ᠦᠢᠷ᠎ᠠ ᠶᠢᠨ ᠡᠳᠤᠷ᠂ ᠤᠷᠴᠢᠨ ᠠᠬᠤᠢ ᠶᠢᠨ ᠬᠠᠮᠠᠭᠠᠯᠠᠯᠳᠠ ᠶᠢᠨ ᠶᠠᠮᠤᠨ 2017 ᠤᠨ ᠤ ᠲᠦᠷᠤᠬᠦᠤ | ᠬᠠᠭᠠᠰ ᠵᠢᠯ ᠤᠨ ᠪᠦᠬᠦ ᠤᠯᠤᠰ ᠤᠨ ᠤᠰᠤᠨ ᠤ ᠴᠢᠨᠠᠷ ᠤᠨ ᠪᠠᠶᠢᠳᠠᠯ ᠢ ᠨᠡᠶᠢᠳᠡᠯᠡᠪᠡ᠄ 2017 ᠤᠨ ᠤ ᠲᠦᠷᠤᠬᠦᠤ | ᠬᠠᠭᠠᠰ ᠵᠢᠯ ᠤᠨ ᠤᠯᠤᠰ ᠤᠨ ᠡᠵᠡᠮᠳᠡᠯ ᠤᠨ ᠭᠠᠵᠠᠷ ᠲᠡᠭᠡᠷᠡᠬᠢ ᠤᠰᠤᠨ ᠤ ᠬᠢᠨᠠᠨ ᠬᠡᠮᠵᠢᠯᠳᠡ ᠶᠢᠨ ᠰᠦᠯᠵᠢᠶ᠎ᠠ ᠶᠢᠨ | ᠲᠤᠭ᠎ᠠ ᠪᠠᠷᠢᠮᠳᠠ ᠠᠴᠠ ᠦᠵᠡᠪᠡᠯ᠂ ᠪᠦᠬᠦ ᠤᠯᠤᠰ ᠤᠨ ᠤᠰᠤᠨ ᠤ ᠤᠷᠴᠢᠨ ᠠᠬᠤᠢ ᠶᠢᠨ ᠶᠠᠰᠤ ᠴᠢᠨᠠᠷ ᠰᠠᠶᠢᠵᠢᠷᠠᠬᠤ | ᠬᠠᠨᠳᠤᠰᠢ ᠲᠠᠢ ᠪᠤᠯᠵᠤ ᠪᠠᠶᠢᠨ᠎ᠠ᠃ | 2017 ᠤᠨ ᠤ ᠲᠦᠷᠤᠬᠦᠤ ᠬᠠᠭᠠᠰ ᠵᠢᠯ ᠳᠤ᠂ ᠪᠦᠬᠦ ᠤᠯᠤᠰ ᠤᠨ ᠭᠠᠵᠠᠷ ᠲᠡᠭᠡᠷᠡᠬᠢ ᠤᠰᠤᠨ ᠤ | ᠴᠢᠨᠠᠷ ᠢᠶᠠᠷ ᠰᠢᠯᠢᠳᠡᠭ ᠰᠠᠶᠢᠨ ︵I — III ᠲᠦᠷᠤᠯ︶ ᠤᠰᠤᠨ ᠴᠤᠭᠴᠠ ᠶᠢᠨ ᠬᠠᠷᠢᠴᠠᠯ ᠨᠢ 70.0% ᠪᠠᠶᠢᠵᠤ | ︵2017 ᠤᠨ ᠤ ᠬᠠᠷᠠᠯᠳᠠ ᠪᠤᠯ 68.3%︶᠂ ᠠᠳᠠᠯᠢ ᠬᠤᠭᠤᠴᠠᠭᠠᠨ ᠤ ᠬᠢ ᠠᠴᠠ 1.2 ᠵᠠᠭᠤᠨ ᠤ ᠨᠢᠭᠡᠴᠢ | ᠲᠡᠭᠡᠭᠰᠢᠯᠡᠪᠡ︔ ᠬᠡᠷᠡᠭᠯᠡᠬᠦ ᠴᠢᠳᠠᠮᠵᠢ ︵V ᠲᠦᠷᠤᠯ ᠠᠴᠠ ᠮᠠᠭᠤ︶ ᠪᠠᠨ ᠠᠯᠳᠠᠭᠰᠠᠨ ᠤᠰᠤᠨ ᠴᠤᠭᠴᠠ ᠶᠢᠨ | ᠬᠠᠷᠢᠴᠠᠯ ᠨᠢ 8.8% ᠪᠠᠶᠢᠵᠤ ︵2017 ᠤᠨ ᠤ ᠬᠠᠷᠠᠯᠳᠠ ᠪᠤᠯ 8.4%︶᠂ ᠠᠳᠠᠯᠢ | ᠬᠤᠭᠤᠴᠠᠭᠠᠨ ᠤ ᠬᠢ ᠠᠴᠠ 1.7 ᠵᠠᠭᠤᠨ ᠤ ᠨᠢᠭᠡᠴᠢ ᠪᠠᠭᠤᠷᠠᠪᠠ᠃ ᠡᠬᠦᠨ ᠠᠴᠠ ᠭᠠᠳᠠᠨ᠎ᠠ᠂ ᠪᠦᠬᠦ ᠤᠯᠤᠰ ᠲᠤ | ᠨᠡᠶᠢᠳᠡ 27 ᠤᠬᠳᠤᠯᠤᠭᠠᠰᠤ ᠶᠢᠨ ᠤᠰᠤᠨ ᠤ ᠴᠢᠨᠠᠷ ᠮᠠᠭᠤᠳᠠᠵᠤ᠂ ᠬᠡᠰᠡᠭ ᠭᠠᠵᠠᠷ ᠤᠷᠤᠨ 2017 ᠤᠨ ᠤ | ᠤᠰᠤᠨ ᠤ ᠴᠢᠨᠠᠷ ᠢ ᠰᠠᠶᠢᠵᠢᠷᠠᠭᠤᠯᠬᠤ ᠬᠠᠷᠠᠯᠳᠠ ᠪᠠᠨ ᠪᠡᠶᠡᠯᠡᠬᠦᠯᠬᠦ ᠳᠤ ᠨᠡᠯᠢᠶᠡᠳ ᠬᠥᠴᠢᠷᠳᠠᠢ ᠤᠴᠢᠷ ᠠᠴᠠ ᠵᠠᠰᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠳᠠᠢ ᠪᠠᠶᠢᠨ᠎ᠠ᠃ |