ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ ᠤ ᠤᠯᠤᠰ ᠤᠨ ᠴᠡᠴᠡᠷᠯᠢᠭᠵᠢᠭᠰᠡᠨ ᠬᠤᠳᠠ ᠶᠢᠨ ᠲᠤᠰᠬᠠᠢ ᠮᠡᠷᠭᠡᠵᠢᠯᠳᠡᠨ ᠤ ᠲᠤᠭᠤᠢᠢᠯᠠᠩ ᠮᠠᠨ ᠤ ᠬᠤᠳᠠ ᠶᠢᠨ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠬᠴᠠᠯᠠᠬᠤ ᠠᠵᠢᠯ ᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2017/9/15
      9 ᠰᠠᠷ᠎ᠠ ᠶᠢᠨ 8 ᠤ ᠡᠳᠤᠷ ᠠᠴᠠ 10 ᠤ ᠡᠳᠤᠷ ᠪᠤᠯᠳᠠᠯ᠎ᠠ᠂ ᠱᠠᠨᠳᠦ᠋ᠩ ᠮᠤᠵᠢ ᠶᠢᠨ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠤᠤᠯ ᠤᠨ ᠲᠤᠭᠤᠷᠢᠨ ᠪᠠᠶᠢᠴᠠᠭᠠᠬᠴᠢ᠂ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ ᠤ ᠲᠦᠯᠦᠪᠵᠢᠬᠦᠯᠭᠡ ᠶᠢ ᠱᠠᠭᠠᠷᠳᠠᠨ ᠪᠠᠶᠢᠴᠠᠭᠠᠬᠴᠢ ᠽᠠᠨ ᠯᠦᠩ ᠯᠢᠶᠠᠩ ᠲᠦᠷᠦᠬᠦᠦ ᠲᠠᠢ ᠤᠯᠤᠰ ᠤᠨ ᠴᠡᠴᠡᠷᠯᠢᠭᠵᠢᠭᠰᠡᠨ ᠬᠤᠳᠠ ᠶᠢᠨ ᠲᠤᠰᠬᠠᠢ ᠮᠡᠷᠭᠡᠵᠢᠯᠳᠡᠨ ᠤ ᠲᠤᠭᠤᠢᠢᠯᠠᠩ ᠮᠠᠨ ᠤ ᠬᠤᠳᠠ ᠶᠢᠨ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠢ ᠲᠤᠭᠤᠷᠢᠨ ᠦᠵᠡᠪᠡ᠃      9 ᠰᠠᠷ᠎ᠠ ᠶᠢᠨ 8 ᠤ ᠡᠳᠤᠷ ᠤᠨ ᠤᠷᠤᠢ᠂ ᠮᠠᠨ ᠤ ᠬᠤᠳᠠ ᠠᠵᠢᠯ ᠤᠨ ᠬᠠᠷᠢᠭᠤ ᠮᠡᠳᠡᠬᠦᠯᠦᠯᠳᠡ ᠶᠢᠨ ᠬᠤᠷᠠᠯ ᠬᠢᠵᠦ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠮᠧᠩ ᠰᠢᠶᠠᠨ ᠳ᠋ᠦᠩ ᠲᠤᠰᠬᠠᠢ ᠮᠡᠷᠭᠡᠵᠢᠯᠳᠡᠨ ᠤ ᠲᠤᠭᠤᠢᠢᠯᠠᠩ ᠳᠤ ᠮᠠᠨ ᠤ ᠬᠤᠳᠠ ᠶᠢᠨ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠢ ᠬᠠᠷᠢᠭᠤ ᠮᠡᠳᠡᠬᠦᠯᠵᠦ᠂ ᠽᠠᠨ ᠯᠦᠩ ᠯᠢᠶᠠᠩ ᠬᠤᠷᠠᠯ ᠲᠡᠭᠡᠷ᠎ᠠ ᠲᠤᠰ ᠤᠳᠠᠭᠠᠨ ᠤ ᠲᠤᠭᠤᠷᠢᠨ ᠦᠵᠡᠬᠦ ᠠᠵᠢᠯ ᠤᠨ ᠦᠨᠳᠦᠰᠦᠨ ᠠᠭᠤᠯᠭ᠎ᠠ ᠪᠠ ᠦᠨᠳᠦᠰᠦᠨ ᠲᠠᠷᠠᠭᠠᠯᠠᠯ ᠳᠤ ᠲᠤᠳᠤᠷᠬᠠᠢᠢᠯᠠᠯᠳᠠ ᠬᠢᠵᠦ᠂ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠲᠡᠳ᠋ ᠲᠠᠷᠤᠭ᠎ᠠ ᠯᠢ ᡁᠢ ᠮᠢᠨ ᠬᠠᠷᠢᠭᠤ ᠮᠡᠳᠡᠬᠦᠯᠦᠯᠳᠡ ᠶᠢᠨ ᠬᠤᠷᠠᠯ ᠢ ᠡᠷᠬᠢᠯᠡᠵᠠᠢ᠃ ᠬᠤᠳᠠ ᠶᠢᠨ ᠤᠳᠤᠷᠢᠳᠤᠯᠭ᠎ᠠ ᠲᠡᠭᠡᠵᠢ᠂ ᠽᠸᠦ ᠳ᠋ᠧ ᠬᠤᠸᠠ᠂ ᠬᠦᠸᠧ ᠢᠤᠢ ᠹᠧᠩ᠂ ᠱᠢ ᠶᠢᠨ ᠹᠧᠩ᠂ ᠢᠤᠢ ᠸᠧᠨ ᠲᠤᠤ᠂ ᠸᠠᠩ ᠬᠦᠸᠧ ᠰᠧᠨ ᠬᠤᠷᠠᠯ ᠳᠤ ᠤᠷᠤᠯᠴᠠᠪᠠ᠃       9 ᠰᠠᠷ᠎ᠠ ᠶᠢᠨ 9 ᠤ ᠡᠳᠤᠷ ᠠᠴᠠ 10 ᠤ ᠡᠳᠤᠷ ᠪᠤᠯᠳᠠᠯ᠎ᠠ᠂ ᠲᠤᠰᠬᠠᠢ ᠮᠡᠷᠭᠡᠵᠢᠯ ᠤᠨ ᠲᠤᠭᠤᠢᠢᠯᠠᠩ ‍ᠤᠨ‌‍ᠬᠢᠨ ᠲᠤᠭᠤᠢᠢᠯᠠᠩ ᠬᠤᠪᠢᠶᠠᠵᠦ ᠮᠠᠨ ᠤ ᠬᠤᠳᠠ ᠶᠢᠨ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ᠂ ᠬᠤᠳᠠ ᠶᠢᠨ ᠶᠠᠪᠤᠳᠠᠯ ᠤᠨ ᠲᠦᠬᠦᠭᠡᠷᠦᠮᠵᠢ᠂ ᠤᠷᠤᠨ ᠰᠠᠭᠤᠴᠠ ᠶᠢᠨ ᠪᠠᠳᠤᠯᠠᠭ᠎ᠠ ᠵᠡᠷᠭᠡ ᠪᠠᠶᠢᠳᠠᠯ ᠢ ᠲᠤᠭᠤᠷᠢᠨ ᠦᠵᠡᠵᠦ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠯᠢᠬ ᠦᠵᠡᠭᠰᠡᠨ ᠮᠦᠷᠳᠡᠭᠡᠨ ᠶᠠᠷᠢᠯᠴᠠᠬᠤ ᠬᠤᠷᠠᠯ ᠬᠢᠵᠠᠢ᠃ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠯᠪᠤᠬᠳᠠᠯ ᠪᠦᠬᠦᠢ ᠭᠠᠵᠠᠷ ᠤᠷᠤᠨ᠂ ᠬᠤᠳᠠ ᠶᠢᠨ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠤᠷᠤᠯᠴᠠᠵᠠᠢ᠃      ᠶᠠᠷᠢᠯᠴᠠᠬᠤ ᠬᠤᠷᠠᠯ ᠲᠡᠭᠡᠷ᠎ᠠ᠂ ᠲᠤᠰᠬᠠᠢ ᠮᠡᠷᠭᠡᠵᠢᠯᠳᠡᠨ ᠤ ᠲᠤᠭᠤᠢᠢᠯᠠᠩ ᠤᠨ ᠬᠢᠨ ᠮᠠᠨ ᠤ ᠬᠤᠳᠠ ᠶᠢᠨ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠢ ᠬᠦᠢᠴᠡᠳ ᠨᠤᠳᠠᠯᠠᠬᠰᠠᠨ ᠮᠦᠷᠳᠡᠭᠡᠨ ᠪᠤᠳᠠᠳᠠᠢ ᠰᠠᠨᠠᠯ ᠪᠠ ᠰᠠᠨᠠᠭᠤᠯᠭ᠎ᠠ ᠲᠤᠷᠠᠳᠴᠠᠢ᠃ ᠲᠤᠰᠬᠠᠢ ᠮᠡᠷᠭᠡᠵᠢᠯᠳᠡᠨ ᠤ ᠲᠤᠭᠤᠢᠢᠯᠠᠩ ᠤᠨ ᠬᠢᠨ ᠤ ᠦᠵᠡᠬᠦ ᠪᠠᠷ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠡᠬᠢᠯᠡᠭᠰᠡᠨ ᠠᠴᠠ ᠨᠠᠰᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠬᠤᠳᠠ ᠶᠢᠨ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠠᠵᠢᠯ ᠳᠠᠬᠢ ᠪᠡᠯᠡ ᠤᠷᠤᠭᠤᠯᠤᠯᠳᠠ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠᠨ ᠴᠢᠩᠭᠠᠳᠬᠠᠵᠦ᠂ ᠨᠢᠬᠡ ᠪᠦᠯᠦᠭ ᠴᠢᠨᠠᠷ ᠰᠠᠶᠢᠳᠠᠢ ᠴᠡᠴᠡᠷᠯᠢᠭ ᠤᠨ ᠨᠤᠭᠤᠭᠠᠨ ᠭᠠᠵᠠᠷ ᠢ ᠪᠦᠳᠦᠭᠡᠨ ᠪᠠᠶᠢᠭᠤᠯᠤᠨ ᠲᠡᠬᠦᠯᠳᠡᠷᠵᠢᠬᠦᠯᠪᠠ᠃ ᠤᠯᠠᠭᠠᠨᠬᠠᠳᠠ ᠬᠤᠳᠠ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠠ ᠪᠤᠯᠭᠠᠵᠦ᠂ ᠤᠷᠤᠨ ᠨᠤᠳᠤᠭ ᠤᠨ ᠤᠨᠴᠠᠯᠢᠬ ᠢ ᠲᠤᠪᠤᠶᠢᠯᠭᠠᠵᠦ᠂ ᠠᠮᠢ ᠠᠬᠤᠢ ᠶᠢᠨ ᠰᠡᠷᠬᠦᠭᠡᠯᠳᠡ᠂ ᠬᠤᠳᠠ ᠶᠢᠨ ᠶᠠᠪᠤᠳᠠᠯ ᠤᠨ ᠲᠦᠬᠦᠭᠡᠷᠦᠮᠵᠢ᠂ ᠤᠷᠤᠨ ᠰᠠᠭᠤᠴᠠ ᠶᠢᠨ ᠪᠠᠳᠤᠯᠠᠭ᠎ᠠ ᠵᠡᠷᠭᠡ ᠲᠠᠯ᠎ᠠ ᠪᠠᠷ ᠬᠦᠮᠦᠰ ᠲᠤ ᠬᠦᠨ ᠰᠠᠭᠤᠬᠳᠠᠯ ᠦᠯᠡᠳᠡᠭᠡᠵᠦ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠭᠴᠠᠯᠠᠬᠤ ᠠᠵᠢᠯ ᠤᠨ ᠪᠦᠳᠦᠮᠵᠢ ᠢᠯᠡᠳᠳᠡ ᠪᠤᠢ ᠭᠡᠪᠠ᠃      ᠮᠧᠩ ᠰᠢᠶᠠᠨ ᠳ᠋ᠦᠩ ᠤᠪᠤᠷ ᠢᠶᠠᠨ ᠢᠯᠡᠳᠬᠡᠬᠦ ᠶᠠᠷᠢᠶᠠᠨ ᠳᠠᠭᠠᠨ᠂ ᠤᠯᠠᠭᠠᠨᠬᠠᠳᠠ ᠬᠤᠳᠠ ᠲᠤᠰᠬᠠᠢ ᠮᠡᠷᠭᠡᠵᠢᠯᠳᠡᠨ ᠤ ᠲᠤᠭᠤᠢᠢᠯᠠᠩ ᠤᠨ ᠬᠢᠨ ᠤ ᠡᠨᠡ ᠤᠳᠠᠭᠠᠨ ᠤ ᠲᠤᠭᠤᠷᠢᠨ ᠦᠵᠡᠵᠦ ᠲᠤᠰᠬᠠᠬᠰᠠᠨ ᠰᠠᠨᠠᠯ ᠢ ᠪᠦᠬᠦ ᠬᠦᠴᠦᠨ ᠢᠶᠠᠷ ᠨᠠᠶᠢᠳᠠᠪᠦᠷᠢᠵᠢᠭᠤᠯᠵᠦ᠂ ᠲᠤᠰᠬᠠᠢ ᠮᠡᠷᠭᠡᠵᠢᠯᠳᠡᠳ ᠤᠨ ᠲᠤᠰᠬᠠᠬᠰᠠᠨ ᠰᠠᠨᠠᠯ ᠪᠠ ᠰᠠᠨᠠᠭᠤᠯᠭ᠎ᠠ ᠪᠠᠷ ᠲᠤᠯᠢ ᠪᠤᠯᠭᠠᠵᠦ᠂ ᠵᠠᠰᠠᠨ ᠦᠭᠡᠷᠡᠴᠢᠯᠡᠬᠦ ᠰᠠᠨᠠᠯ ᠭᠠᠷᠭᠠᠵᠦ᠂ ᠬᠤᠳᠠ ᠶᠢᠨ ᠰᠠᠭᠤᠷᠢ ᠲᠦᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠦᠷᠦᠯ ᠵᠦᠢᠯ ᠢ ᠭᠡᠷᠡᠭᠵᠢᠬᠦᠯᠵᠦ᠂ ᠬᠤᠳᠠ ᠶᠢᠨ ᠴᠢᠳᠠᠪᠬᠢ ᠶᠢ ᠲᠡᠬᠦᠯᠳᠡᠷᠵᠢᠬᠦᠯᠵᠦ ᠂ ᠬᠤᠳᠠ ᠶᠢᠨ ᠪᠠᠶᠢᠷᠢ ᠰᠠᠭᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠠ ᠭᠡᠵᠦ ᠵᠢᠭᠠᠨ ᠭᠠᠷᠭᠠᠵᠠᠢ᠃ ᠯᠢ ᡁᠢ ᠮᠢᠨ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠢ ᠲᠦᠯᠦᠭᠡᠯᠡᠨ ᠲᠤᠰᠬᠠᠢ ᠮᠡᠷᠭᠡᠵᠢᠯᠳᠡᠨ ᠤ ᠲᠤᠭᠤᠢᠢᠯᠠᠩ ᠤᠨ ᠬᠢᠨ ᠤ ᠬᠡᠳᠦᠨ ᠡᠳᠤᠷ ᠤᠨ ᠲᠤᠷᠰᠢᠬᠢ ᠬᠠᠳᠠᠭᠤᠵᠢᠯᠳᠠᠢ ᠠᠵᠢᠯ ᠪᠠ ᠤᠯᠠᠭᠠᠨᠬᠠᠳᠠ ᠶᠢᠨ ᠤᠯᠤᠰ ᠤᠨ ᠴᠡᠴᠡᠷᠯᠢᠭᠵᠢᠭᠰᠡᠨ ᠬᠤᠳᠠ ᠶᠢ ᠴᠤᠬᠴᠠᠯᠠᠬᠤ ᠠᠵᠢᠯ ᠳᠤ ᠲᠤᠷᠠᠳᠤᠭᠰᠠᠨ ᠵᠢᠭᠠᠨ ᠵᠢᠯᠤᠭᠤᠳᠤᠯᠭ᠎ᠠ ᠳᠤ ᠪᠠᠶᠠᠷᠯᠠᠨ ᠲᠠᠯᠠᠷᠬᠠᠭᠰᠠᠨ ᠰᠡᠳᠬᠢᠯᠭᠡ ᠪᠠᠨ ᠢᠯᠡᠳᠭᠡᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号