢᠶᠠᠯᠠᠭ᠎ᠠ ᠶᠢᠨ ᠬᠤᠭᠤᠯᠠ ᠬᠥᠷᠭᠡᠭᠴᠢ ᠬᠡᠷᠡᠭᠯᠡᠭᠴᠢ ᠶᠢᠨ ᠭᠡᠷ ᠤᠨ ᠡᠬᠦᠳᠡᠨ | ᠳᠤ ᠤᠴᠢᠪᠠᠯ ᠬᠠᠭᠠᠯᠭ᠎ᠠ ᠶᠢ ᠬᠥᠩᠭᠡᠭᠡᠨ ᠲᠤᠬᠰᠢᠨᠠ᠂ ᠬᠠᠷᠢᠭᠤ ᠦᠭᠡᠢ ᠪᠠᠶᠢᠪᠠᠯ ᠤᠳᠠᠰᠤ ᠪᠤᠶᠤ ᠤᠬᠤᠷ ᠮᠡᠳᠡᠭᠡ | ᠪᠠᠷ ᠬᠡᠷᠡᠭᠯᠡᠭᠴᠢ ᠲᠠᠢ ᠬᠤᠯᠪᠤᠭ᠎ᠠ ᠠᠪᠬᠤ ᠬᠡᠷᠡᠭᠳᠠᠢ︔ ᠬᠡᠷᠡᠭᠯᠡᠭᠴᠢ ᠶᠢᠨ ᠭᠡᠷ ᠲᠤ ᠤᠷᠤᠵᠤ ᠪᠤᠯᠬᠤ ᠦᠭᠡᠢ︔ ᠭᠠᠷ | ᠴᠠᠶᠢᠯᠭᠠᠬᠤ ᠮᠦᠩᠬᠦ ᠠᠪᠬᠤ ᠪᠤᠶᠤ ᠪᠤᠰᠤᠳ ᠪᠤᠯᠪᠠᠰᠤᠨ ᠪᠤᠰᠤ ᠦᠢᠯᠡ ᠬᠥᠳᠡᠯᠤᠯ ᠲᠠᠢ ᠪᠠᠶᠢᠵᠤ ᠦᠭᠡᠢ ᠭᠡᠵᠤ | ᠲᠤᠳᠤᠷᠬᠠᠢ ᠲᠤᠬᠳᠠᠭᠠᠵᠠᠢ᠃ | ᠠᠵᠢᠯ ᠲᠦᠷᠤᠯ ᠤᠨ ᠲᠤᠰᠬᠠᠢ ᠮᠡᠷᠭᠡᠵᠢᠯᠳᠡᠨ ᠢᠯᠡᠷᠭᠡᠶᠢᠯᠡᠬᠦ ᠳᠡᠭᠡᠨ᠂ ᠵᠠᠬᠢᠶᠠᠯᠠᠭ᠎ᠠ ᠶᠢᠨ ᠬᠤᠭᠤᠯᠠ ᠶᠢᠨ | ᠵᠠᠬ᠎ᠠ ᠲᠡᠯᠭᠡᠬᠦᠷ ᠤᠨ ᠦᠷᠢᠰᠤᠯᠳᠤᠭᠡᠨ ᠡᠳᠤᠷ ᠢᠷᠡᠬᠦᠶ᠎ᠠ ᠬᠤᠷᠴᠠ ᠰᠢᠷᠤᠬᠦᠨ ᠪᠤᠯᠵᠤ ᠪᠠᠶᠢᠭ᠎ᠠ ᠦᠨᠤᠳᠤᠷ | ᠬᠡᠷᠡᠭᠵᠢᠬᠦᠯᠬᠦ ᠪᠠᠷ ᠪᠠᠶᠢᠭ᠎ᠠ《ᠵᠠᠬᠢᠶᠠᠯᠠᠭ᠎ᠠ ᠶᠢᠨ ᠬᠤᠭᠤᠯᠠ ᠬᠥᠷᠭᠡᠬᠦ ᠦᠢᠯᠡᠴᠢᠯᠡᠭᠡᠨ ᠤ ᠵᠢᠷᠤᠮᠵᠢᠯ ᠨᠢ ᠵᠠᠬᠢᠶᠠᠯᠠᠭ᠎ᠠ | ᠶᠢᠨ ᠬᠤᠭᠤᠯᠠ ᠶᠢᠨ ᠦᠢᠯᠡᠴᠢᠯᠡᠭᠡᠨ ᠤ ᠠᠵᠢᠯ ᠲᠦᠷᠤᠯ ᠤᠨ ᠵᠢᠷᠤᠮᠵᠢᠯ ᠦᠭᠡᠢ ᠪᠠᠶᠢᠳᠠᠯ ᠢ ᠡᠴᠤᠰᠯᠡᠬᠦᠯᠵᠤ᠂ | ᠬᠤᠭᠤᠯᠠ ᠬᠥᠷᠭᠡᠬᠦ ᠦᠢᠯᠡᠴᠢᠯᠡᠭᠡᠨ ᠤ ᠶᠠᠰᠤ ᠴᠢᠨᠠᠷ ᠢ ᠨᠡᠩ ᠪᠦᠳᠤᠮᠵᠢᠳᠠᠢ ᠪᠠᠳᠤᠯᠠᠵᠤ᠂ ᠵᠠᠬᠢᠶᠠᠯᠠᠭ᠎ᠠ ᠶᠢᠨ ᠬᠤᠭᠤᠯᠠ | ᠶᠢᠨ ᠵᠠᠬ᠎ᠠ ᠲᠡᠯᠭᠡᠬᠦᠷ ᠤᠨ ᠡᠮᠬᠢ ᠵᠢᠷᠤᠮ ᠲᠠᠢ ᠬᠥᠭᠵᠢᠬᠦ ᠶᠢ ᠲᠦᠯᠬᠢᠨ ᠠᠬᠢᠭᠤᠯᠵᠤ ᠪᠤᠯᠤᠨ᠎ᠠ ᠭᠡᠵᠠᠢ᠃ | | ᠰᠤᠪᠤᠳ |