ᠰᠢᠬᠢᠷᠯᠢᠭ ᠢᠳᠡᠭᠡᠨ ᠠᠴᠠ ᠵᠠᠶᠢᠯᠠᠬᠤ ᠭᠡᠳᠦᠨ ᠴᠠᠭ
ᠨᠡᠶᠢᠲᠡᠯᠡᠭᠰᠡᠨ ᠴᠠᠭ᠄
2017/9/15
     ᠰᠢᠬᠢᠷᠯᠢᠭ ᠢᠳᠡᠭᠡᠨ ᠤᠯᠠᠩᠬᠢ ᠬᠦᠮᠦᠨ ᠤ ᠠᠮᠢᠳᠤᠷᠠᠯ ᠳᠤᠮᠳᠠ ᠴᠢᠬᠤᠯᠠ ᠪᠠᠶᠢᠷᠢ ᠲᠠᠢ᠂ ᠵᠠᠷᠢᠮᠠᠳ ᠨᠢ ᠴᠠᠭ ᠲᠠᠭᠠᠨ ᠠᠵᠢᠯ ᠠᠴᠠ ᠪᠠᠨ ᠪᠠᠭᠤᠵᠤ ᠲᠡᠶᠢᠯᠦᠭᠰᠡᠨ ᠦᠭᠡᠢ ᠠᠴᠠ ᠨᠢᠭᠡ ᠭᠡᠰᠡᠭ ᠴᠤᠺᠤᠯᠠᠳ᠋ ᠢᠶᠠᠷ ᠦᠯ ᠢᠶᠠᠨ ᠳᠠᠷᠤᠬᠤ ᠪᠤᠶᠤ ᠰᠢᠬᠢᠷᠯᠢᠭ ᠢᠳᠡᠭᠡᠨ ᠬᠤᠳᠠᠯᠳᠤᠵᠤ ᠠᠪᠴᠢᠷᠠᠳᠠᠭ᠃ ᠭᠡᠶ᠎ᠡ ᠳᠤᠤᠷᠠᠬᠢ ᠭᠡᠳᠦᠨ ᠴᠠᠭ ᠲᠤ ᠰᠢᠬᠢᠷᠯᠢᠭ ᠢᠳᠡᠭᠡᠨ ᠢ ᠦᠯᠦ ᠢᠳᠡᠪᠡᠯ ᠰᠠᠶᠢᠨ ᠪᠠᠶᠢᠳᠠᠭ᠃      ᠤᠨᠳᠠᠬᠤ ᠠᠴᠠ ᠡᠮᠦᠨ᠎ᠡ᠃ ᠤᠨᠳᠠᠬᠤ ᠠᠴᠠ ᠡᠮᠦᠨ᠎ᠡ ᠰᠢᠬᠢᠷᠯᠢᠢᠡ ᠢᠳᠡᠭᠡᠨ ᠢᠳᠡᠪᠡᠯ ᠬᠤᠳᠤᠭᠤᠳᠤ ᠪᠠ ᠳᠠᠷᠢᠬᠢ ᠬᠦᠢᠴᠡᠳ ᠠᠮᠠᠷᠠᠬᠤ ᠶᠢ ᠨᠦᠯᠦᠭᠡᠯᠡᠨ᠂ ᠰᠢᠩᠭᠡᠭᠡᠯᠳᠡ ᠪᠠ ᠨᠦᠢᠷ ᠢ ᠬᠠᠷᠰᠢᠯᠠᠬᠤ ᠶᠢᠨ ᠬᠠᠮᠳᠤ ᠠᠮᠠᠷᠬᠠᠨ ᠮᠠᠷᠢᠶᠠᠯᠠᠭᠤᠯᠳᠠᠭ᠃ ᠬᠤᠭᠤᠯᠠᠨ ᠠᠴᠠ ᠡᠮᠦᠨ᠎ᠡ᠃ ᠦᠯᠦᠨ ᠢᠶᠠᠷ ᠰᠢᠬᠢᠷ ᠢᠳᠡᠪᠡᠯ ᠴᠢᠰᠤᠨ ᠤ ᠰᠢᠬᠢᠷ ᠢ ᠢᠯᠡᠳᠳᠡ ᠲᠡᠭᠡᠭᠰᠢᠯᠡᠬᠦᠯᠦᠨ᠂ ᠮᠠᠬᠠᠪᠤᠳ ᠡᠷᠡᠬᠦᠯ ᠴᠢᠬᠢᠷᠠᠭ ᠳᠤᠬᠢᠷᠠᠮᠵᠢᠳᠠᠢ ᠴᠢᠰᠤᠨ ᠰᠢᠬᠢᠷ ᠤᠨ ᠲᠦᠪᠰᠢᠨ ᠢ ᠪᠠᠳᠤᠯᠠᠬᠤ ᠶᠢᠨ ᠲᠦᠯᠦᠭᠡ ᠡᠷᠭᠡᠪᠰᠢ ᠶᠡᠭᠡ ᠭᠡᠮᠵᠢᠶᠡᠨ ᠤ ᠨᠦᠢᠷ ᠤᠨ ᠠᠷᠠᠯ ᠤᠨ ᠡᠳ᠋ ᠢ ᠱᠦᠬᠦᠷᠡᠬᠦᠯᠦᠨ ᠵᠤᠬᠢᠴᠠᠭᠤᠯᠳᠠᠭ᠃ ᠡᠶᠢᠮᠦᠷᠬᠦ ᠭᠡᠨᠡᠳᠳᠡ ᠶᠢᠨ ᠬᠤᠪᠢᠷᠠᠯᠳᠠ ᠨᠢ ᠮᠠᠬᠠᠪᠤᠳ ᠤᠨ ᠹᠢᠽᠢᠤᠯᠤᠬᠢ ᠶᠢᠨ ᠲᠡᠩᠴᠡᠬᠦᠷᠢ ᠳᠤ ᠠᠰᠢᠬ ᠦᠭᠡᠢ ᠪᠠᠶᠢᠵᠤ᠂ ᠤᠷᠳᠤ ᠬᠤᠭᠤᠴᠠᠭ᠎ᠠ ᠪᠤᠯᠪᠠᠯ ᠰᠢᠬᠢᠷ ᠤᠨ ᠰᠤᠯᠢᠬᠳᠠᠯ ᠰᠠᠮᠠᠭᠤᠷᠠᠨ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠳᠡᠭ᠃      ᠪᠤᠬᠢᠨᠢᠳᠤᠬᠤ ᠦᠶᠡᠰ᠃ ᠰᠢᠬᠢᠷᠯᠢᠭ ᠢᠳᠡᠭᠡᠨ ᠤᠷᠮ᠎ᠠ ᠰᠡᠳᠬᠢᠯᠭᠡ ᠶᠢ ᠰᠠᠶᠢᠵᠢᠷᠠᠭᠤᠯᠳᠠᠭ ᠭᠡᠵᠦ ᠭᠡᠯᠴᠡᠳᠡᠭ᠃ ᠭᠡᠶ᠎ᠡ ᠶᠡᠭᠡ ᠭᠡᠮᠵᠢᠶᠡᠨ ᠤ ᠰᠤᠳᠤᠯᠭᠠᠨ ᠳᠤ  ᠬᠠᠷᠠᠭᠤᠯᠤᠭᠰᠠᠨ ᠢᠶᠠᠷ᠂ ᠰᠢᠬᠢᠷ ᠢ ᠲᠡᠩᠳᠡᠬᠦᠦ ᠠᠷᠪᠢᠨ ᠰᠢᠩᠭᠡᠭᠡᠪᠡᠯ ᠭᠠᠩᠰᠠᠷᠠᠬᠤ ᠲᠠᠢ ᠬᠤᠯᠪᠤᠭ᠎ᠠ ᠲᠠᠢ ᠪᠠᠶᠢᠵᠤ ᠮᠡᠳᠡᠨ᠎ᠡ᠃ ᠡᠶᠢᠮᠦ ᠠᠴᠠ ᠰᠢᠬᠢᠷᠯᠢᠭ ᠢᠳᠡᠭᠡᠨ ᠤᠷᠮ᠎ᠠ ᠰᠡᠳᠬᠢᠯᠭᠡ ᠶᠢ ᠤᠬᠤᠷ ᠬᠤᠭᠤᠴᠠᠭᠠᠨ ᠳᠤ  ᠯᠠ ᠳᠤᠭᠳᠠᠪᠤᠷᠢᠵᠢᠭᠤᠯᠬᠤ ᠦᠢᠯᠡᠳᠦᠯ ᠲᠠᠢ ᠶᠤᠮ ᠪᠠᠶᠢᠨ᠎ᠠ᠃      ᠪᠤᠳᠤ ᠭᠠᠷᠤᠭᠰᠠᠨ ᠦᠶᠡᠰ᠃ ᠰᠢᠬᠢᠷ ᠤᠨ ᠲᠦᠷᠦᠯ ᠢ ᠰᠤᠯᠢᠬᠳᠠᠭᠤᠯᠬᠤ ᠦᠶᠡᠰ  B ᠲᠦᠷᠦᠯ ᠤᠨ ᠸᠢᠲ᠋ᠠᠮᠢᠨ ᠢ ᠭᠡᠷᠡᠭᠰᠡᠳᠡᠭ᠃  ᠰᠢᠬᠢᠷ ᠤᠨ ᠲᠦᠷᠦᠯ ᠤᠨ ᠢᠳᠡᠭᠡᠨ ᠠᠷᠪᠢᠨ ᠰᠢᠩᠭᠡᠭᠡᠪᠡᠯ  B ᠲᠦᠷᠦᠯ ᠤᠨ ᠸᠢᠲ᠋ᠠᠮᠢᠨ ᠢ ᠶᠡᠭᠡᠪᠡᠷ ᠬᠤᠷᠤᠭᠳᠠᠭᠤᠯᠵᠤ᠂ ᠠᠷᠠᠰᠤ ᠨᠢᠭᠤᠷ ᠲᠡᠭᠡᠷ᠎ᠡ ᠪᠤᠳᠤ ᠭᠠᠷᠬᠤ ᠶᠢ ᠬᠦᠨᠳᠦᠷᠡᠬᠦᠯᠬᠦ ᠰᠢᠯᠳᠠᠭᠠᠨ ᠤ ᠨᠢᠭᠡ ᠨᠢ ᠪᠤᠯᠳᠠᠭ᠃                                                                               ᠲᠤᠷᠤᠨ᠎ᠠ
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号