ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠢ 10 ᠰᠠᠷ᠎ᠠ ᠶᠢᠨ 18 ᠤ ᠡᠳᠤᠷ ᠪᠡᠭᠡᠵᠢᠩ ᠳᠤ ᠬᠤᠷᠠᠯᠳᠤᠭᠤᠯᠬᠤ ᠪᠠᠷ ᠰᠠᠨᠠᠭᠤᠯᠭ᠎ᠠ ᠭᠠᠷᠭᠠᠪᠠ
ᠨᠡᠶᠢᠲᠡᠯᠡᠭᠰᠡᠨ ᠴᠠᠭ᠄
2017/9/1
    ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃       ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 8 ᠰᠠᠷ᠎ᠠ ᠶᠢᠨ 31 ᠤ ᠡᠳᠤᠷ ᠬᠤᠷᠠᠯ ᠬᠤᠷᠠᠯᠳᠤᠭᠤᠯᠵᠥ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠤᠯᠤᠳᠤᠭᠠᠷ ᠪᠦᠬᠦᠳᠡ ᠬᠤᠷᠠᠯ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠢ ᠰᠤᠳᠤᠯᠪᠠ᠃ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃     ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠤᠯᠤᠳᠤᠭᠠᠷ ᠪᠦᠬᠦᠳᠡ ᠬᠤᠷᠠᠯ ᠢ 2017 ᠤᠨ ᠤ 10 ᠰᠠᠷ᠎ᠠ ᠶᠢᠨ 11 ᠤ ᠡᠳᠤᠷ ᠪᠡᠭᠡᠵᠢᠩ ᠳᠤ ᠬᠤᠷᠠᠯᠳᠤᠭᠤᠯᠤᠨ᠎ᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠤᠯᠤᠳᠤᠭᠠᠷ ᠪᠦᠬᠦᠳᠡ ᠬᠤᠷᠠᠯ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠢ 2017 ᠤᠨ ᠤ 10 ᠰᠠᠷ᠎ᠠ ᠶᠢᠨ 18 ᠤ ᠡᠳᠤᠷ ᠪᠡᠭᠡᠵᠢᠩ ᠳᠤ ᠬᠤᠷᠠᠯᠳᠤᠭᠤᠯᠬᠤ ᠪᠠᠷ ᠰᠠᠨᠠᠭᠤᠯᠭ᠎ᠠ ᠭᠠᠷᠭᠠᠨ᠎ᠠ ᠬᠡᠵᠥ ᠲᠤᠭᠳᠠᠭᠠᠪᠠ᠃ ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠦᠭᠵᠢᠯᠳᠡ ᠶᠢᠨ ᠵᠠᠩᠬᠢᠯᠠᠭ᠎ᠠ ᠶᠢᠨ ᠦᠶ᠎ᠠ ᠳᠤ ᠬᠤᠷᠠᠯᠳᠤᠬᠤ ᠨᠢᠬᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠤᠯᠤᠨ᠎ᠠ᠃ ᠶᠡᠭᠡ ᠬᠤᠷᠠᠯ ᠨᠢᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠥᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠲᠦᠷᠦ ᠶᠢ ᠵᠠᠰᠠᠵᠥ ᠵᠠᠰᠠᠭ ᠢ ᠡᠷᠬᠢᠯᠡᠬᠦ ᠰᠢᠨ᠎ᠡ ᠤᠢᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠥ᠂ ᠦᠩᠭᠡᠷᠡᠭᠰᠡᠡ 5 ᠵᠢᠯ ᠤᠨ ᠠᠵᠢᠯ ᠢ ᠨᠠᠷᠢᠨ ᠬᠢᠨᠠᠮᠠᠭᠠᠢ ᠳ᠋ᠦᠩᠨᠡᠵᠥ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠥᠭᠰᠡᠡ ᠲᠡᠤᠬᠡᠨ ᠶᠠᠪᠤᠴᠠ ᠪᠤᠯᠤᠨ ᠡᠷᠬᠢᠮ ᠨᠠᠨᠳᠢᠨ ᠲᠤᠷᠰᠢᠯᠭ᠎ᠠ ᠶᠢ ᠡᠷᠬᠢᠴᠡᠬᠦᠯᠥᠨ ᠳ᠋ᠦᠩᠨᠡᠵᠥ᠂ ᠤᠳᠤᠬᠠᠨ ᠤ ᠲᠡᠯᠡᠬᠡᠢ ᠶᠢᠨ ᠪᠡ ᠤᠯᠤᠰ ᠤᠨ ᠲᠤᠳᠤᠭᠠᠳᠤ ᠶᠢᠨ ᠪᠠᠶᠢᠳᠠᠯ ᠳᠤ ᠬᠦᠨᠵᠡᠬᠡᠢ ᠵᠠᠳᠠᠯᠤᠯᠳᠡ ᠬᠢᠵᠥ᠂ ᠨᠠᠮ ᠪᠤᠯᠤᠨ ᠤᠯᠤᠰ ᠤᠨ ᠦᠢᠯᠡᠰ ᠤᠨ ᠬᠦᠭᠵᠢᠯᠳᠡ ᠶᠢᠨ ᠰᠢᠨ᠎ᠡ ᠱᠠᠭᠠᠷᠳᠠᠯᠭ᠎ᠠ ᠪᠤᠯᠤᠨ ᠠᠷᠠᠳ ᠤᠯᠠᠨ ᠤ ᠰᠢᠨ᠎ᠡ ᠬᠦᠰᠡᠯ ᠪᠠᠷᠠᠯᠠᠯ ᠢ ᠪᠦᠬᠦ ᠲᠠᠯ᠎ᠠ ᠪᠠᠷ ᠡᠵᠡᠮᠳᠡᠵᠥ᠂ ᠴᠠᠭ ᠦᠶ᠎ᠡ ᠶᠢᠨ ᠱᠠᠭᠠᠷᠳᠠᠯᠭ᠎ᠠ ᠳᠤ ᠲᠤᠬᠢᠷᠠᠭᠰᠠᠠ ᠠᠵᠢᠯᠯᠠᠭᠠᠨ ᠤ ᠬᠦᠳᠦᠯᠪᠤᠷᠢ ᠪᠤᠯᠤᠨ ᠶᠡᠭᠡ ᠪᠤᠳᠤᠯᠭ᠎ᠠ ᠴᠢᠭᠯᠡᠯᠳᠡ ᠶᠢ ᠲᠤᠭᠳᠠᠭᠠᠵᠥ ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠤᠨ ᠢᠳᠡᠬᠡᠯ᠂ ᠤᠨᠤᠯ ᠤᠨ ᠢᠳᠡᠭᠡᠯ᠂ ᠪᠠᠶᠢᠭᠤᠯᠤᠯ ᠤᠨ ᠢᠳᠡᠬᠡᠯ᠂ ᠰᠤᠶᠤᠯ ᠤᠨ ᠢᠳᠡᠬᠡᠯ ᠢ ᠪᠠᠳᠤᠳᠬᠠᠵᠥ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠦᠷᠬᠦᠯᠵᠢᠯᠡᠨ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠬᠦᠯᠵᠢᠯᠡᠨ ᠠᠬᠢᠭᠤᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠢᠨ᠎ᠡ ᠪᠠᠶᠢᠳᠠᠯ ᠢ ᠴᠢᠷᠮᠡᠶᠢᠨ ᠨᠡᠬᠡᠬᠡᠨ ᠡᠬᠦᠳᠬᠦ ᠶᠢᠨ ᠲᠦᠯᠥᠬᠡ ᠪᠦᠯᠬᠦᠮᠳᠡᠨ ᠲᠡᠮᠡᠴᠡᠬᠦ ᠪᠤᠯᠤᠨ᠎ᠠ ᠬᠡᠵᠥ ᠴᠢᠬᠤᠯᠠᠴᠢᠯᠠᠪᠠ᠃      ᠶᠡᠭᠡ ᠬᠤᠷᠠᠯ ᠠᠴᠠ ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠨ᠎ᠠ᠃      ᠬᠤᠷᠠᠯ ᠠᠴᠠ᠂ ᠤᠳᠤᠬᠠᠨ ᠳᠤ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠤᠷᠤᠭᠰᠢᠳᠠᠢ ᠶᠠᠪᠤᠭᠳᠠᠵᠥ ᠪᠠᠶᠢᠨ᠎ᠠ᠂ ᠶᠡᠭᠡ ᠬᠤᠷᠠᠯ ᠤᠨ ᠪᠡᠯᠡᠳᠬᠡᠯ ᠠᠵᠢᠯ ᠢ ᠦᠷᠬᠦᠯᠵᠢᠯᠡᠨ ᠯᠠᠪᠳᠠᠭᠤᠨ ᠪᠠᠳᠤᠳᠠᠢ ᠰᠠᠶᠢᠳᠤᠷ ᠬᠢᠵᠥ᠂ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                         ᠨᠠᠶᠢᠷᠠᠭᠤᠯᠤᠭᠴᠢ᠄ ᠭᠡᠷᠡᠯᠲᠤᠶᠠᠭ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号