ᠬᠡᠯᠡ ᠪᠢᠴᠢᠭ ᠤᠨ ᠬᠢᠴᠢᠶᠡᠯ ᠵᠢᠭᠠᠬᠤ ᠳᠤ ᠰᠤᠷᠤᠭᠴᠢᠳ ᠤᠨ ᠤᠷᠮ᠎ᠠ ᠪᠠᠬ᠎ᠠ ᠶᠢ ᠬᠦᠭᠵᠢᠭᠡᠬᠦ ᠤᠷ᠎ᠡ ᠳᠡᠮ ᠤᠨ ᠲᠤᠬᠠᠢ
ᠨᠡᠶᠢᠲᠡᠯᠡᠭᠰᠡᠨ ᠴᠠᠭ᠄
2017/9/19
      ᠤᠷᠮ᠎ᠠ ᠪᠠᠬ᠎ᠠ ᠪᠤᠯ ᠡᠷᠳᠡᠮ ᠮᠡᠳᠡᠯᠭᠡ ᠰᠤᠷᠬᠤ ᠨᠦᠬᠦᠴᠡᠯ ᠤᠨ ᠴᠢᠬᠤᠯᠠ ᠨᠢᠭᠡ ᠭᠤᠭᠴᠤᠭ᠎ᠠ ᠪᠤᠯᠬᠤ ᠶᠤᠮ᠃ ᠬᠡᠷᠪᠡ ᠰᠤᠷᠤᠭᠴᠢᠳ ᠤᠷᠮ᠎ᠠ ᠪᠠᠬ ᠎ᠠ ᠲᠠᠢ ᠯᠡ ᠪᠤᠯ ᠰᠤᠷᠴᠤ ᠴᠢᠳᠠᠬᠤ ᠦᠭᠡᠢ ᠶᠠᠭᠤᠮ᠎ᠠ ᠭᠡᠵᠤ ᠪᠠᠶᠢᠳᠠᠭ ᠦᠭᠡᠢ ᠶᠤᠮ᠃ ᠳᠤᠤᠷ ᠎ᠠ ᠪᠢ ᠬᠡᠯᠡ ᠪᠢᠴᠢᠭ ᠤᠨ ᠬᠢᠴᠢᠶᠡᠯ ᠵᠢᠭᠠᠬᠤ ᠳᠤ ᠰᠤᠷᠤᠭᠴᠢᠳ ᠤᠨ ᠤᠷᠮ ᠎ᠠ ᠪᠠᠬ᠎ᠠ ᠶᠢ ᠬᠦᠭᠵᠢᠭᠡᠬᠦ ᠤᠷ᠎ᠠ ᠳᠡᠮ ᠤᠨ ᠲᠤᠬᠠᠢ ᠦᠪᠡᠷ ᠤᠨ ᠦᠵᠡᠯᠲᠡ ᠪᠠᠨ ᠳᠦᠬᠦᠮ ᠢᠶᠠᠷ ᠶᠠᠷᠢᠶ᠎ᠠ᠃     ᠬᠡᠯᠡ ᠪᠢᠴᠢᠭ ᠤᠨ ᠬᠢᠴᠢᠶᠡᠯ ᠪᠤᠯ ᠲᠦᠷᠦᠯ ᠪᠦᠷᠢ ᠶᠢᠨ ᠰᠢᠨᠵᠢᠯᠡᠬᠦ ᠤᠬᠠᠭᠠᠨ ᠤ ᠬᠢᠴᠢᠶᠡᠯ ᠢ ᠰᠤᠷᠴᠤ ᠡᠵᠡᠮᠰᠢᠬᠦ ᠶᠢᠨ ᠰᠠᠭᠤᠷᠢ ᠮᠦᠨ ᠪᠤᠯᠬᠤᠷ ᠬᠡᠯᠡ ᠪᠢᠴᠢᠭ ᠤᠨ ᠪᠠᠭᠰᠢ ᠪᠤᠯᠤᠭᠰᠠᠳ ᠬᠢᠴᠢᠶᠡᠯ ᠢᠶᠠᠨ ᠨᠠᠷᠢᠨ ᠬᠢᠨᠠᠮᠠᠭᠠᠢ ᠪᠡᠯᠡᠳᠬᠡᠵᠤ᠂ ᠴᠤᠭ ᠰᠦᠯᠳᠡ ᠲᠠᠢ ᠬᠢᠴᠢᠶᠡᠯᠯᠡᠬᠦ ᠮᠦᠷᠲᠡᠭᠡᠨ ᠳᠠᠭᠤᠨ ᠤ ᠦᠩᠭᠡ ᠨᠢ ᠢᠷᠠᠭᠤ ᠲᠤᠳᠤ᠂ ᠬᠡᠯᠡ ᠬᠡᠯᠡᠯᠭᠡ ᠨᠢ ᠱᠤᠭ ᠶᠦᠮᠦᠷᠯᠢᠭ᠂ ᠰᠠᠮᠪᠠᠷ᠎ᠡ ᠶᠢᠨ ᠪᠢᠴᠢᠯᠭᠡ ᠨᠢ ᠴᠡᠪᠡᠷ ᠲᠤᠳᠤ ᠪᠠᠶᠢᠵᠤ ᠰᠤᠷᠤᠭᠴᠢᠳ ᠤᠨ ᠠᠩᠬᠠᠷᠤᠯ ᠢ ᠲᠠᠳᠠᠵᠤ᠂ ᠬᠡᠯᠡ ᠪᠢᠴᠢᠭ ᠢ ᠤᠷᠮ᠎ᠠ ᠪᠠᠬ᠎ᠠ ᠲᠠᠢ ᠰᠤᠷᠬᠤ ᠳᠤ ᠤᠷᠢᠳᠠᠯ ᠨᠦᠬᠦᠴᠡᠯ ᠢ ᠪᠤᠢ ᠪᠤᠯᠭᠠᠬᠤ ᠬᠡᠷᠡᠭᠲᠡᠢ᠃      ᠬᠢᠴᠢᠶᠡᠯ ᠵᠢᠭᠠᠬᠤ ᠳᠠᠭᠠᠨ ᠨᠢᠭᠡ ᠬᠡᠪ ᠢᠶᠠᠷ ᠦᠭᠦᠮᠡᠯ ᠪᠠᠶᠢᠵᠤ᠂ ᠰᠤᠯᠠ ᠦᠭᠡ ᠠᠷᠪᠢᠨ ᠶᠠᠷᠢᠬᠤ ᠪᠤᠶᠤ ᠬᠡᠷᠡᠭ ᠦᠭᠡᠢ ᠶᠠᠭᠤᠮ᠎ᠠ ᠶᠢ ᠤᠯᠠᠨ ᠨᠤᠷᠰᠢᠵᠤ᠂ ᠬᠢᠴᠢᠶᠡᠯ ᠤᠨ ᠴᠠᠭ ᠢ ᠤᠷᠲᠤᠳᠬᠠᠵᠤ᠂ ᠰᠤᠷᠤᠭᠴᠢᠳ ᠢ ᠳᠤᠷ᠎ᠡ ᠦᠭᠡᠶᠢᠴᠡᠭᠦᠯᠵᠤ᠂ ᠰᠤᠷᠬᠤ ᠤᠷᠮ᠎ᠠ ᠦᠭᠡᠢ ᠪᠤᠯᠬᠤ ᠠᠴᠠ ᠪᠤᠯᠭᠤᠮᠵᠢᠯᠠᠬᠤ ᠬᠡᠷᠡᠭᠲᠡᠢ᠃ ᠢᠯᠠᠩᠭᠤᠶ᠎ᠡ ᠰᠤᠷᠤᠭᠴᠢᠳ ᠲᠤ ᠬᠡᠲᠦᠷᠬᠡᠢ ᠠᠷᠪᠢᠨ ᠳᠠᠰᠬᠠᠯ ᠦᠭᠬᠦ ᠪᠤᠶᠤ ᠰᠢᠯᠭᠠᠯᠲᠠ ᠳᠤ ᠬᠦᠴᠢᠷᠲᠠᠢ ᠰᠡᠳᠦᠪ ᠭᠠᠷᠭᠠᠵᠤ ᠯᠡ ᠪᠠᠶᠢᠪᠠᠯ ᠰᠤᠷᠤᠭᠴᠢᠳ ᠳᠠᠰᠬᠠᠯ᠂ ᠰᠢᠯᠭᠠᠯᠲᠠ ᠠᠴᠠ ᠬᠠᠯᠠᠰᠢᠷᠠᠵᠤ ᠰᠤᠷᠤᠯᠴᠠᠬᠤ ᠤᠷᠮ᠎ᠠ ᠵᠤᠷᠢᠭ ᠨᠢ ᠬᠤᠭᠤᠷᠠᠳᠠᠭ᠃ ᠡᠶᠢᠮᠦ ᠠᠴᠠ ᠳᠠᠰᠬᠠᠯ ᠢ ᠲᠤᠬᠢᠷᠠᠮᠵᠢᠲᠠᠢ ᠦᠯᠡᠳᠡᠭᠡᠵᠤ᠂ ᠰᠢᠯᠭᠠᠯᠲᠠ ᠶᠢᠨ ᠰᠡᠳᠦᠪ ᠢ ᠪᠦᠬᠦ ᠰᠤᠷᠤᠭᠴᠢᠳ ᠲᠤ ᠬᠠᠨᠳᠤᠭᠤᠯᠵᠤ ᠰᠤᠷᠤᠭᠴᠢᠳ ᠤᠨ ᠰᠤᠷᠤᠯᠴᠠᠬᠤ ᠤᠷᠮ ᠎ᠠ ᠪᠠᠬ᠎ᠠ ᠶᠢ ᠨᠢ ᠬᠦᠭᠵᠢᠭᠡᠵᠤ ᠰᠤᠷᠤᠯᠴᠠᠯᠭ᠎ᠠ ᠶᠢᠨ ᠵᠢᠩᠬᠢᠨᠢ ᠡᠵᠡᠨ ᠪᠤᠯᠭᠠᠵᠤ ᠴᠢᠳᠠᠭᠰᠠᠨ ᠪᠠᠶᠢᠬᠤ ᠬᠡᠷᠡᠭᠲᠡᠢ᠃      ᠶᠡᠷᠦ ᠶᠢᠨ ᠦᠭᠡᠨ ᠳᠤ ︽ᠠᠪᠤ ᠶᠢᠨ ᠬᠦᠦ ᠠᠳᠠᠯᠢ ᠦᠭᠡᠢ᠂ ᠠᠷᠪᠠᠨ ᠬᠤᠷᠤᠭᠤ ᠲᠡᠭᠰᠢ ᠦᠭᠡᠢ︾ ᠭᠡᠳᠡᠭᠴᠢᠯᠡᠨ ᠨᠢᠭᠡ ᠠᠩᠬᠢ ᠶᠢᠨ ᠰᠤᠷᠤᠭᠴᠢ ᠶᠢᠨ ᠵᠠᠩ ᠠᠭᠠᠯᠢ᠂ ᠰᠠᠨᠠᠭ᠎ᠠ ᠰᠡᠳᠬᠢᠴᠡ᠂ ᠰᠤᠷᠤᠯᠭ᠎ᠠ ᠶᠢᠨ ᠬᠢᠷᠢ ᠪᠦᠲᠦᠮᠵᠢ ᠠᠳᠠᠯᠢ ᠦᠭᠡᠢ ᠪᠠᠶᠢᠳᠠᠭ ᠪᠤᠯᠬᠤᠷ ᠪᠠᠭᠰᠢ ᠪᠤᠯᠤᠭᠰᠠᠳ ᠰᠤᠷᠤᠭᠴᠢ ᠨᠢᠭᠡᠪᠦᠷᠢ ᠶᠢ ᠤᠢᠢᠯᠠᠭᠠᠭᠰᠠᠨ ᠰᠠᠭᠤᠷᠢᠨ ᠳᠡᠭᠡᠷ᠎ᠡ ᠲᠡᠳᠡᠨ ᠤ ᠦᠪᠡᠷᠮᠢᠴᠡ ᠤᠨᠴᠠᠯᠢᠭ ᠢ ᠦᠨᠳᠦᠰᠦᠯᠡᠵᠤ᠂ ᠰᠤᠷᠤᠯᠴᠠᠬᠤ ᠤᠷᠮ᠎ᠠ ᠪᠠᠬ᠎ᠠ ᠶᠢ ᠨᠢ ᠬᠦᠭᠵᠢᠭᠡᠬᠦ ᠬᠡᠷᠡᠭᠲᠡᠢ᠃ ᠨᠢᠭᠡ ᠠᠩᠬᠢ ᠶᠢᠨ ᠰᠤᠷᠤᠭᠴᠢᠳ ᠠᠳᠠᠯᠢ ᠪᠤᠰᠤ ᠤᠨᠴᠠᠯᠢᠭ ᠲᠠᠢ ᠪᠠᠶᠢᠳᠠᠭ᠂ ᠨᠢᠭᠡ ᠰᠤᠷᠤᠭᠴᠢ ᠨᠢᠭᠡ ᠲᠠᠯ᠎ᠠ ᠪᠠᠷ ᠢᠶᠠᠨ ᠪᠤᠰᠤᠳ ᠠᠴᠠ ᠳᠠᠪᠠᠭ᠋ᠤ ᠪᠤᠯ ᠨᠦᠭᠦᠭᠡ ᠲᠠᠯ᠎ᠠ ᠪᠠᠷ ᠪᠠᠭᠤᠷᠠᠢ ᠪᠠᠶᠢᠵᠤ ᠮᠡᠳᠡᠨ᠎ᠡ᠃ ᠲᠦᠷᠦᠯ ᠪᠦᠷᠢ ᠶᠢᠨ ᠬᠢᠴᠢᠶᠡᠯ ᠳᠤ ᠴᠢᠨᠠᠭᠰᠢᠯᠠᠪᠠᠯ ᠨᠢᠭᠡ ᠲᠦᠷᠦᠯ ᠤᠨ ᠬᠢᠴᠢᠶᠡᠯ ᠳᠤ ᠴᠤ ᠰᠤᠷᠤᠭᠴᠢᠳ ᠤᠨ ᠤᠢᠢᠯᠠᠭᠠᠬᠤ ᠬᠦᠷᠢᠶ ᠎ᠡ ᠬᠡᠪᠴᠢᠶ᠎ᠡ ᠠᠳᠠᠯᠢ ᠦᠭᠡᠢ ᠪᠠᠶᠢᠳᠠᠭ᠃ ᠵᠢᠱᠢᠶᠡᠯᠡᠪᠡᠯ᠂ ᠵᠠᠷᠢᠮ ᠰᠤᠷᠤᠭᠴᠢ ᠤᠷᠤᠰᠤᠮ᠎ᠠ ᠰᠠᠶᠢᠬᠠᠨ ᠤᠷᠠᠨ ᠲᠤᠳᠤ ᠤᠩᠰᠢᠬᠤ ᠠᠪᠢᠶᠠᠰ ᠲᠠᠢ᠂ ᠵᠠᠷᠢᠮ ᠨᠢ ᠦᠯᠢᠭᠡᠷᠴᠢᠯᠡᠨ ᠶᠠᠷᠢᠬᠤ ᠳᠤᠷᠠᠲᠠᠢ᠂ ᠵᠠᠷᠢᠮ ᠨᠢ ᠵᠤᠬᠢᠶᠠᠨ ᠪᠢᠴᠢᠬᠦ ᠳᠤ ᠤᠷᠮ᠎ᠠ ᠪᠠᠬ ᠎ᠠ ᠲᠠᠢ᠂ ᠵᠤᠬᠢᠶᠠᠨ ᠪᠢᠴᠢᠬᠦ ᠳᠡᠭᠡᠨ ᠪᠠᠰᠠ ᠵᠠᠷᠢᠮ ᠨᠢ ᠰᠢᠯᠦᠭ ᠪᠢᠴᠢᠬᠦ ᠳᠤᠷᠠᠲᠠᠢ ᠂ ᠵᠠᠷᠢᠮ ᠨᠢ ᠨᠠᠶᠢᠷᠠᠭᠤᠯᠤᠯ ᠪᠤᠶᠤ ᠰᠤᠨᠢᠨ ᠮᠡᠳᠡᠭᠡᠯᠡᠯ ᠤᠨ ᠵᠤᠬᠢᠶᠠᠯ ᠪᠢᠴᠢᠬᠦ ᠲᠤᠷ ᠎ᠠ ᠪᠠᠬ᠎ᠠ ᠲᠠᠢ ᠲᠤᠯᠠ ᠪᠠᠭᠰᠢ ᠪᠤᠯᠤᠭᠰᠠᠳ ᠰᠤᠷᠤᠭᠴᠢᠳ ᠤᠨ ᠠᠳᠠᠯᠢ ᠪᠤᠰᠤ ᠳᠤᠷ᠎ᠠ ᠪᠠᠬ᠎ᠠ ᠶᠢᠨ ᠤᠨᠴᠠᠯᠢᠭ ᠢ ᠨᠢ ᠪᠠᠳᠠᠷᠠᠭᠤᠯᠬᠤ ᠬᠡᠷᠡᠭᠲᠡᠢ᠃ ᠬᠠᠷᠢᠨ ᠬᠠᠷ᠎ᠠ ᠠᠯᠪᠠ ᠪᠠᠷ ᠲᠡᠳᠡᠨ ᠢ ᠬᠠᠲᠠᠭᠤ ᠴᠢᠩᠭ᠎ᠠ ᠱᠠᠭᠠᠷᠳᠠᠵᠤ ᠪᠤᠯᠬᠤ ᠦᠭᠡᠢ᠃ ᠮᠠᠨ ᠤ ᠵᠠᠷᠢᠮ ᠪᠠᠭᠰᠢ ᠬᠢᠴᠢᠶᠡᠯ ᠤᠷᠤᠬᠤ ᠦᠶ᠎ᠡ ᠳᠡᠭᠡᠨ ᠴᠢᠷᠠᠢ ᠪᠠᠷᠦ᠋ᠢᠨ ᠨᠢᠳᠤ ᠡᠷᠡᠶᠢᠯᠭᠡᠵᠤ ᠰᠦᠷ ᠮᠠᠨᠳᠤᠭᠤᠯᠤᠨ ᠰᠤᠷᠤᠭᠴᠢᠳ ᠢ ᠠᠶᠤᠯᠭᠠᠵᠤ ᠪᠠᠶᠢᠭᠠᠳ ᠠᠩᠬᠠᠷᠤᠯ ᠢ ᠨᠢ ᠲᠠᠳᠠᠬᠤ ᠪᠠᠷ ᠤᠷᠤᠯᠳᠤᠳᠠᠭ᠃ ᠪᠠᠰᠠ ᠵᠠᠷᠢᠮ ᠨᠢ ᠰᠤᠷᠤᠭᠴᠢᠳ ᠤᠨ ᠡᠮᠵᠡᠭ ᠲᠠᠯ᠎ᠠ ᠶᠢ ᠯᠡ ᠪᠠᠷᠢᠵᠤ ᠠᠪᠤᠭᠠᠳ ᠡᠯᠳᠡᠪ ᠰᠤᠨᠢᠨ ᠢᠶᠠᠷ ᠱᠤᠭᠯᠠᠬᠤ ᠪᠤᠶᠤ ᠡᠰᠡᠭᠦᠯ᠎ᠡ ᠬᠢᠴᠢᠶᠡᠯ ᠠᠴᠠ ᠬᠦᠭᠡᠭᠡᠵᠤ ᠤᠯᠠᠨ ᠤ ᠡᠮᠦᠨ᠎ᠡ ᠨᠢᠭᠤᠷ ᠢ ᠨᠢ ᠪᠠᠷᠠᠵᠤ ᠨᠤᠮᠤᠬᠠᠷᠠᠭᠤᠯᠤᠨ ᠠᠪᠬᠤ ᠪᠠᠷ ᠤᠷᠤᠯᠳᠤᠳᠠᠭ ᠪᠠᠶᠢᠨ᠎ᠠ᠃ ᠡᠨᠡ ᠨᠢ ᠬᠠᠷᠢᠨ ᠰᠤᠷᠤᠭᠴᠢᠳ ᠤᠨ ᠠᠩᠬᠠᠷᠤᠯ ᠢ ᠨᠢ ᠲᠠᠳᠠᠬᠤ ᠪᠢᠰᠢ᠂ ᠬᠡᠳᠡᠷᠬᠦ ᠪᠠᠨ ᠡᠰᠡᠷᠭᠦᠴᠡᠯ ᠢ ᠨᠢ ᠤᠯᠵᠤ ᠦᠪᠡᠷ ᠤᠨ ᠨᠡᠷ᠎ᠡ ᠬᠦᠨᠳᠦ ᠪᠠᠨ ᠪᠠᠷᠠᠴᠢᠬᠠᠳᠠᠭ᠃      ᠰᠤᠷᠤᠭᠴᠢᠳ ᠶᠡᠷᠦᠳᠡᠭᠡᠨ ᠮᠠᠭᠲᠠᠭᠠᠯ ᠦᠭᠡᠨ ᠳᠤ ᠳᠤᠷᠠᠲᠠᠢ ᠪᠠᠶᠢᠳᠠᠭ ᠨᠢ ᠪᠦᠷ ᠲᠡᠳᠡᠨ ᠤ ᠲᠦᠷᠦᠯᠬᠢ ᠶᠢᠨ ᠤᠨᠴᠠᠯᠢᠭ ᠶᠤᠮ᠃ ᠢᠯᠠᠩᠭᠤᠶ᠎ᠡ ᠪᠠᠭ᠎ᠠ ᠰᠤᠷᠭᠠᠭᠤᠯᠢ ᠶᠢᠨ ᠰᠤᠷᠤᠭᠴᠢᠳ ᠢᠶᠠᠷ ᠠᠪᠴᠤ ᠬᠡᠯᠡᠪᠡᠯ ᠪᠠᠭᠰᠢ ᠶᠢᠨ ᠨᠢᠭᠡ ᠬᠠᠲᠠᠭᠤ ᠦᠭᠡ ᠪᠤᠶᠤ ᠨᠢᠭᠡ ᠰᠠᠶᠢᠨ ᠦᠭᠡ ᠨᠢ ᠪᠦᠷ ᠯᠡ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠬᠦ ᠪᠤᠯᠬᠤᠷ ᠪᠠᠭᠰᠢ ᠪᠤᠯᠤᠭᠰᠠᠳ ᠰᠤᠷᠤᠭᠴᠢᠳ ᠲᠠᠭᠠᠨ ᠠᠳᠠᠯᠢ ᠲᠡᠭᠰᠢ ᠪᠠᠷ ᠬᠠᠨᠳᠤᠵᠤ᠂ ᠲᠡᠳᠡᠨ ᠤ ᠨᠡᠷ᠎ᠡ ᠬᠦᠨᠳᠦ ᠶᠢ ᠬᠠᠮᠠᠭᠠᠯᠠᠪᠠᠯ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠦᠭᠵᠢᠭᠡᠵᠤ ᠴᠢᠳᠠᠬᠤ ᠶᠤᠮ᠃
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号