ᠤᠡᠭᠨᠢᠭᠤᠳ ᠬᠤᠰᠢᠭᠤ ᠭᠠᠮᠰᠢᠭᠳᠠᠭᠰᠠᠨ ᠤ ᠳᠠᠷᠠᠭᠠᠬᠢ ᠳᠠᠬᠢᠨ ᠪᠠᠶᠢᠭᠤᠯᠬᠤ ᠠᠵᠢᠯ ᠢ ᠲᠡᠷᠢᠬᠦᠨ ᠪᠠᠶᠢᠷᠢᠨ ᠳᠤ ᠳᠠᠯᠪᠢᠬᠤ ᠪᠠᠷ ᠪᠤᠢ
ᠨᠡᠶᠢᠲᠡᠯᠡᠭᠰᠡᠨ ᠴᠠᠭ᠄
2017-09-19
    ᠨᠢᠭᠡ ᠰᠠᠷ᠎ᠠ ᠶᠢᠨ ᠡᠮᠦᠨ᠎ᠡ᠂ ᠤᠡᠭᠨᠢᠭᠤᠳ ᠬᠤᠰᠢᠭᠤᠨ ᠤ ᠮᠠᠭᠤ ᠱᠠᠩᠳᠠ ᠰᠢᠶᠠᠩ ᠤᠨ ᠱᠤᠤ ᠭᠦᠸᠧ ᠲᠤᠰᠬᠤᠨ ᠤ ᠰᠠᠨ ᠱᠧᠩ ᠬᠦᠩ ᠪᠠ ᠱᠠᠨ ᠽᠦᠢ ᠽᠢ ᠬᠤᠶᠠᠷ ᠲᠤᠰᠬᠤᠨ ᠲᠤᠭᠰᠢᠨ ᠪᠤᠷᠤᠭᠠᠨ᠂ ᠬᠤᠢ ᠰᠠᠯᠬᠢᠨ ᠤ ᠭᠠᠮᠰᠢᠭ ᠲᠤ ᠳᠠᠭᠠᠷᠢᠭᠳᠠᠪᠠ᠃     ᠨᠢᠭᠡ ᠰᠠᠷ᠎ᠠ ᠶᠢᠨ ᠳᠠᠷᠠᠭᠠᠬᠢ ᠦᠨᠦᠳᠦᠷ᠂ ᠭᠠᠮᠰᠢᠭ ᠲᠤ ᠳᠠᠭᠠᠷᠢᠭᠳᠠᠭᠰᠠᠨ ᠲᠤᠰᠬᠤᠨ ᠤ ᠠᠷᠠᠳ ᠶᠠᠭᠠᠷᠠᠯᠳᠠᠢ ᠪᠠᠷ ᠠᠵᠢᠯᠯᠠᠨ ᠬᠡᠷ ᠬᠦᠷᠢᠶ᠎ᠠ ᠪᠠᠨ ᠳᠠᠬᠢᠨ ᠰᠢᠨ᠎ᠠ ᠪᠠᠷ ᠪᠠᠶᠢᠭᠤᠯᠤᠨ ᠰᠢᠨ᠎ᠠ ᠠᠮᠢᠳᠤᠷᠠᠯ ᠢᠶᠠᠨ ᠴᠤᠭᠴᠠᠯᠠᠨ᠎ᠠ᠃     ᠰᠤᠷᠪᠤᠯᠵᠢᠯᠠᠭᠴᠢ ᠲᠤᠰᠬᠤᠨ ᠤ ᠠᠷᠠᠳ ᠶᠠᠩ ᠶᠦᠩ ᠤᠨ ᠬᠦᠷᠬᠦ ᠳᠤ᠂ ᠲᠡᠬᠦᠨ ᠤ ᠭᠡᠷ ᠪᠠᠶᠢᠰᠢᠩ ᠰᠢᠨ᠎ᠡ ᠲᠦᠷᠬᠦ ᠪᠠᠷ ᠰᠤᠯᠢᠭᠳᠠᠪᠠ᠃ ᠭᠠᠮᠰᠢᠭ ᠲᠤ ᠳᠡᠬᠦᠨ ᠤ ᠬᠡᠷ ᠪᠠ ᠳᠤᠰᠬᠤᠨ ᠤ ᠪᠤᠰᠤᠳ ᠠᠷᠠᠳ ᠤᠳ ᠤᠨ ᠬᠡᠷ ᠨᠢ ᠠᠳᠠᠯᠢ ᠪᠤᠰᠤ ᠬᠡᠮᠵᠢᠶ᠎ᠠ ᠪᠠᠷ ᠡᠪᠳᠡᠭᠳᠡᠭᠰᠡᠨ ᠢ ᠬᠠᠷᠠᠭᠰᠠᠨ ᠶᠠᠩ ᠶᠦᠩ ᠳᠤᠬᠠᠢ ᠶᠢᠨ ᠦᠶ᠎ᠠ ᠳᠤ ︽ᠤᠳᠤ ᠴᠤ ᠳᠠᠭᠤᠰᠤᠭᠰᠠᠨ ᠡ᠂ ᠭᠡᠷ ᠪᠠᠰᠠ ᠦᠬᠡᠢ ᠪᠤᠯᠴᠢᠬᠠᠯ᠎ᠠ ᠁︾ ᠬᠡᠵᠦ ᠪᠠᠴᠢᠮᠳᠠᠨ ᠭᠠᠴᠢᠭᠳᠠᠨᠰᠠᠨ ᠠᠴᠠ ᠪᠢᠰᠢ ᠭᠠᠮᠰᠢᠭ ᠡᠬᠦᠰᠦᠭᠰᠡᠨ ᠤ ᠳᠠᠷᠠᠭ᠎ᠠ ᠤᠡᠭᠨᠢᠭᠤᠳ ᠬᠤᠰᠢᠭᠤ ᠳᠠᠷᠦ᠋ᠢᠬᠠᠨ ᠪᠠᠴᠢᠮ ᠠᠷᠭᠠᠴᠠᠬᠤ ᠲᠦᠰᠦᠯ ᠲᠤᠭᠳᠠᠭᠠᠵᠤ ᠂ ᠭᠠᠮᠰᠢᠭᠳᠠᠭᠰᠠᠨ ᠤ ᠳᠠᠷᠠᠭᠠᠬᠢ ᠳᠠᠬᠢᠨ ᠪᠠᠶᠢᠭᠤᠯᠬᠤ ᠠᠵᠢᠯ ᠢ ᠲᠡᠷᠢᠬᠦᠨ ᠪᠠᠶᠢᠷᠢᠨ ᠳᠤ ᠳᠠᠯᠪᠢᠵᠦ᠂ ᠭᠠᠮᠰᠢᠭ ᠤᠨ ᠪᠠᠶᠢᠳᠠᠯ ᠢ ᠡᠷᠦᠬᠡ ᠳᠠᠷᠠᠭᠠᠯᠠᠨ ᠬᠠᠷᠭᠤᠭᠤᠯᠵᠤ᠂ ᠭᠠᠮᠰᠢᠭ ᠲᠤ ᠲᠠᠭᠠᠷᠢᠭᠳᠠᠭᠰᠠᠨ ᠤᠯᠠᠨ ᠲᠦᠮᠡᠨ ᠢ ᠲᠦᠪᠬᠢᠨᠢᠬᠦᠯᠦᠨ ᠠᠮᠤᠷ ᠲᠦᠪᠰᠢᠨ ᠭᠠᠵᠠᠷ ᠲᠤ ᠬᠦᠷᠭᠡᠬᠦ ᠶᠢᠨ ᠳᠠᠭᠠᠤ ᠲᠦᠯᠦᠪᠵᠢᠬᠦᠯᠬᠦ ᠲᠦᠰᠦᠯ ᠲᠤᠭᠳᠠᠭᠠᠵᠤ᠂ ᠳᠠᠬᠢᠨ ᠪᠠᠶᠢᠭᠤᠯᠤᠯᠳᠠ ᠶᠢᠨ ᠠᠵᠢᠯ ᠢ ᠢᠩᠬᠢᠵᠦ ᠶᠡᠭᠡ ᠴᠢᠬᠤᠯᠠᠴᠢᠯᠠᠨ ᠬᠢᠨ᠎ᠠ ᠬᠡᠰᠡᠨ ᠢ ᠪᠤᠳᠤᠵᠦ ᠪᠤᠯᠤᠭᠰᠠᠨ ᠦᠬᠡᠢ ᠪᠠᠶᠢᠯ᠎ᠠ ᠃ ᠤᠩᠨᠢᠭᠤᠳ ᠬᠤᠰᠢᠭᠤ ᠨᠢ ᠳᠠᠬᠢᠨ ᠪᠠᠶᠢᠭᠤᠯᠬᠤ ᠵᠢᠴᠢ ᠰᠠᠯᠪᠢᠨ ᠵᠠᠰᠠᠬᠤ ᠳᠤ ᠤᠷᠢᠳᠠᠪᠠᠷ ᠪᠠᠶᠢᠭᠤᠯᠤᠨ ᠳᠠᠬᠢᠨ ᠨᠦᠬᠦᠪᠦᠷᠢ ᠦᠭᠬᠦ᠂ ᠦᠪᠡᠷᠳᠡᠭᠡᠨ ᠪᠠᠷᠢᠬᠤ᠂ ᠨᠢᠭᠡᠳᠦᠯᠲᠡᠢ ᠰᠢᠯᠭᠠᠨ ᠬᠤᠷᠢᠶᠠᠬᠤ ᠠᠷᠭ᠎ᠠ ᠶᠢ ᠬᠡᠷᠡᠭᠵᠢᠬᠦᠯᠪᠡ᠃ ᠪᠠᠰᠠ ᠳᠤᠰᠬᠠᠢ ᠮᠡᠷᠭᠡᠵᠢᠯᠲᠡᠨ ᠤᠷᠢᠵᠦ ᠳᠠᠬᠢᠨ ᠪᠠᠶᠢᠭᠤᠯᠬᠤ ᠪᠤᠷᠤ ᠵᠢᠷᠤᠭ ᠢ ᠲᠦᠰᠦᠪᠯᠡᠬᠦᠯᠵᠤ᠂ ᠪᠠᠷᠢᠯᠭ᠎ᠠ ᠳᠤ ᠬᠡᠷᠡᠭᠯᠡᠬᠦ ᠮᠠᠲ᠋ᠧᠷᠢᠶᠠᠯ ᠵᠢᠴᠢ ᠪᠠᠷᠢᠯᠭ᠎ᠠ ᠶᠢᠨ ᠪᠠᠷᠢᠮᠵᠢᠶ᠎ᠠ ᠶᠢ ᠨᠡᠶᠢᠳᠡᠯᠡᠨ᠂ ᠭᠤᠷᠪᠠᠳᠤᠭᠠᠷ ᠡᠳᠡᠭᠡᠳ ᠤᠨ ᠬᠢᠨᠠᠨ ᠬᠠᠮᠢᠶᠠᠷᠤᠭᠴᠢ ᠶᠢ ᠤᠷᠢᠵᠤ᠂ ᠭᠠᠮᠰᠢᠭᠳᠠᠭᠰᠠᠨ ᠤ ᠳᠠᠷᠠᠭᠠᠬᠢ ᠳᠠᠬᠢᠨ ᠪᠠᠶᠢᠭᠤᠯᠬᠤ ᠠᠵᠢᠯ ᠤᠨ ᠪᠦᠬᠦ ᠶᠠᠪᠤᠴᠠ ᠳᠤ ᠬᠢᠨᠠᠯᠳᠠ ᠳᠠᠯᠪᠢᠨ ᠵᠢᠭᠠᠨ ᠵᠢᠯᠤᠭᠤᠳᠤᠯᠭ᠎ᠠ ᠬᠢᠵᠤ᠂ ᠳᠠᠬᠢᠨ ᠪᠠᠶᠢᠭᠤᠯᠬᠤ ᠭᠡᠷ ᠪᠠᠶᠢᠰᠢᠩ ᠤᠨ ᠶᠠᠰᠤ ᠴᠢᠨᠠᠷ ᠢ ᠪᠠᠲᠤᠯᠠᠨ᠂ ᠤᠯᠠᠨ ᠲᠦᠮᠡᠨ ᠢ ᠦᠨᠡᠨᠬᠦ ᠠᠮᠤᠷ ᠲᠦᠪᠰᠢᠨ ᠭᠡᠷ ᠪᠠᠶᠢᠰᠢᠩ ᠳᠤ ᠰᠠᠭᠤᠯᠭᠠᠬᠤ ᠪᠠᠷ ᠪᠤᠢ᠃      ᠤᠳᠤᠬᠠᠨ ᠳᠤ᠂ ᠭᠠᠮᠰᠢᠭᠳᠠᠭᠰᠠᠨ ᠤ ᠳᠠᠷᠠᠭᠠᠬᠢ ᠠᠵᠢᠯ ᠡᠮᠬᠢ ᠴᠡᠭᠴᠡ ᠲᠠᠢ ᠶᠠᠪᠤᠭᠳᠠᠵᠤ᠂ 10 ᠰᠠᠷ᠎ᠠ ᠶᠢᠨ ᠡᠬᠢ ᠪᠠᠷ ᠭᠠᠮᠰᠢᠭᠳᠠᠭᠰᠠᠨ ᠤᠷᠤᠨ ᠤ ᠭᠡᠷ ᠪᠠᠶᠢᠰᠢᠩ ᠢ ᠳᠠᠬᠢᠨ ᠪᠠᠶᠢᠭᠤᠯᠬᠤ ᠠᠵᠢᠯ ᠢ ᠦᠨᠳᠦᠰᠦᠨ ᠳᠡᠭᠡᠨ ᠳᠠᠭᠤᠰᠬᠠᠬᠤ ᠪᠠᠷ ᠪᠤᠢ᠃ 9 ᠰᠠᠷ᠎ᠠ ᠶᠢᠨ 12 ᠤᠨ ᠡᠳᠤᠷ ᠪᠤᠯᠳᠠᠯ᠎ᠠ᠂ ᠴᠡᠪᠡᠷᠯᠡᠨ ᠠᠷᠢᠯᠭᠠᠵᠤ ᠵᠦᠬᠡᠬᠡᠪᠦᠷᠢᠯᠡᠭᠰᠡᠨ ᠪᠠᠷᠢᠯᠭ᠎ᠠ ᠶᠢᠨ ᠬᠤᠭ ᠨᠤᠪᠰᠢ 76800 ᠪᠤᠰᠤᠭ᠎ᠠ ᠳᠦᠷᠪᠡᠯᠵᠢᠨ ᠮᠧᠲᠷ ᠬᠦ᠋ᠷᠴᠤ᠂ 2.1  ᠺᠢᠯᠤᠮᠧᠲᠷ ᠵᠠᠮ ᠢ ᠵᠠᠰᠠᠵᠤ᠂ ᠭᠠᠮᠰᠢᠭ ᠲᠤ ᠰᠦᠢᠳᠦᠭᠰᠡᠨ ᠲᠠᠷᠢᠮᠠᠯ ᠤᠨ ᠵᠦᠢᠯ ᠳᠤ 34.06 ᠲᠦᠮᠡᠨ ᠲᠦᠭᠦᠷᠢᠭ ᠤᠨ ᠲᠦᠯᠦᠪᠦᠷᠢ ᠤᠯᠭᠤᠪᠠ᠃ 18 D ᠳᠡᠰ ᠤᠨ ᠡᠷᠦᠬᠡ ᠶᠢᠨ ᠨᠤᠷᠠᠵᠤ ᠰᠦᠢᠷᠡᠭᠰᠡᠨ ᠭᠡᠷ ᠪᠠᠶᠢᠰᠢᠩ ᠤᠨ ᠳᠤᠮᠳᠠ ᠠᠴᠠ 12 ᠡᠷᠦᠬᠡ ᠨᠢᠭᠡᠨᠳᠡ ᠭᠤᠤᠯ ᠭᠡᠷ ᠤᠨ ᠸᠠᠭᠠᠷ ᠳᠠᠯᠪᠢᠵᠤ᠂ 3 ᠡᠷᠦᠬᠡ ᠳᠡᠭᠡᠪᠦᠷᠢ ᠭᠠᠷᠭᠠᠵᠤ᠂ ᠪᠤᠰᠤᠳ 3 ᠡᠷᠦᠭᠡ ᠳᠠᠬᠢᠨ ᠪᠠᠶᠢᠭᠤᠯᠬᠤ ᠶᠢ ᠲᠠᠶᠠᠭᠳᠠᠪᠠ᠃ 29 C ᠳᠡᠰ ᠤᠨ ᠭᠡᠷ ᠪᠠᠶᠢᠰᠢᠩ ᠤᠨ ᠭᠤᠤᠯ ᠭᠡᠷ ᠪᠦᠬᠦᠨ ᠢᠶᠠᠷ ᠢᠶᠠᠨ ᠸᠠᠭᠠᠷ ᠭᠠᠷᠭᠠᠵᠤ᠂ 18 ᠡᠷᠦᠬᠡ ᠶᠢᠨ ᠴᠢᠬᠢᠨ ᠭᠡᠷ ᠸᠠᠭᠠᠷ ᠭᠠᠷᠭᠠᠵᠤ᠂ 11 B ᠳᠡᠰ ᠤᠨ ᠭᠡᠷ ᠪᠠᠶᠢᠰᠢᠩ ᠤᠨ ᠭᠤᠤᠯ ᠭᠡᠷ᠂ ᠴᠢᠬᠢᠨ ᠭᠡᠷ ᠪᠠ ᠬᠡᠷᠡᠮ ᠵᠡᠷᠭᠡ ᠪᠦᠬᠦ᠋ᠢᠯᠡ ᠰᠡᠯᠪᠢᠨ ᠵᠠᠰᠠᠬᠤ ᠲᠦᠷᠦᠯ ᠵᠦᠢᠯ ᠢ ᠪᠦᠬᠦᠨ ᠢ ᠳᠠᠭᠤᠰᠬᠠᠨ᠂ C ᠳᠡᠰ B ᠳᠡᠰ ᠤᠨ ᠭᠡᠷ ᠪᠠᠶᠢᠰᠢᠩ ᠨᠢᠭᠡᠨᠳᠡ ᠪᠦᠬᠦᠨ ᠢᠶᠠᠷ ᠢᠶᠠᠨ ᠠᠰᠢᠭᠯᠠᠯᠳᠠ ᠳᠤ ᠤᠷᠤᠪᠠ᠃ ᠤᠷᠢᠳᠠᠪᠠᠷ ᠪᠠᠶᠢᠭᠤᠯᠵᠤ ᠳᠠᠬᠢᠨ ᠨᠦᠬᠦᠪᠦᠷᠢ ᠦᠭᠬᠦ ᠱᠠᠭᠠᠷᠳᠠᠯᠭ᠎ᠠ ᠶᠢ ᠦᠨᠳᠦᠰᠦᠯᠡᠵᠦ᠂ ᠭᠠᠮᠰᠢᠭᠳᠠᠭᠰᠠᠨ ᠡᠷᠦᠬᠡ ᠳᠤ ᠬᠠᠮᠤᠭ ᠲᠦᠷᠦᠬᠦᠦ 84.86 ᠲᠦᠮᠡᠨ ᠲᠦᠭᠦᠷᠢᠭ ᠤᠨ ᠨᠦᠬᠦᠪᠦᠷᠢ ᠮᠦᠡᠭᠭᠦ ᠲᠠᠷᠬᠠᠭᠠᠪᠠ᠃
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号