ᠤᠩᠨᠢᠭᠤᠳ ᠬᠤᠰᠢᠭᠤᠨ ᠤ ᠨᠠᠮᠣᠷ ᠤᠨ ᠤᠯᠠᠷᠢᠯ ᠤᠨ ᠴᠡᠷᠢᠭ ᠡᠯᠰᠡᠬᠦ ᠠᠵᠢᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2017/9/15
     9 ᠰᠠᠷ᠎ᠠ ᠶᠢᠨ 12 ᠤ ᠡᠳᠦᠷ᠂ ᠤᠩᠨᠢᠭᠤᠳ ᠬᠤᠰᠢᠭᠤᠨ ᠤ 2017 ᠣᠨ ᠤ ᠰᠢᠨ᠎ᠡ ᠴᠡᠷᠢᠭ ᠢ ᠦᠳᠡᠨ ᠮᠤᠷᠳᠠᠭᠤᠯᠬᠤ ᠬᠤᠷᠠᠯ ᠪᠤᠷᠣᠬᠤᠲᠠ ᠪᠠᠯᠭᠠᠰᠦᠨ ᠳᠤ ᠬᠤᠷᠠᠯᠳᠤᠪᠠ᠃ ᠰᠢᠨ᠎ᠡ ᠴᠡᠷᠢᠭ ᠤᠨ ᠦᠵᠡᠯ ᠰᠠᠨᠠᠭᠠᠨ ᠤ ᠬᠦᠮᠦᠵᠢᠯ ᠢ ᠴᠢᠩᠭᠠᠳᠬᠠᠬᠤ ᠶᠢᠨ ᠲᠦᠯᠦᠭᠡ ᠦᠳᠡᠨ ᠮᠤᠷᠳᠠᠭᠤᠯᠬᠤ ᠬᠤᠷᠠᠯ ᠤᠨ ᠳᠠᠷᠠᠭ᠎ᠠ᠂ ᠡᠨᠡ ᠵᠢᠯ ᠤᠨ ᠰᠢᠨ᠎ᠡ ᠪᠠᠷ ᠡᠯᠰᠡᠭᠳᠡᠭᠰᠡᠨ ᠴᠡᠷᠢᠭ ᠤᠳ ᠢ ᠵᠤᠬᠢᠶᠠᠨ ᠪᠠᠶᠢᠭᠤᠯᠣᠯᠲᠠ ᠶᠢᠨ ᠨᠢᠭᠡᠲᠦᠯᠲᠠᠢ ᠳᠤᠬᠢᠷᠠᠭᠤᠯᠣᠯᠲᠠ ᠪᠠᠷ ᠣᠯᠣᠰ ᠤᠨ ᠪᠠᠲᠣᠯᠠᠨ ᠬᠠᠮᠠᠭᠠᠯᠠᠯᠲᠠ ᠶᠢᠨ ᠰᠢᠨᠵᠢᠯᠡᠬᠦ ᠣᠬᠠᠭᠠᠨ ᠮᠡᠷᠭᠡᠵᠢᠯ ᠶᠢᠨ ᠦᠵᠡᠭᠦᠯᠦᠯᠭᠡ ᠶᠢᠨ ᠲᠢᠩᠬᠢᠮ ᠢ ᠲᠤᠭᠤᠷᠢᠨ ᠦᠵᠡᠭᠦᠯᠵᠡᠢ᠃ ᠲᠤᠭᠤᠷᠢᠨ ᠦᠵᠡᠬᠦ ᠪᠠᠷ ᠳᠠᠮᠵᠢᠵᠣ ᠰᠢᠨ᠎ᠡ ᠴᠡᠷᠢᠭ ᠤᠳ ᠣᠯᠣᠰ ᠪᠠᠶᠢᠭᠤᠯᠣᠭᠳᠠᠭᠰᠠᠨ ᠠᠴᠠ ᠨᠠᠰᠢᠬᠢ ᠣᠯᠣᠰ ᠤᠨ ᠪᠠᠲᠣᠯᠠᠨ ᠬᠠᠮᠠᠭᠠᠯᠠᠯᠲᠠ ᠶᠢᠨ ᠰᠢᠨᠵᠢᠯᠡᠬᠦ ᠣᠬᠠᠭᠠᠨ ᠮᠡᠷᠭᠡᠵᠢᠯ  ᠶᠢᠨ ᠬᠦᠭᠵᠢᠯᠲᠡ ᠶᠢᠨ ᠶᠠᠪᠤᠴᠠ ᠶᠢ ᠭᠦᠨᠵᠡᠭᠡᠢ ᠣᠶᠢᠯᠭᠠᠵᠣ᠂ ᠡᠬᠡ ᠣᠯᠣᠰ ᠲᠠᠭᠠᠨ ᠬᠦᠴᠦ ᠨᠡᠮᠡᠷᠢ ᠪᠠᠨ ᠡᠷᠭᠦᠬᠦ ᠢᠷᠠᠭᠤ ᠠᠯᠳᠠᠷᠲᠣ ᠥᠷᠲᠡᠭ ᠤᠨ ᠦᠵᠡᠯᠲᠡ ᠶᠢ ᠪᠤᠢ ᠪᠤᠯᠭᠠᠨ ᠴᠡᠷᠢᠭ ᠲᠤ ᠮᠤᠷᠳᠠᠬᠤ ᠠᠴᠠ ᠪᠠᠨ ᠡᠮᠦᠨ᠎ᠡ ᠨᠢᠭᠡ ᠣᠳᠠᠭᠠᠨ ᠤ ᠦᠵᠡᠯ ᠰᠠᠨᠠᠭᠠᠨ ᠠ ᠬᠦᠮᠦᠵᠢᠯ ᠬᠦᠷᠲᠡᠭᠰᠡᠨ ᠪᠠᠶᠢᠨ᠎ᠠ᠃      2017 ᠣᠨ ᠳᠤ ᠤᠩᠨᠢᠭᠤᠳ ᠬᠤᠰᠢᠭᠤ ᠨᠢ ᠳᠡᠭᠡᠳᠦ ᠱᠠᠳᠦᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠵᠦᠪ ᠤᠨᠤᠪᠴᠢᠲᠠᠢ ᠵᠢᠯᠣᠭᠤᠳᠣᠯᠭ᠎ᠠ ᠳᠤᠤᠷ᠎ᠠ᠂ ᠶᠡᠷᠦᠩᠬᠡᠢ ᠱᠦᠵᠢ ᠰᠢ ᠶᠢᠨ ᠫᠢᠩ ᠤᠨ《 ᠰᠢᠨᠵᠢᠯᠡᠬᠦ ᠣᠬᠠᠭᠠᠨ ᠮᠡᠷᠭᠡᠵᠢᠯ ᠢᠶᠠᠷ ᠴᠡᠷᠢᠭ ᠠᠩᠭᠢ ᠪᠠᠨ ᠬᠦᠴᠦᠷᠬᠡᠭᠵᠢᠭᠦᠯᠬᠦ》ᠤᠨᠣᠯᠵᠢᠬᠤᠨ ᠢᠶᠠᠷ ᠴᠡᠷᠢᠭ ᠡᠯᠰᠡᠬᠦ ᠠᠵᠢᠯ ᠢ ᠬᠢᠨᠠᠮᠠᠭᠠᠢ ᠦᠷᠨᠢᠭᠦᠯᠦᠨ ᠰᠢᠨ᠎ᠡ ᠴᠡᠷᠢᠭ ᠶᠢᠨ ᠴᠢᠨᠠᠷ ᠴᠢᠨᠰᠠᠭ᠎ᠠ ᠶᠢ ᠪᠠᠲᠣᠯᠠᠬᠤ ᠪᠠᠷ ᠭᠤᠤᠯᠳᠠᠯᠭ᠎ᠠ ᠪᠤᠯᠭᠠᠨ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠡᠨᠡ ᠵᠢᠯ ᠤᠨ ᠰᠢᠨ᠎ᠡ ᠴᠡᠷᠢᠭ ᠡᠯᠰᠡᠬᠦ ᠠᠵᠢᠯ ᠤᠨ ᠡᠭᠦᠷᠭᠡ ᠶᠢ ᠠᠮᠵᠢᠯᠲᠠ  ᠲᠠᠢ ᠪᠡᠶᠠᠯᠡᠭᠦᠯᠦᠭᠰᠡᠨ ᠪᠠᠶᠢᠨ᠎ᠠ᠃                                          ᠡᠷᠳᠡᠨᠢᠳᠦᠭᠦᠷᠡᠩ ᠮᠡᠳᠡᠭᠡᠯᠡᠵᠣ ᠳᠤᠷᠣᠨ᠎ᠠ ᠨᠠᠶᠢᠷᠠᠭᠤᠯᠪᠠ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号