ᠤᠩᠭᠤᠨ ᠪᠠᠶᠢᠭᠠᠯᠢ ᠶᠢᠨ ᠭᠠᠶᠢᠬᠠᠮᠰᠢᠭ ᠢ ᠦᠵᠡᠭᠦᠯᠦᠭᠰᠡᠨ ᠤᠩᠨᠢᠭᠤᠳ ᠬᠤᠰᠢᠭᠤ
ᠨᠡᠶᠢᠲᠡᠯᠡᠭᠰᠡᠨ ᠴᠠᠭ᠄
2017/8/9
     ᠤᠩᠨᠢᠭᠤᠳ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠲᠦᠷᠦᠯ ᠵᠦᠢᠯ ᠤᠯᠠᠨ ᠶᠠᠩᠵᠤ ᠪᠠᠶᠢᠵᠣ᠂ ᠲᠠᠯ᠎ᠠ ᠨᠣᠲᠤᠭ᠂  ᠡᠯᠡᠰᠦ ᠮᠠᠩᠬ᠎ᠠ᠂ ᠨᠠᠭᠤᠷ ᠪᠦᠷᠢᠳᠦ᠂ ᠤᠢ ᠮᠤᠳᠣ᠂ ᠠᠭᠤᠯᠠ ᠬᠠᠳᠠ ᠶᠢᠨ ᠥᠩᠭᠡ ᠦᠵᠡᠮᠵᠢ ᠪᠦᠷᠢᠳᠴᠦ᠂ ᠡᠷᠲᠡᠨ ᠠᠴᠠ ᠪᠠᠨ《 ᠡᠯᠡᠰᠦ ᠮᠠᠩᠬᠠᠨ ᠤ ᠡᠬᠡ ᠨᠣᠲᠤᠭ》᠂《 ᠠᠷᠣ ᠭᠠᠵᠠᠷ ᠤᠨ ᠣᠰᠣᠨ ᠨᠣᠲᠤᠭ》 ᠭᠡᠳᠡᠭ ᠠᠯᠳᠠᠷ ᠲᠠᠢ ᠪᠠᠷ ᠪᠠᠷᠠᠬᠤ ᠦᠭᠡᠢ ᠦᠨᠳᠦᠰᠦᠲᠡᠨ ᠤ ᠲᠡᠦᠭᠡ ᠰᠤᠶᠤᠯ ᠦᠪ ᠵᠣᠵᠠᠭᠠᠨ ᠪᠠᠶᠢᠵᠣ᠂ ᠬᠤᠩ ᠱᠠᠨ ᠰᠤᠶᠤᠯ᠂ ᠯᠢᠶᠣᠣ ᠶᠢᠨ ᠰᠤᠶᠤᠯ ᠤᠨ ᠡᠬᠢ ᠡᠭᠦᠰᠦᠯ ᠤᠨ ᠭᠠᠵᠠᠷ ᠤᠨ ᠨᠢᠭᠡ ᠮᠦᠨ  ᠪᠦᠭᠡᠳ ᠭᠢᠳᠠᠨ ᠰᠣᠶᠤᠯ ᠤᠨ ᠡᠬᠢ ᠡᠭᠦᠰᠦᠯ ᠤᠨ ᠭᠠᠵᠠᠷ᠂ ᠮᠤᠩᠭᠤᠯ ᠶᠤᠸᠠᠨ ᠤ ᠰᠤᠶᠤᠯ ᠤᠨ ᠰᠤᠳᠣᠯᠭᠠᠨ ᠤ ᠴᠢᠬᠤᠯᠠ ᠭᠠᠵᠠᠷ ᠪᠤᠯᠬᠤ ᠶᠤᠮ᠃ ᠤᠩᠨᠢᠭᠤᠳ ᠬᠤᠰᠢᠭᠤ ᠨᠢ ᠪᠡᠭᠡᠵᠢᠩ᠂ ᠲᠢᠶᠠᠨᠵᠢᠨ  ᠂ ᠮᠥᠭᠳᠡᠨ ᠵᠡᠷᠭᠡ ᠬᠤᠲᠠᠳ ᠠᠴᠠ ᠬᠠᠮᠤᠭ ᠣᠶᠢᠷᠠᠬᠠᠨ ᠦᠵᠡᠰᠭᠦᠯᠡᠩᠲᠦ ᠰᠠᠶᠢᠬᠠᠨ ᠲᠠᠯ᠎ᠠ ᠨᠣᠲᠤᠭ ᠤᠨ ᠡᠯᠡᠰᠦᠨ ᠵᠢᠭᠤᠯᠴᠢᠯᠠᠯ ᠤᠨ ᠤᠷᠣᠨ ᠪᠤᠯᠬᠤ ᠮᠦᠷᠲᠡᠭᠡᠨ ᠤᠩᠨᠢᠭᠤᠳ ᠬᠤᠰᠢᠭᠤᠨ ᠠᠴᠠ ᠬᠤᠩ ᠱᠠᠨ ᠰᠤᠶᠤᠯ ᠤᠨ ᠪᠡᠯᠭᠡ ᠲᠡᠮᠲᠡᠭ ᠪᠤᠯᠬᠤ《 ᠬᠠᠰ ᠯᠣᠣ》 ᠶᠢ ᠮᠠᠯᠲᠠᠨ ᠭᠠᠷᠭᠠᠭᠰᠠᠨ ᠠᠴᠠ ᠮᠦᠨᠴᠦ《 ᠬᠠᠰ ᠯᠣᠤ ᠶᠢᠨ ᠨᠣᠲᠤᠭ》ᠭᠡᠬᠦ ᠰᠠᠶᠢᠬᠠᠨ ᠠᠯᠳᠠᠷ ᠲᠠᠢ᠃      ᠤᠶᠢᠷ᠎ᠠ ᠶᠢᠨ ᠵᠢᠯ ᠳᠤ ᠤᠩᠨᠢᠭᠤᠳ ᠬᠤᠰᠢᠭᠤ ᠨᠢ ᠵᠢᠭᠤᠯᠴᠢᠯᠠᠯ ᠤᠨ ᠦᠢᠯᠡᠰ ᠢ ᠪᠦᠬᠦ ᠬᠤᠰᠢᠭᠤᠨ ᠤ ᠠᠵᠣ ᠠᠬᠤᠢ ᠶᠢᠨ ᠬᠦᠭᠵᠢᠯᠲᠡ ᠶᠢᠨ ᠴᠢᠬᠤᠯᠠ ᠴᠡᠭ ᠪᠤᠯᠭᠠᠨ ᠠᠳᠬᠤᠵᠣ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ᠰᠤᠶᠤᠯ᠂ ᠵᠢᠭᠤᠯᠴᠢᠯᠠᠯ ᠤᠨ ᠠᠵᠣ ᠦᠢᠯᠡᠰ ᠢ ᠠᠭᠤᠰᠣᠯᠴᠠᠭᠤᠯᠵᠣ᠂ ᠭᠤᠣᠯ ᠲᠦᠪ ᠤᠨ ᠦᠵᠡᠮᠵᠢ ᠶᠢᠨ ᠤᠷᠦᠨ ᠢ  ᠪᠠᠶᠢᠭᠤᠯᠬᠤ ᠳᠤ ᠬᠦᠴᠦ ᠲᠠᠯᠪᠢᠵᠣ᠂ ᠭᠠᠵᠠᠷ ᠣᠷᠦᠨ ᠤ ᠤᠨᠴᠠᠯᠢᠭ ᠲᠤ ᠲᠣᠬᠢᠷᠠᠭᠤᠯᠣᠨ ᠬᠦᠳᠡᠭᠡ ᠲᠣᠰᠬᠤᠨ ᠤ ᠵᠢᠭᠤᠯᠴᠢᠯᠠᠯ ᠢ ᠬᠦᠭᠵᠢᠭᠦᠯᠵᠦ᠂ ᠪᠦᠬᠦ ᠠᠵᠣ ᠦᠢᠯᠡᠰ ᠤᠨ ᠬᠦᠭᠵᠢᠯᠲᠡ ᠶᠢ ᠳᠠᠭᠠᠭᠤᠯᠬᠤ ᠴᠢᠳᠠᠪᠦᠴᠢ ᠳᠠᠰᠣᠷᠠᠯᠲᠠ ᠦᠭᠡᠢ ᠨᠡᠮᠡᠭᠳᠡᠭᠰᠡᠭᠡᠷ᠃ ᠤᠳᠤᠬᠠᠨ ᠳᠤ  ᠂ ᠪᠦᠬᠦ ᠬᠤᠰᠢᠭᠤᠨ ᠳᠤ ᠨᠡᠯᠢᠶᠡᠳ ᠬᠡᠪᠴᠢᠶᠠᠵᠢᠭ᠍ᠰᠡᠨ ᠵᠢᠭᠤᠯᠴᠢᠯᠠᠯ ᠤᠨ ᠦᠵᠡᠮᠵᠢ ᠶᠢᠨ ᠴᠡᠭ7 ᠪᠠᠶᠢᠵᠣ᠂《 ᠬᠠᠰ ᠯᠣᠤ ᠶᠢᠨ ᠨᠣᠲᠤᠭ》 ᠢᠶᠠᠷ ᠨᠡᠷ᠎ᠡ ᠲᠡᠮᠲᠡᠭ ᠪᠤᠯᠭᠠᠨ ᠬᠠᠰ ᠯᠣᠤ ᠡᠯᠡᠰᠦᠨ ᠨᠠᠭᠤᠷ ᠤᠨ ᠦᠵᠡᠮᠵᠢ ᠶᠢᠨ ᠤᠷᠣᠨ᠂ ᠬᠤᠩ ᠱᠠᠨ ᠨᠠᠭᠤᠷ᠂ ᠲᠡᠩᠨᠡᠭᠦᠷ ᠤᠨ ᠭᠤᠣᠯ ᠢᠶᠠᠷ ᠵᠢᠭᠤᠯᠴᠢᠯᠠᠯ ᠤᠨ ᠵᠠᠮ ᠱᠤᠭᠤᠮ ᠪᠤᠯᠭᠠᠵᠣ᠂ ᠴᠡᠭᠡᠨ᠂ ᠬᠠᠯᠵᠢᠨ ᠠᠭᠤᠯᠠ᠂ ᠳ᠋ᠠ ᠰᠢᠩ ᠤᠨ  ᠯᠢᠩᠬᠤᠸ᠎ᠠ ᠴᠡᠴᠡᠭ᠂ ᠴᠠᠭᠠᠨ ᠪᠦᠷᠢᠶ᠎ᠡ ᠰᠦᠮ᠎ᠡ ᠪᠠᠷ ᠨᠦᠬᠦᠪᠦᠷᠢ ᠪᠤᠯᠭᠠᠭᠰᠠᠨ ᠵᠢᠭᠤᠯᠴᠢᠯᠠᠯ ᠤᠨ ᠬᠦᠭᠵᠢᠯᠲᠡ ᠶᠢᠨ ᠶᠡᠷᠦᠩᠬᠡᠢ ᠲᠤᠭᠲᠠᠴᠠ ᠶᠢ ᠪᠦᠷᠢᠯᠳᠦᠭᠦᠯᠵᠠᠢ᠃ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠨ ᠬᠠᠰ ᠯᠣᠣ ᠡᠯᠡᠰᠦᠨ ᠨᠠᠭᠤᠷ ᠤᠨ ᠦᠵᠡᠮᠵᠢ ᠶᠢᠨ ᠤᠷᠣᠨ ᠨᠢ 2013 ᠣᠨ ᠳᠤ ᠣᠯᠣᠰ ᠤᠨ 4A ᠳᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠭᠰᠡᠨ ᠤ ᠬᠠᠮᠲᠣ ᠡᠨᠡ ᠵᠢᠯ ᠣᠯᠣᠰ ᠤᠨ ᠵᠢᠭᠤᠯᠴᠢᠯᠠᠯ ᠤᠨ ᠲᠣᠪᠴᠢᠶ᠎ᠠ ᠠᠴᠠ《 ᠵᠢᠭᠤᠯᠴᠢᠯᠠᠯ ᠤᠨ ᠠᠮᠣᠷ ᠲᠦᠪᠰᠢᠨ ᠤ ᠪᠠᠲᠣᠯᠠᠭ᠎ᠠ ᠬᠠᠮᠤᠭ ᠰᠠᠶᠢᠨ ᠦᠵᠡᠮᠵᠢ ᠶᠢᠨ ᠣᠷᠦᠨ》 ᠢᠶᠠᠷ ᠦᠨᠡᠯᠡᠵᠠᠢ  ᠃ ᠤᠩᠨᠢᠭᠤᠳ ᠬᠤᠰᠢᠭᠤ  ᠨᠢ ᠪᠠᠰᠠ ᠤᠷᠢᠳ ᠬᠤᠵᠢᠳ ᠣᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠤᠯᠴᠢᠯᠠᠯ ᠤᠨ ᠣᠬᠠᠭᠤᠯᠭ᠎ᠠ ᠪᠤᠷᠣᠯᠠᠭᠤᠯᠣᠯᠭ᠎ᠠ ᠶᠢᠨ ᠠᠵᠢᠯ ᠤᠨ ᠲᠡᠷᠢᠭᠦᠨ ᠤ ᠭᠠᠵᠠᠷ ᠣᠷᠣᠨ᠂ ᠣᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠲᠤᠪᠴᠢᠶ᠎ᠠ ᠶᠢᠨ ᠣᠨ ᠤ ᠵᠢᠭᠤᠯᠴᠢᠯᠠᠯ ᠤᠨ ᠠᠷᠠᠯᠵᠢᠶᠠᠴᠢᠨ ᠣᠷᠢᠵᠣ ᠪᠡᠯᠡ ᠤᠷᠣᠭᠤᠯᠬᠤ ᠪᠤᠯᠣᠨ ᠲᠦᠷᠦᠯ ᠵᠦᠢᠯ ᠤᠨ ᠲᠣᠰᠬᠠᠢ ᠲᠦᠷᠦᠯ ᠤᠨ ᠰᠠᠩᠨᠠᠯ ᠢ ᠤᠯᠵᠠᠢ᠃      ᠡᠨᠡ ᠮᠡᠲᠦ ᠪᠠᠷ ᠤᠩᠨᠢᠭᠤᠳ ᠬᠤᠰᠢᠭᠤᠨ ᠤ ᠵᠢᠭᠤᠯᠴᠢᠯᠠᠯ ᠤᠨ ᠦᠢᠯᠡᠰ ᠥᠳᠲᠡᠷ ᠲᠦᠷᠭᠡᠨ  ᠬᠥᠭᠵᠢᠵᠦ᠂ ᠭᠤᠣᠯ ᠦᠵᠡᠮᠵᠢ ᠶᠢᠨ ᠤᠷᠣᠨ ᠤ ᠰᠠᠭᠤᠷᠢ ᠲᠦᠬᠦᠭᠡᠷᠦᠮᠵᠢ ᠳᠠᠰᠣᠷᠠᠯᠲᠠ ᠦᠭᠡᠢ ᠲᠡᠭᠦᠯᠲᠡᠷᠵᠢᠨ ᠵᠢᠭᠤᠯᠴᠢᠯᠠᠯ ᠤᠨ ᠦᠢᠯᠡᠰ ᠤᠨ ᠪᠡᠯᠡ ᠤᠷᠣᠭᠤᠯᠣᠯᠲᠠ 6 ᠳ᠋ᠦᠩᠰᠢᠭᠤᠷ ᠭᠠᠷᠣᠢ ᠲᠦᠭᠦᠷᠢᠭ ᠬᠦᠷᠦᠭᠰᠡᠨ ᠪᠠᠶᠢᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠭᠤᠣᠯ ᠦᠵᠡᠮᠵᠢ ᠶᠢᠨ ᠣᠷᠣᠨ ᠢᠶᠠᠷ  ᠳᠠᠭᠠᠭᠤᠯᠬᠤ᠂ ᠮᠠᠯᠴᠢᠨ ᠠᠶᠢᠯ ᠤᠨ ᠵᠤᠭᠠᠴᠠᠯ ᠪᠣᠯᠣᠨ ᠬᠦᠳᠡᠭᠡ ᠠᠶᠢᠯ ᠤᠨ ᠵᠣᠭᠠᠴᠠᠯ ᠢ ᠬᠦᠭᠵᠢᠭᠦᠯᠬᠦ ᠠᠷᠭ᠎ᠠ ᠵᠠᠮ ᠢ ᠠᠪᠴᠤ᠂ ᠬᠤᠩ ᠱᠠᠨ ᠰᠤᠶᠣᠯ᠂ ᠦᠨᠳᠦᠰᠦᠳᠡᠨ ᠤ ᠵᠠᠩ ᠵᠠᠩᠰᠢᠯ ᠪᠤᠯᠤᠨ ᠰᠡᠯᠡᠭᠦᠴᠠᠯ ᠵᠤᠭᠠᠴᠠᠯ ᠢᠶᠠᠷ ᠭᠤᠣᠯ ᠰᠡᠳᠦᠪ ᠪᠤᠯᠭᠠᠭᠰᠠᠨ ᠭᠤᠴᠢᠨ ᠭᠡᠷ ᠲᠤᠰᠬᠤᠨ ᠵᠢᠴᠢ ᠡᠯᠡᠰᠤ ᠮᠠᠩᠬᠠᠨ ᠤ ᠵᠢᠭᠤᠯᠴᠢᠯᠠᠯ ᠢᠶᠠᠷ ᠭᠤᠣᠯ ᠰᠡᠳᠦᠪ ᠪᠤᠯᠭᠠᠭᠰᠠᠨ ᠣᠯᠠᠭᠠᠨᠬᠤᠳᠣ ᠭᠠᠴᠠᠭ᠎ᠠ᠂ ᠨᠠᠷᠢᠨ ᠭᠤᠣᠯ ᠭᠠᠴᠠᠭ᠎ᠠ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠣ ᠪᠤᠢ᠃      2017 ᠣᠨ ᠳᠤ ᠤᠩᠨᠢᠭᠤᠳ ᠬᠤᠰᠢᠭᠤ ᠨᠢ ᠵᠢᠭᠤᠯᠴᠢᠯᠠᠯ ᠤᠨ ᠦᠢᠯᠡᠰ ᠢᠶᠠᠷ ᠶᠠᠳᠠᠭᠤ ᠶᠢ  ᠳᠡᠳᠭᠦᠬᠦ ᠴᠡᠭ ᠢ ᠭᠤᠣᠯᠳᠠᠯᠭ᠎ᠠ ᠲᠠᠢ ᠠᠳᠬᠤᠵᠣ᠂ ᠬᠦᠳᠡᠭᠡ ᠲᠤᠰᠬᠤᠨ ᠤ ᠵᠢᠭᠤᠯᠴᠢᠯᠠᠯ ᠤᠨ ᠶᠠᠳᠠᠭᠤ ᠶᠢ ᠳᠡᠳᠭᠦᠵᠣ ᠣᠷᠣᠯᠭ᠎ᠠ ᠶᠢ ᠨᠡᠮᠡᠭᠳᠡᠭᠦᠯᠬᠦ ᠲᠠᠯ᠎ᠠ ᠳᠠᠬᠢ ᠳᠠᠭᠠᠭᠤᠯᠬᠤ ᠦᠢᠯᠡᠳᠦᠯ ᠢ ᠨᠡᠮᠡᠭᠳᠡᠭᠦᠯᠵᠦ᠂ ᠦᠵᠡᠮᠵᠢ ᠶᠢᠨ ᠴᠡᠭ ᠤᠨ ᠵᠢᠭᠤᠯᠴᠢᠯᠠᠯ ᠢᠶᠠᠷ ᠬᠤᠰᠢᠭᠤ ᠬᠡᠴᠡ ᠶᠢᠨ ᠵᠢᠭᠤᠯᠴᠢᠯᠠᠯ ᠲᠡᠰᠢ ᠬᠦᠭᠵᠢᠬᠦ ᠶᠢ ᠠᠬᠢᠭᠤᠯᠣᠭᠰᠠᠨ ᠪᠠᠶᠢᠨ᠎ᠠ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠤᠯᠲᠠᠯ᠎ᠠ᠂ ᠤᠩᠨᠢᠭᠤᠳ ᠬᠤᠰᠢᠭᠤ ᠨᠢ ᠣᠯᠣᠰ ᠤᠨ ᠳᠤᠲᠣᠭᠠᠳᠣ ᠶᠢᠨ ᠵᠢᠭᠤᠯᠴᠢᠯᠠᠭᠴᠢ ᠶᠢ 57 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢᠨ ᠠᠴᠠ  17. 8% ᠢᠶᠠᠷ  ᠨᠡᠮᠡᠭᠳᠡᠵᠦ᠂ ᠵᠢᠭᠤᠯᠴᠢᠯᠠᠯ ᠤᠨ ᠤᠷᠣᠯᠭ᠎ᠠ 7.5 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ   ᠬᠢ  ᠠᠴᠠ  7.1% ᠢᠶᠠᠷ ᠨᠡᠮᠡᠭᠳᠡᠵᠡᠢ᠃ ᠬᠠᠰ ᠯᠣᠣ ᠡᠯᠡᠰᠦᠨ ᠨᠠᠭᠤᠷ ᠤᠨ ᠦᠵᠡᠮᠵᠢ ᠶᠢᠨ ᠤᠷᠣᠨ ᠤ ᠬᠦᠯᠢᠶᠡᠨ ᠠᠪᠤᠭᠰᠠᠨ ᠵᠢᠭᠤᠯᠴᠢᠯᠠᠭᠴᠢ 6.27 ᠲᠦᠮᠡᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠵᠡᠢ᠃ ᠵᠢᠭᠤᠯᠴᠢᠯᠠᠯ ᠤᠨ ᠦᠢᠯᠡᠰ ᠤᠨ ᠬᠦᠭᠵᠢᠯᠲᠡ ᠪᠠᠷ ᠠᠵᠢᠯ ᠤᠯᠭᠤᠬᠤ ᠠᠰᠠᠭᠤᠳᠠᠯ ᠢ  ᠰᠶᠢᠳᠪᠦᠷᠢᠯᠡᠵᠣ᠂《 ᠮᠠᠯᠴᠢᠨ ᠠᠶᠢᠯ  ᠤᠨ ᠵᠣᠭᠠᠴᠠᠯ》᠂《ᠬᠦᠳᠡᠭᠡ ᠠᠶᠢᠯ ᠤᠨ ᠵᠣᠭᠠᠴᠠᠯ》᠂ ᠬᠦᠳᠡᠭᠡ ᠠᠶᠢᠯ ᠳᠤ ᠬᠤᠨᠤᠭᠯᠠᠬᠤ᠂ ᠵᠢᠮᠢᠰ ᠲᠡᠭᠦᠬᠦ᠂  ᠮᠠᠯᠵᠢᠯ ᠤᠨ ᠬᠤᠷᠰᠢᠶ᠎ᠠ ᠵᠡᠷᠭᠡ ᠤᠯᠠᠨ ᠬᠡᠯᠪᠡᠷᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠳᠠᠶᠢᠴᠢᠯᠠᠨ ᠳᠠᠭᠠᠭᠤᠯᠵᠤ᠂ ᠤᠳᠤᠬᠠᠨ ᠪᠤᠯᠲᠠᠯ᠎ᠠ ᠪᠦᠬᠦ ᠬᠤᠰᠢᠭᠤᠨ ᠳᠤ ᠵᠢᠭᠤᠯᠴᠢᠯᠠᠯ ᠳᠤ ᠰᠢᠭᠤᠳ ᠣᠷᠣᠯᠴᠠᠵᠣ ᠪᠠᠶᠢᠭ᠎ᠠ ᠬᠦᠮᠦᠨ 6050 ᠬᠦᠮᠦᠨ ᠪᠠᠶᠢᠵᠣ᠂ ᠵᠢᠭᠤᠯᠴᠢᠯᠠᠯ ᠢᠶᠠᠷ ᠲᠠᠶᠢᠴᠢᠯᠠᠨ ᠳᠠᠭᠠᠭᠤᠯᠵᠣ ᠪᠠᠶᠢᠭ᠎ᠠ ᠬᠦᠮᠦᠨ ᠪᠠᠷᠤᠭ 32000 ᠬᠦᠮᠦᠨ ᠪᠤᠢ᠃                                                                   ᠳᠣᠷᠣᠨ᠎ᠠ ᠮᠡᠳᠡᠭᠡᠯᠡᠪᠡ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号