ᠨᠢᠬᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠢ ᠠᠭᠤᠰᠤᠯᠴᠠᠭᠤᠯᠤᠨ ᠬᠦᠭᠵᠢᠬᠦᠯᠵᠦ ᠬᠤᠳᠠ ᠶᠢᠨ ᠲᠡᠬᠦᠷᠭᠡ ᠶᠢᠨ ᠠᠮᠢ ᠠᠬᠤᠢ ᠰᠡᠯᠡᠬᠦᠴᠡᠯ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠴᠤᠬᠴᠠᠯᠠᠬᠤ ᠬᠡᠷᠡᠭᠳᠠᠢ
ᠨᠡᠶᠢᠲᠡᠯᠡᠭᠰᠡᠨ ᠴᠠᠭ᠄
2017/9/19
      9 ᠰᠠᠷ᠎ᠠ ᠶᠢᠨ 16 ᠤ ᠡᠳᠤᠷ ᠠᠴᠠ 17 ᠤ ᠡᠳᠤᠷ ᠪᠤᠯᠳᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠠᠵᠦ ᠦᠢᠯᠡᠰ ᠤᠨ ᠠᠭᠤᠰᠤᠯᠴᠠᠯ ᠬᠦᠭᠵᠢᠯᠳᠡ᠂ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠡᠵᠡᠩᠨᠡᠯᠳᠡ᠂ ᠠᠶᠤᠯᠬᠦᠢ ᠦᠢᠯᠡᠳᠪᠦᠷᠢᠯᠡᠯ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ᠂ ᠬᠤᠭᠤᠴᠠᠭ᠎ᠠ ᠰᠤᠯᠢᠬᠤ ᠪᠠ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠵᠡᠷᠭᠡ ᠠᠵᠢᠯ ᠤᠨ ᠲᠤᠬᠠᠢ ᠬᠤᠩ ᠱᠠᠨ ᠲᠤᠭᠤᠷᠢᠬ ᠶᠤᠸᠠᠨ ᠪᠤᠤ ᠱᠠᠨ ᠲᠤᠭᠤᠷᠢᠬ ᠲᠤ ᠪᠠᠶᠢᠴᠠᠭᠠᠨ ᠰᠤᠳᠤᠯᠵᠠᠢ᠃ ᠲᠡᠷᠡ᠂ ᠬᠠᠮᠢᠶ᠎ᠠ ᠪᠦᠬᠦᠢ ᠭᠠᠵᠠᠷ ᠤᠷᠤᠨ᠂ ᠰᠠᠯᠠᠭ᠎ᠠ ᠮᠦᠴᠢᠷ ᠪᠠ ᠠᠵᠦ ᠠᠬᠤᠢᠢᠯᠠᠯ ᠡᠷᠭᠡᠪᠰᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠨᠢᠬᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠢ ᠠᠭᠤᠰᠤᠯᠴᠠᠭᠤᠯᠤᠨ ᠬᠦᠭᠵᠢᠬᠦᠯᠵᠦ ᠬᠤᠳᠠ ᠶᠢᠨ ᠲᠡᠬᠦᠷᠭᠡ ᠶᠢᠨ ᠠᠮᠢ ᠠᠬᠤᠢ ᠰᠡᠯᠡᠬᠦᠴᠡᠯ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠴᠤᠬᠴᠠᠯᠠᠬᠤ ᠬᠡᠷᠡᠭᠳᠠᠢ ᠭᠡᠵᠦ ᠴᠢᠬᠤᠯᠠᠴᠢᠯᠠᠵᠠᠢ᠃      ᠬᠤᠩ ᠱᠠᠨ ᠲᠤᠭᠤᠷᠢᠬ ᠤᠨ ᠲᠢᠶᠠᠠ ᠶᠤᠸᠠᠠ ᠶᠡᠷᠦᠩᠬᠡᠶᠢᠯᠡᠭᠰᠡᠨ ᠴᠤᠬᠴᠠ ᠶᠢᠨ ᠲᠦᠷᠦᠯ ᠵᠦᠢᠯ ᠪᠠ ᠶᠤᠸᠠᠨ ᠪᠤᠤ ᠱᠠᠨ ᠤ ᠡᡁᠧ ᠷᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠤᠭᠤᠷᠢᠬ ᠲᠤ ᠪᠠᠶᠢᠴᠠᠭᠠᠨ ᠦᠵᠡᠭᠰᠡᠨ ᠤ ᠲᠡᠷᠠᠭ᠎ᠠ᠂ ᠳ᠋ᠤᠸᠠᠨ ᡁᠢ ᠴᠢᠶᠠᠩ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠠᠵᠦ ᠠᠬᠤᠢᠢᠯᠠᠯ ᠡᠷᠭᠡᠪᠰᠢ ᠲᠦᠯᠦᠪᠵᠢᠬᠦᠯᠬᠡ ᠶᠢᠨ ᠲᠦᠯᠦᠪᠯᠡᠭᠡ ᠪᠠᠨ ᠰᠠᠶᠢᠳᠤᠷ ᠬᠢᠵᠦ᠂ ᠰᠡᠳᠬᠢᠮᠵᠢ ᠪᠠᠨ ᠦᠷᠭᠡᠳᠭᠡᠨ᠂ ᠪᠠᠷᠢᠮᠵᠢᠶ᠎ᠠ ᠪᠡ ᠶᠠᠰᠦ ᠴᠢᠨᠠᠷ ᠢᠶᠠᠨ ᠲᠡᠭᠡᠭᠰᠢᠯᠡᠬᠦᠯᠵᠦ᠂ ᠤᠯᠠᠨ ᠲᠦᠮᠡᠨ ᠤ ᠵᠢᠭᠤᠯᠴᠢᠯᠠᠯ ᠤᠨ ᠦᠵᠡᠮᠵᠢ ᠰᠤᠨᠢᠷᠬᠠᠨ ᠰᠡᠯᠡᠬᠦᠴᠡᠬᠦ ᠭᠡᠷᠡᠭᠴᠡᠭᠡ ᠲᠠᠢ ᠵᠤᠯᠭᠠᠭᠤᠯᠬᠤ ᠬᠡᠷᠡᠭᠳᠠᠢ᠃ ᠡᠷᠭᠡᠪᠰᠢ ᠵᠠᠮ ᠬᠠᠷᠢᠯᠴᠠᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ᠂ ᠤᠷᠴᠢᠨ ᠲᠤᠭᠤᠷᠢᠨ ᠤᠨ ᠬᠠᠮᠠᠭᠠᠯᠠᠯᠳᠠ ᠶᠢᠨ ᠠᠵᠢᠯ ᠢ ᠲᠡᠬᠦᠯᠳᠡᠷᠵᠢᠬᠦᠯᠬᠦ ᠬᠡᠷᠡᠭᠳᠠᠢ᠃ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠳᠬᠠᠵᠦ᠂ ᠲᠦᠷᠦᠯ ᠲᠡᠮᠳᠡᠭ ᠡᠬᠦᠳᠬᠦ ᠶᠢ ᠠᠬᠢᠭᠤᠯᠵᠦ᠂ ᠨᠦᠯᠦᠭᠡᠯᠡᠬᠦ ᠬᠦᠴᠦᠨ ᠢᠶᠠᠨ ᠲᠡᠭᠡᠭᠰᠢᠯᠡᠬᠦᠯᠬᠦ ᠬᠡᠷᠡᠭᠳᠠᠢ᠃ ᠲᠢᠶᠠᠠ ᠶᠤᠸᠠᠠ ᠶᠡᠷᠦᠩᠬᠡᠶᠢᠯᠡᠭᠰᠡᠨ ᠴᠤᠭᠴᠠ ᠶᠢ ᠬᠦᠭᠵᠢᠬᠦᠯᠬᠦ ᠶᠢ ᠲᠦᠬᠦᠭᠡᠷᠦᠮᠵᠢᠳᠦ ᠲᠡᠷᠢᠶᠡᠯᠠᠩ ᠢ ᠬᠦᠭᠵᠢᠬᠦᠯᠬᠦ᠂ ᠲᠤᠰᠬᠠᠢ ᠬᠤᠷᠰᠢᠶ᠎ᠠ ᠶᠢᠨ ᠵᠤᠬᠢᠶᠠᠨ ᠪᠠᠶᠢᠭᠤᠯᠤᠯᠳᠠ᠂ ᠭᠠᠵᠠᠷ ᠰᠢᠷᠤᠢ ᠶᠢᠨ ᠡᠷᠬᠢᠯᠳᠡ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠵᠡᠷᠭᠡ ᠠᠵᠢᠯ ᠲᠠᠢ ᠤᠶᠠᠯᠳᠤᠭᠤᠯᠬᠤ ᠶᠢᠨ ᠬᠠᠮᠳᠦ ᠡᠯ ᠳ᠋ᠤᠤ ᠵᠢᠩᠽᠢ ᠶᠢᠨ ᠦᠯᠡᠳᠡᠭᠳᠡᠯ ᠪᠠᠭᠤᠷᠢ ᠶᠢᠨ ᠬᠠᠮᠠᠭᠠᠯᠠᠯᠳᠠ ᠪᠠ ᠦᠵᠡᠬᠦᠯᠦᠯᠭᠡ ᠶᠢᠨ ᠠᠵᠢᠯ ᠢ ᠪᠠᠳᠤᠳᠠᠢ ᠬᠢᠬᠦ ᠬᠡᠷᠡᠭᠳᠠᠢ ᠭᠡᠵᠠᠢ᠃      ᠳ᠋ᠤᠸᠠᠨ ᡁᠢ ᠴᠢᠶᠠᠩ᠂ ᠶᠤᠸᠠᠨ ᠪᠤᠤ ᠱᠠᠨ ᠤ ᠡᠬᠢ ᠪᠠᠶᠠᠯᠢᠬ ᠤᠨ ᠬᠡᠯᠪᠡᠷᠢ ᠶᠢᠨ ᠬᠤᠳᠠ ᠶᠢᠨ ᠨᠡᠬᠡᠬᠡᠨ ᠬᠦᠭᠵᠢᠬᠦᠯᠦᠯᠳᠡ ᠶᠢᠨ ᠲᠤᠷᠰᠢᠯᠳᠡ ᠶᠢᠨ ᠤᠷᠤᠨ ᠤ ᠭᠠᠯ ᠤᠨᠳᠠᠷᠠᠭᠠᠠ ᠭᠠᠯ ᠢ ᠰᠡᠷᠭᠡᠶᠢᠯᠠᠬᠦ ᠲᠤᠮᠳᠠ ᠠᠩᠬᠢ ᠳᠤ᠂ ᠶᠤᠸᠠᠨ ᠪᠤᠤ ᠱᠠᠨ ᠲᠤᠭᠤᠷᠢᠬ ᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠦ᠂ ᠫᠦ᠋ ᠶᠢᠨ ᠡᠮ ᠡᠮᠨᠡᠯᠭᠡ᠂ ᠷᠦᠢ ᠶᠠᠩ ᠬᠢᠮᠢ ᠶᠢᠨ ᠠᠵᠦ ᠦᠢᠯᠡᠳᠪᠦᠷᠢ ᠵᠡᠷᠭᠡ ᠠᠵᠦ ᠠᠬᠤᠢᠢᠯᠠᠯ ᠢᠶᠠᠷ ᠠᠶᠤᠯᠬᠦᠢ ᠦᠢᠯᠡᠳᠪᠦᠷᠢᠯᠡᠯ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠪᠠᠶᠢᠴᠠᠭᠠᠵᠠᠢ᠃      ᠤᠯᠠᠭᠠᠨᠬᠠᠳᠠ ᠶᠢᠨ ᠤᠯᠠᠨ ᠤᠯᠤᠰ ᠤᠨ ᠪᠤᠳᠠᠰ ᠤᠨ ᠬᠦᠢᠯᠭᠡᠭᠡᠨ ᠤ ᠭᠠᠷᠠᠮ ᠤᠨ ᠲᠦᠷᠦᠯ ᠵᠦᠢᠯ ᠤᠨ ᠠᠬᠤᠢ ᠲᠠᠯᠠᠪᠠᠢ ᠳᠤ᠂ ᠲᠦᠷᠦᠯ ᠵᠦᠢᠯ ᠤᠨ ᠲᠦᠯᠦᠪᠵᠢᠬᠦᠯᠬᠡ ᠶᠢᠨ ᠲᠦᠯᠦᠪᠯᠡᠭᠡ᠂ ᠡᠵᠡᠩᠨᠡᠯᠳᠡ ᠶᠢᠨ ᠬᠡᠯᠪᠡᠷᠢ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠦ᠂ ᠶᠤᠸᠠᠨ ᠪᠤᠤ ᠱᠠᠨ ᠲᠤᠭᠤᠷᠢᠬ ᠤᠨ ᠤᠳᠤ ᠦᠶ᠎ᠠ ᠶᠢᠨ ᠪᠤᠳᠠᠰ ᠤᠨ ᠬᠦᠢᠯᠭᠡᠭᠡᠨ ᠤ ᠭᠦᠭᠵᠢᠬᠦᠯᠦᠯᠳᠡ ᠶᠢᠨ ᠰᠡᠳᠬᠢᠮᠵᠢ ᠪᠠ ᠤᠨᠤᠯᠵᠢᠬᠤᠨ ᠳᠤ ᠬᠦᠢᠴᠡᠳ ᠨᠤᠳ᠋ᠯᠠᠯᠳᠠ ᠦᠭᠴᠠᠢ᠃      ᠬᠤᠩ ᠱᠠᠨ ᠲᠤᠭᠤᠷᠢᠬ ᠤᠨ ᠰᠠᠨ ᠶᠠᠨ ᠵᠢᠩ ᠲᠤᠰᠬᠤᠨ ᠪᠠ ᠰᠠᠨ ᠳ᠋ᠤᠤ ᠵᠢᠩᠽᠢ ᠲᠤᠰᠬᠤᠨ ᠳᠤ᠂ ᠳ᠋ᠤᠸᠠᠨ ᡁᠢ ᠴᠢᠶᠠᠩ᠂ ᠡᠯ᠎ᠠ ᠱᠠᠳᠤᠨ ᠤ ᠨᠠᠮ ᠤᠨ ᠬᠤᠷᠢᠶ᠎ᠠ ᠡᠷᠭᠡᠪᠰᠢ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠦᠷᠢᠵᠢᠭᠤᠯᠵᠦ᠂ ᠡᠯ᠎ᠠ ᠱᠠᠳᠤᠨ ᠤ ᠨᠠᠮ ᠤᠨ ᠡᠬᠦᠷ ᠪᠠ ᠦᠷᠭᠡᠨ ᠤᠯᠠᠨ ᠨᠠᠮ ᠤᠨ ᠬᠡᠰᠢᠬᠦᠨ ᠺᠠᠳ᠋ᠷᠴᠤᠳ ᠡᠷᠭᠡᠪᠰᠢ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠬᠦ ᠬᠡᠷᠡᠭᠳᠠᠢ ᠭᠡᠵᠦ ᠵᠢᠭᠠᠨ ᠭᠠᠷᠭᠠᠵᠠᠢ᠃      ᠳ᠋ᠤᠸᠠᠨ ᡁᠢ ᠴᠢᠶᠠᠩ᠂ ᠪᠦᠬᠦ ᠬᠤᠳᠠ ᠶᠢᠨ ᠬᠤᠰᠢᠭᠤ ᠰᠢᠶᠠᠨ ᠲᠤᠭᠤᠷᠢᠬ᠂ ᠰᠤᠮᠤ ᠰᠢᠶᠠᠩ ᠪᠠᠯᠭᠠᠰᠦ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠬ ᠤᠨ ᠤᠷᠳᠤᠨ ᠪᠠ ᠬᠤᠰᠢᠭᠤ ᠰᠢᠶᠠᠨ ᠲᠤᠭᠤᠷᠢᠬ ᠤᠨ ᠤᠯᠤᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠨᠢᠬᠡᠨᠳᠡ ᠵᠠᠯᠭ᠎ᠠ ᠪᠠᠷ ᠡᠬᠢᠯᠡᠵᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠡᠷᠭᠡᠪᠰᠢ ᠲᠦᠪ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠤᠨ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠦ᠂ ᠦᠵᠡᠯ ᠤᠬᠠᠮᠰᠠᠷ ᠢᠶᠠᠨ ᠲᠡᠭᠡᠭᠰᠢᠯᠡᠬᠦᠯᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠬᠤᠭᠤᠴᠠᠭ᠎ᠠ ᠰᠤᠯᠢᠬᠤ ᠠᠵᠢᠯ ᠤᠨ ᠤᠷᠤᠬᠰᠢᠳᠠᠢ ᠶᠡᠪᠤᠭᠳᠠᠬᠤ ᠶᠢ ᠪᠠᠳᠤᠯᠠᠵᠦ ᠂ ᠰᠢᠯᠢᠳᠡᠭ ᠪᠦᠳᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠯᠳᠡ ᠲᠠᠢ ᠬᠤᠷᠠᠯᠳᠤᠬᠤ ᠶᠢ ᠤᠬᠳᠤᠬᠤ ᠭᠡᠷᠡᠭᠳᠠᠢ ᠭᠡᠵᠦ ᠵᠢᠭᠠᠨ ᠭᠠᠷᠭᠠᠵᠠᠢ᠃      ᠬᠤᠳᠠ ᠶᠢᠨ ᠤᠳᠤᠷᠢᠳᠤᠯᠭ᠎ᠠ ᠯᠢᠦ ᠸᠠᠨ ᠬᠤ᠋᠂ ᠸᠠᠩ ᠬᠦᠸᠧ ᠰᠧᠨ᠂ ᠬᠤᠸᠠᠩ ᠬᠦᠸᠧ ᠸᠧᠨ᠂ ᠯᠢ ᠶᠠᠨ ᠷᠦ᠋ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠤᠯᠴᠠᠵᠠᠢ᠃
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号