ᠪᠦᠬᠦ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠵᠢᠴᠢ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠳᠠ ᠶᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2017/9/15
      9 ᠰᠠᠷ᠎ᠠ ᠶᠢᠨ 6 ᠤ ᠡᠳᠦᠷ᠂ ᠪᠦᠬᠦ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠵᠢᠴᠢ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠳᠠ ᠶᠢ ᠠᠬᠢᠭᠤᠯᠬᠤ ᠬᠤᠷᠠᠯ ᠬᠢᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠬᠡᠵᠢ᠂ ᠲᠡᠳ᠋ ᠡᠷᠬᠢᠯᠡᠭᠴᠢ ᠨᠢᠩ ᠬᠦᠸᠧ ᠲᠤᠤ᠂ ᠨᠠᠷᠢᠨ ᠪᠢᠴᠢᠭ ᠤᠨ ᠲᠠᠷᠤᠭ᠎ᠠ ᠮᠠ ᠫᠧᠩ ᠹᠸᠢ ᠬᠤᠷᠠᠯ ᠳᠤ ᠤᠷᠤᠯᠴᠠᠵᠠᠢ᠃         ᠲᠡᠬᠡᠵᠢ ᠦᠪᠡᠷᠳᠡᠬᠡᠨ ᠵᠠᠰᠠᠬᠤ ᠤᠷᠤᠨ ᠤ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠳᠠ ᠶᠢ ᠠᠬᠢᠭᠤᠯᠬᠤ ᠳᠤᠷᠰᠢᠯᠭ᠎ᠠ ᠰᠤᠯᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠳᠠ ᠶᠢᠨ ᠳᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠳᠤᠬᠢᠷᠠᠭᠤᠯᠤᠨ ᠪᠠᠶᠢᠷᠢᠯᠠᠭᠤᠯᠪᠠ᠃ ᠲᠡᠷᠡ᠂ ᠲᠦᠪ ᠤᠨ 18 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠪᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠮᠵᠢᠭᠤᠯᠤᠠ ᠨᠠᠶᠢᠳᠡᠯᠡᠭᠰᠠᠠ ︽ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠬᠡᠷᠡᠭᠵᠢᠬᠦᠯᠬᠦ ᠰᠠᠨᠠᠯ︾ ᠢ ᠪᠠᠭᠤᠯᠭᠠᠭᠰᠠᠠ ᠤ ᠲᠠᠷᠠᠭ᠎ᠠ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠢᠢᠯᠠᠩ ᠴᠠᠭ ᠲᠠᠷᠤᠢ ᠳᠤᠨᠢ ᠪᠠᠶᠢᠭᠤᠯᠤᠯᠭ᠎ᠠ ᠨᠢᠭᠡᠴᠡ ᠶᠢᠨ ᠺᠠᠳ᠋ᠷᠴᠤᠳ ᠢ ᠵᠤᠬᠢᠶᠠᠨ ᠪᠠᠶᠢᠭᠤᠯᠤᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠢᠢᠯᠠᠭᠠᠭᠤᠯᠵᠤ᠂ ᠰᠢᠨ᠎ᠠ ᠪᠠᠶᠢᠳᠠᠯ ᠳᠤᠤᠷᠠᠬᠢ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠬᠦ ᠶᠢᠨ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠤᠯᠠᠮ ᠨᠢᠬᠡ ᠠᠯᠬᠤᠮ ᠴᠢᠩᠭᠠᠷᠠᠭᠤᠯᠵᠤ᠂ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠯ᠎ᠠ ᠪᠠᠷ ᠶᠡᠭᠡ ᠬᠡᠮᠵᠢᠶᠠᠨ ᠤ ᠠᠵᠢᠯ ᠬᠢᠵᠦ᠂ ᠵᠤᠬᠢᠬᠤ ᠠᠮᠵᠢᠯᠳᠠ ᠤᠯᠵᠠᠢ ᠬᠡᠵᠦ ᠵᠢᠭᠠᠵᠤ ᠭᠠᠷᠭᠠᠪᠠ᠃ ᠲᠡᠷᠡ᠂ ᠮᠠᠨ ᠤ ᠬᠤᠳᠠ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠤᠮᠵᠢᠭᠰᠠᠠ ᠪᠠᠶᠢᠭᠤᠯᠤᠯᠳᠠ᠂ ᠴᠢᠬᠤᠯᠠ ᠵᠦᠢᠯᠡᠰ ᠢ ᠶᠠᠷᠢᠯᠴᠠᠨ ᠳᠤᠭᠳᠠᠭᠠᠬᠤ ᠡᠷᠬᠡ᠂ ᠬᠢᠨᠡᠯᠳᠡ ᠲᠠᠯᠪᠢᠬᠤ ᠴᠢᠳᠠᠪᠬᠢ᠂ ᠴᠢᠳᠠᠪᠤᠷᠢ ᠶᠢᠨ ᠪᠠᠶᠢᠭᠤᠯᠤᠯᠳᠠ ᠪᠠ ᠠᠵᠢᠯ ᠤᠨ ᠬᠦᠴᠦᠨ᠂ ᠲᠡᠬᠡᠳᠦ ᠳᠤᠤᠷᠠᠳᠤ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠳᠡᠢ ᠬᠡᠵᠦ ᠱᠠᠭᠠᠷᠳᠠᠵᠠᠢ᠃ ᠲᠡᠷᠡ ᠪᠠᠰᠠ᠂ ᠲᠦᠪ ᠤᠨ 18 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠪᠤᠯ ᠨᠢᠬᠡᠨ ᠤᠷᠳᠤ ᠬᠤᠭᠤᠴᠠᠭᠠᠨ ᠤ ᠪᠦᠬᠡᠳ ᠬᠦᠴᠢᠷ ᠪᠡᠷᠬᠡ ᠡᠬᠦᠷᠬᠡ ᠮᠦᠨ︔ ᠪᠢᠳᠠᠨ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢᠨᠳᠠᠷᠡᠰᠢ ᠦᠬᠡᠢ ᠬᠦᠴᠦᠨ ᠵᠤᠷᠢᠭ᠂ ᠤᠷᠤᠭᠰᠢᠯᠠᠨ ᠲᠠᠪᠰᠢᠬᠤ ᠵᠤᠷᠢᠭ ᠰᠠᠨᠠᠭ᠎ᠠ ᠪᠠᠷ ᠲᠦᠪ ᠤᠨ 18 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠬᠤᠳᠠ ᠶᠢᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠳᠠ ᠶᠢᠨ ᠦᠷ᠎ᠠ ᠪᠦᠳᠦᠬᠡᠯ ᠢ ᠪᠠᠳᠤᠳᠬᠠᠠ ᠦᠷᠭᠡᠳᠭᠡᠵᠦ᠂ ᠮᠠᠨ ᠤ ᠬᠤᠳᠠ ᠶᠢᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠦᠭᠵᠢᠯᠳᠡ ᠶᠢ ᠬᠦᠯᠢᠶᠡᠰᠤᠯᠠᠨ ᠬᠠᠷᠰᠢᠯᠠᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠰᠢᠢᠳᠪᠤᠷᠢᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠠᠬᠤ ᠪᠠ ᠲᠡᠬᠦᠯᠳᠡᠷᠵᠢᠬᠦᠯᠬᠦ᠂ ᠦᠨᠳᠦᠰᠦᠨ ᠱᠠᠳᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠳᠠ ᠶᠢ ᠠᠬᠢᠭᠤᠯᠬᠤ ᠳᠤ ᠰᠢᠨ᠎ᠠ ᠬᠤᠪᠢ ᠨᠠᠮᠠᠷᠢ ᠦᠵᠡᠬᠦᠯᠵᠦ᠂ ᠰᠢᠯᠢᠳᠡᠭ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠳᠤᠬᠤ ᠬᠡᠷᠡᠭᠳᠡᠢ ᠬᠡᠵᠦ ᠴᠢᠬᠤᠯᠠᠴᠢᠯᠠᠪᠠ       ᠨᠢᠩ ᠬᠦᠸᠧ ᠲᠤᠤ ᠪᠦᠬᠦ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠳᠤᠬᠢᠷᠠᠭᠤᠯᠤᠨ ᠪᠠᠶᠢᠷᠢᠯᠠᠭᠤᠯᠵᠠᠢ᠃ ᠲᠡᠷᠡ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠡᠷᠬᠡᠪᠰᠢ ᠲᠦᠪ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠳᠤᠬᠠᠢ ᠰᠢᠢᠳᠪᠦᠷᠢᠳᠤ ᠪᠠᠶᠢᠷᠢᠯᠠᠭᠤᠯᠤᠯᠳᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠦ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠰᠠᠶᠢᠳᠤᠷ ᠬᠢᠬᠦ ᠬᠡᠷᠡᠭᠳᠡᠢ︔ ᠲᠠᠨᠢᠯᠳᠠ ᠪᠠᠨ ᠲᠡᠭᠡᠭᠰᠢᠯᠡᠬᠦᠯᠵᠦ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠰᠠᠶᠢᠳᠤᠷ ᠬᠢᠬᠦ ᠬᠠᠷᠢᠭᠤᠴᠠᠯᠭᠠᠳᠤ ᠰᠠᠳᠬᠢᠯᠬᠡ ᠪᠠ ᠳᠤᠯᠭᠠᠮ᠎ᠠ ᠰᠡᠳᠬᠢᠯᠬᠡ ᠶᠢ ᠴᠢᠩᠭᠠᠷᠠᠭᠤᠯᠬᠤ ᠬᠡᠷᠡᠭᠳᠡᠢ︔       ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠶᠢ ᠬᠤᠭᠤᠴᠠᠭ᠎ᠠ ᠰᠤᠯᠢᠬᠤ ᠰᠤᠩᠭᠤᠭᠤᠯᠢ ᠶᠢᠨ ᠪᠦᠬᠦ ᠶᠠᠪᠤᠴᠠ ᠳᠤ ᠳᠤᠤᠱᠯᠠᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠵᠦᠪ ᠤᠯᠤᠰ ᠲᠦᠷᠦ ᠶᠢᠨ ᠴᠢᠭᠯᠡᠯ ᠢ ᠪᠠᠳᠤᠯᠠᠬᠤ ᠬᠡᠷᠡᠭᠳᠡᠢ︔ ᠨᠢᠭᠡᠳᠦᠯᠳᠡᠢ ᠳᠤᠬᠢᠷᠠᠭᠤᠯᠤᠨ ᠬᠠᠤᠯᠢ ᠲᠦᠷᠢᠮ ᠶᠤᠰᠤᠭᠠᠷ ᠬᠤᠭᠤᠴᠠᠭ᠎ᠠ ᠰᠤᠯᠢᠬᠤ ᠰᠤᠩᠭᠤᠭᠤᠯᠢ ᠶᠢᠨ ᠡᠯ᠎ᠠ ᠵᠦᠢᠯ ᠤᠨ ᠠᠵᠢᠯ ᠢ ᠰᠠᠶᠢᠳᠤᠷ ᠬᠢᠬᠦ ᠬᠡᠷᠡᠭᠳᠡᠢ︔ ᠨᠠᠷᠢᠨ ᠨᠢᠮᠪᠠᠢ ᠵᠤᠬᠢᠶᠠᠨ ᠪᠠᠶᠢᠭᠤᠯᠤᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠤᠨ ᠳᠤᠭᠳᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ︔ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠰᠤᠷᠳᠠᠯ ᠴᠢᠬᠡᠴᠢ ᠤᠪᠤᠷ ᠲᠦᠪ ᠪᠠᠶᠢᠬᠤ ᠰᠤᠩᠭᠤᠭᠤᠯᠢ ᠶᠢᠨ ᠤᠷᠴᠢᠨ ᠢ ᠪᠤᠢ ᠪᠤᠯᠭᠠᠬᠤ ᠬᠡᠷᠡᠭᠳᠡᠢ ᠬᠡᠵᠦ ᠱᠠᠭᠠᠷᠳᠠᠵᠠᠢ᠃        ᠬᠤᠷᠠᠯ ᠲᠡᠬᠡᠷ᠎ᠠ ᠪᠠᠰᠠ ᠪᠦᠬᠦ ᠬᠤᠳᠠ ᠶᠢᠨ ᠬᠤᠰᠢᠭᠤ ᠰᠢᠶᠠᠨ ᠳᠤᠭᠤᠷᠢᠭ᠂ ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠪᠠ ᠬᠤᠰᠢᠭᠤ ᠰᠢᠶᠠᠨ ᠳᠤᠭᠤᠷᠢᠭ ᠤᠨ ᠤᠯᠤᠰ ᠲᠦᠷᠦ ᠶᠢᠨ ᠵᠦᠪᠯᠡᠯᠬᠡᠨ ᠤ ᠬᠤᠭᠤᠴᠠᠭ᠎ᠠ ᠰᠤᠯᠢᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠠᠢ᠃
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号