ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠰᠠᠯᠠᠭ᠎ᠠ ᠮᠦᠴᠢᠷ 5 ᠵᠢᠯ ᠲᠠᠷᠠᠭᠠᠯᠠᠨ ᠤᠷᠤᠯᠭ᠎ᠠ ᠵᠠᠷᠤᠯᠭ᠎ᠠ ᠶᠢᠨ ᠳᠠᠩᠰᠠ ᠪᠠᠨ ᠨᠡᠶᠢᠳᠡᠯᠡᠯ᠎ᠠ
ᠨᠡᠶᠢᠲᠡᠯᠡᠭᠰᠡᠨ ᠴᠠᠭ᠄
2017/9/20
      ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ 87 ᠰᠠᠯᠠᠭ᠎ᠠ ᠮᠦᠴᠢᠷ ᠤᠢᠢᠷ᠎ᠠ ᠳᠤ 2016 ᠤᠨ ᠤ ᠲᠦᠰᠦᠪ ᠢ ᠬᠦᠢᠴᠡᠳᠭᠡᠭᠰᠡᠨ ᠪᠠᠶᠢᠳᠠᠯ ᠵᠢᠴᠢ ︽ᠭᠤᠷᠪᠠᠨ ᠠᠯᠪᠠᠨ︾ ᠵᠠᠷᠤᠳᠠᠯ ᠤᠨ ᠲᠦᠰᠦᠪ ᠢ ᠬᠦᠢᠴᠡᠳᠭᠡᠭᠰᠡᠨ ᠪᠠᠶᠢᠳᠠᠯ ᠤᠨ ᠮᠡᠳᠡᠭᠡ ᠵᠠᠩᠬᠢ ᠶᠢ ᠨᠡᠶᠢᠭᠡᠮ ᠨᠡᠶᠢᠳᠡ ᠳᠤ ᠲᠦᠪᠯᠡᠷᠡᠭᠦᠯᠦᠨ ᠨᠡᠶᠢᠳᠡᠯᠡᠪᠡ᠃ ᠤᠢᠢᠯᠠᠭᠠᠭᠰᠠᠨ ᠢᠶᠠᠷ᠂ ᠡᠨᠡ ᠪᠤᠯ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠰᠠᠯᠠᠭ᠎ᠠ ᠮᠦᠴᠢᠷ ᠵᠠᠯᠭᠠᠪᠠᠷ ᠲᠠᠪᠤᠳᠠᠬᠢ ᠵᠢᠯ ᠤᠷᠤᠯᠭ᠎ᠠ ᠵᠠᠷᠤᠯᠭ᠎ᠠ ᠶᠢᠨ ᠳᠠᠩᠰᠠ ᠪᠠᠨ ᠤᠯᠠᠨ ᠳᠤ ᠨᠡᠶᠢᠳᠡᠯᠡᠵᠤ ᠪᠤᠢ᠃ ᠡᠨᠡ ᠵᠢᠯ ᠤᠨ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠰᠠᠯᠠᠭ᠎ᠠ ᠮᠦᠴᠢᠷ ᠤᠨ ᠲᠦᠰᠦᠪ ᠢ ᠭᠦᠢᠴᠡᠳᠬᠡᠭᠰᠡᠨ ᠪᠠᠶᠢᠳᠠᠯ ᠢ ᠢᠯᠡ ᠪᠤᠯᠭᠠᠬᠤ ᠠᠵᠢᠯ ᠤᠨ ᠭᠤᠤᠯᠳᠠᠯᠭ᠎ᠠ ᠪᠤᠯ᠂ ᠲᠦᠰᠦᠪ ᠢ ᠬᠦᠢᠴᠡᠳᠭᠡᠭᠰᠡᠨ ᠪᠠᠶᠢᠳᠠᠯ ᠢ ᠢᠯᠡ ᠪᠤᠯᠭᠠᠬᠤ ᠬᠡᠪᠴᠢᠶ᠎ᠡ ᠵᠢᠴᠢ ᠠᠭᠤᠯᠭ᠎ᠠ ᠶᠢᠨ ᠪᠦᠬᠦ ᠲᠠᠯ᠎ᠠ ᠶᠢᠨ᠂ ᠪᠦᠷᠢᠨ ᠲᠡᠬᠦᠯᠲᠡᠷ ᠪᠠᠶᠢᠬᠤ ᠶᠢ ᠦᠷᠬᠦᠯᠵᠢᠯᠡᠨ ᠪᠠᠲᠤᠯᠠᠬᠤ ᠪᠦᠭᠡᠳ ᠢᠯᠡ ᠪᠤᠯᠭᠠᠬᠤ ᠴᠠᠬ ᠬᠤᠭᠤᠴᠠᠭ᠎ᠠ ᠵᠢᠴᠢ ᠨᠢᠭᠡᠳᠦᠯᠲᠡᠢ ᠪᠠᠶᠢᠬᠤ ᠶᠢ ᠪᠠᠲᠤᠯᠠᠭᠰᠠᠨ ᠤᠷᠢᠳᠠᠯ ᠳᠤᠤᠷ᠎ᠠ᠂ ᠢᠯᠡ ᠪᠤᠯᠭᠠᠬᠤ ᠵᠢᠷᠤᠮᠵᠢᠯ ᠤᠨ ᠰᠢᠨᠵᠢ ᠶᠢ ᠬᠦᠴᠦᠯᠡᠨ ᠴᠢᠩᠭᠠᠳᠬᠠᠨ᠎ᠠ᠃ ᠶᠠᠭᠤᠨ ᠤ ᠤᠷᠢᠳ᠂ ᠢᠯᠡ ᠪᠤᠯᠭᠠᠬᠤ ᠮᠡᠳᠡᠭᠡ ᠵᠠᠩᠬᠢ ᠶᠢᠨ ᠠᠭᠤᠯᠭ᠎ᠠ ᠪᠠ ᠪᠦᠳᠦᠴᠡ ᠨᠡᠩ ᠵᠢᠷᠤᠮᠵᠢᠪᠠ᠃      ᠡᠨᠡ ᠵᠢᠯ ᠠᠴᠠ ᠡᠬᠢᠯᠡᠨ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠪᠤᠢ ᠪᠦᠬᠦᠢ ᠰᠠᠯᠠᠭ᠎ᠠ ᠮᠦᠴᠢᠷ ᠪᠠᠷᠢᠮᠵᠢᠶ᠎ᠠ ᠵᠠᠬᠪᠤᠷ ᠢ ᠦᠨᠳᠦᠰᠦᠯᠡᠨ ᠲᠦᠰᠦᠪ ᠢ ᠬᠦᠢᠴᠡᠳᠭᠡᠭᠰᠡᠨ ᠪᠠᠶᠢᠳᠠᠯ ᠤᠨ ᠮᠡᠳᠡᠭᠡ ᠵᠠᠩᠬᠢ ᠶᠢ ᠢᠯᠡ ᠪᠤᠯᠭᠠᠪᠠ᠂ ᠲᠡᠷᠡ ᠨᠢ ᠰᠠᠯᠠᠭ᠎ᠠ ᠮᠦᠴᠢᠷ ᠤᠨ ᠦᠨᠳᠦᠰᠦᠨ ᠪᠠᠶᠢᠳᠠᠯ᠂ ᠰᠠᠯᠠᠭ᠎ᠠ ᠮᠦᠴᠢᠷ ᠤᠨ ᠲᠦᠰᠦᠪ ᠢ ᠭᠦᠢᠴᠡᠳᠬᠡᠭᠰᠡᠨ ᠪᠠᠶᠢᠳᠠᠯ ᠤᠨ ᠳᠤᠳᠤᠷᠬᠠᠢᠢᠯᠠᠯᠲᠠ᠂ ᠨᠡᠷᠡᠰ ᠤᠨ ᠲᠠᠶᠢᠯᠪᠤᠷᠢ᠂ ᠲᠦᠰᠦᠪ ᠢ ᠭᠦᠢᠴᠡᠳᠬᠡᠭᠰᠡᠨ ᠪᠠᠶᠢᠳᠠᠯ ᠢ ᠢᠯᠡ ᠪᠤᠯᠭᠠᠬᠤ ᠬᠠᠷᠢᠯᠴᠠᠬᠤ ᠤᠲᠠᠰᠤ ᠵᠢᠴᠢ ᠮᠡᠳᠡᠭᠡ ᠵᠠᠩᠬᠢ ᠳᠤ ᠬᠠᠷᠢᠭᠤ ᠲᠤᠰᠬᠠᠬᠤ ᠠᠷᠭ᠎ᠠ ᠵᠠᠮ ᠪᠠ ᠲᠦᠰᠦᠪ ᠢ ᠭᠦᠢᠴᠡᠳᠬᠡᠭᠰᠡᠨ ᠪᠠᠶᠢᠳᠠᠯ ᠤᠨ ᠬᠦᠰᠦᠨᠦᠭᠲᠤ ᠵᠡᠷᠭᠡ ᠶᠢ ᠪᠠᠭᠲᠠᠭᠠᠵᠤ᠂ ᠲᠦᠷᠦᠯ ᠪᠤᠯᠭᠠᠨ ᠳᠤ ᠠᠯᠢ ᠤᠯᠠᠨ ᠵᠠᠳᠠᠯᠤᠨ ᠲᠤᠳᠤᠷᠬᠠᠢᠢᠯᠠᠬᠤ ᠵᠦᠢᠯᠡᠰ ᠢ ᠪᠠᠭᠲᠠᠭᠠᠪᠠ᠃ ᠵᠠᠳᠠᠯᠤᠨ ᠲᠤᠳᠤᠷᠬᠠᠢᠢᠯᠠᠬᠤ ᠵᠦᠢᠯᠡᠰ ᠨᠢ ᠴᠦᠮ ᠨᠢᠭᠡᠳᠦᠯᠲᠡᠢ ᠪᠠᠷᠢᠮᠵᠢᠶ᠎ᠠ ᠪᠥᠬᠦᠢ ᠠᠭᠤᠯᠭ᠎ᠠ ᠪᠠ ᠳᠡᠰ ᠳᠠᠷᠠᠭ᠎ᠠ ᠲᠠᠢ᠃ ᠡᠨᠡ ᠨᠢ ᠤᠯᠠᠨ ᠲᠦᠮᠡᠨ ᠤ ᠠᠩᠬᠠᠷᠴᠤ ᠪᠠᠶᠢᠭ᠎ᠠ ᠮᠡᠳᠡᠭᠡ ᠵᠠᠩᠬᠢ ᠪᠠᠨ ᠲᠦᠷᠬᠡᠨ ᠪᠠᠶᠢᠴᠠᠭᠠᠵᠤ ᠲᠡᠶᠢᠯᠬᠦ ᠪᠦᠬᠡᠳ ᠰᠠᠯᠠᠭ᠎ᠠ ᠮᠦᠴᠢᠷ ᠤᠨ ᠬᠤᠭᠤᠷᠤᠨᠳᠤᠬᠢ ᠬᠤᠯᠪᠤᠬᠳᠠᠯ ᠪᠦᠬᠦᠢ ᠲᠤᠭ᠎ᠠ ᠪᠠᠷᠢᠮᠳᠠ ᠶᠢᠨ ᠬᠠᠷᠢᠴᠠᠭᠤᠯᠤᠯ ᠬᠢᠬᠦ ᠳᠤ ᠲᠦᠬᠦᠮ ᠨᠦᠬᠦᠴᠡᠯ ᠬᠠᠩᠭᠠᠪᠠ᠃ ᠲᠠᠷᠠᠭ᠎ᠠ ᠨᠢ᠂ ᠢᠯᠠ ᠨᠡᠶᠢᠳᠡᠯᠡᠬᠦ ᠠᠷᠭ᠎ᠠ ᠵᠠᠮ ᠨᠡᠩ ᠤᠯᠠᠨ ᠡᠰᠢᠵᠢᠨ ᠵᠢᠷᠤᠮᠵᠢᠪᠠ᠃ ᠡᠨᠡ ᠵᠢᠯ ᠠᠴᠠ ᠡᠬᠢᠯᠠᠵᠤ᠂ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠢᠩᠬᠢᠮ ᠰᠦᠯᠵᠢᠶᠠᠨ ᠤ ᠦᠷᠳᠡᠬᠡᠨ ᠳᠡᠭᠡᠨ ᠲᠦᠰᠤᠪ ᠪᠤᠯᠤᠨ ᠲᠦᠰᠤᠪ ᠢ ᠬᠦᠢᠴᠡᠳᠭᠡᠭᠰᠡᠨ ᠪᠠᠶᠢᠳᠠᠯ ᠢ ᠢᠯᠠ ᠨᠡᠶᠢᠳᠡᠯᠡᠬᠦ ᠲᠤᠰᠬᠠᠢ ᠲᠠᠪᠴᠠᠩ ᠪᠠᠶᠢᠭᠤᠯᠵᠤ᠂ ᠪᠦᠬᠦ ᠤᠷᠤᠨ ᠤ ᠡᠯ᠎ᠠ ᠱᠠᠳᠤᠨ ᠤ ᠵᠠᠰᠠᠬ ᠤᠨ ᠤᠷᠳᠤᠨ ᠪᠤᠯᠤᠨ ᠰᠠᠯᠠᠭ᠎ᠠ ᠮᠦᠴᠢᠷ ᠤᠨ ᠲᠦᠰᠤᠪ᠂ ᠲᠦᠰᠤᠪ ᠢ ᠬᠦᠢᠴᠡᠳᠬᠡᠭᠰᠡᠨ ᠪᠠᠶᠢᠳᠠᠯ ᠤᠨ ᠮᠡᠳᠡᠭᠡ ᠵᠠᠩᠬᠢ ᠶᠢ ᠲᠦᠪᠯᠡᠷᠡᠬᠦᠯᠤᠨ᠂ ᠤᠷᠳᠤ ᠬᠤᠭᠤᠴᠠᠭ᠎ᠠ ᠢᠯᠠ ᠨᠡᠶᠢᠳᠡᠯᠡᠬᠦ ᠳᠤ ᠤᠢᠢᠯᠡᠴᠢᠯᠡᠪᠡ᠃ ᠲᠤᠰ ᠤᠳᠠᠭ᠎ᠠ ᠶᠢᠨ ᠨᠡᠶᠢᠳᠡᠯᠡᠭᠰᠡᠨ 87 ᠰᠠᠯᠠᠭ᠎ᠠ ᠮᠦᠴᠢᠷ ᠤᠨ 2016 ᠤᠨ ᠤ ᠲᠦᠰᠤᠪ ᠪᠤᠯᠤᠨ ᠲᠦᠰᠤᠪ ᠢ ᠬᠦᠢᠴᠡᠳᠭᠡᠭᠰᠡᠨ ᠪᠠᠶᠢᠳᠠᠯ ᠵᠢᠴᠢ ︽ᠭᠤᠷᠪᠠᠨ ᠠᠯᠪᠠᠨ︾ ᠵᠠᠷᠤᠳᠠᠯ ᠤᠨ ᠲᠦᠰᠤᠪ ᠪᠤᠯᠤᠨ ᠲᠦᠰᠤᠪ ᠢ ᠬᠦᠢᠴᠡᠳᠭᠡᠭᠰᠡᠨ ᠪᠠᠶᠢᠳᠠᠯ ᠤᠨ ᠮᠡᠳᠡᠭᠡ ᠵᠠᠩᠬᠢ ᠶᠢ ᠴᠦᠮ ᠲᠦᠰᠤᠪ ᠪᠤᠯᠤᠨ ᠲᠦᠰᠤᠪ ᠢ ᠬᠦᠢᠴᠡᠳᠭᠡᠭᠰᠡᠨ ᠪᠠᠶᠢᠳᠠᠯ ᠢ ᠢᠯᠠ ᠨᠡᠶᠢᠳᠡᠯᠡᠬᠦ ᠲᠠᠪᠴᠠᠩ ︵http᠄ //www.nmgcz.gov. cn︶ ᠢᠶᠠᠷ ᠲᠠᠮᠵᠢᠭᠤᠯᠵᠤ ᠪᠠᠶᠢᠴᠠᠭᠠᠨ ᠯᠠᠪᠯᠠᠵᠤ ᠪᠤᠯᠤᠨ᠎ᠠ᠃ ᠡᠬᠦᠨ ᠠᠴᠠ ᠭᠠᠳᠠᠨ᠎ᠠ᠂ ᠦᠪᠡᠷᠳᠡᠬᠡᠨ ᠵᠠᠰᠠᠬᠤ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠰᠦᠯᠵᠢᠶᠠᠨ ᠤ ᠦᠷᠳᠡᠬᠡᠨ ᠳᠤ ᠭᠠᠷᠴᠤ ᠲᠤᠰ ᠰᠠᠯᠠᠭ᠎ᠠ ᠮᠦᠴᠢᠷ ᠤᠨ ᠲᠦᠰᠤᠪ ᠪᠤᠯᠤᠨ ᠲᠦᠰᠤᠪ ᠢ ᠬᠦᠢᠴᠡᠳᠭᠡᠭᠰᠡᠨ ᠪᠠᠶᠢᠳᠠᠯ ᠢ ᠢᠯᠠ ᠪᠠᠷ ᠨᠡᠶᠢᠳᠡᠯᠡᠭᠰᠡᠨ ᠮᠡᠳᠡᠭᠡ ᠵᠠᠩᠬᠢ ᠶᠢ ᠪᠠᠶᠢᠴᠠᠭᠠᠨ ᠯᠠᠪᠯᠠᠵᠤ ᠪᠤᠯᠤᠨ᠎ᠠ᠃ ᠪᠦᠬᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ᠤ ᠲᠡᠰ ᠤᠨ ᠰᠠᠯᠠᠭ᠎ᠠ ᠮᠦᠴᠢᠷ ᠤᠨ ᠲᠦᠰᠤᠪ ᠪᠤᠯᠤᠨ ᠲᠦᠰᠤᠪ ᠢ ᠬᠦᠢᠴᠡᠳᠬᠡᠭᠰᠡᠨ ᠪᠠᠶᠢᠳᠠᠯ ᠢ ᠢᠯᠠ ᠪᠠᠷ ᠨᠡᠶᠢᠳᠡᠯᠡᠬᠦ ᠠᠵᠢᠯ ᠴᠤ ᠨᠢᠬᠡᠳᠤᠯᠳᠠᠢ ᠪᠠᠶᠢᠷᠢᠯᠠᠭᠤᠯᠤᠯᠳᠠ ᠪᠠᠨ ᠬᠦᠢᠴᠡᠳᠬᠡᠵᠤ᠂ ᠡᠯ᠎ᠠ ᠭᠠᠵᠠᠷ ᠤᠷᠤᠨ ᠤ ᠬᠢᠨ ᠲᠤᠬᠠᠢ ᠶᠢᠨ ᠭᠠᠵᠠᠷ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠤᠷᠠᠯᠳᠤᠬᠰᠠᠨ ᠪᠠᠶᠢᠳᠠᠯ ᠢ ᠦᠨᠳᠤᠰᠤᠯᠠᠵᠤ ᠬᠤᠯᠪᠤᠬᠳᠠᠯ ᠪᠦᠬᠦᠢ ᠠᠵᠢᠯ ᠢᠶᠠᠨ ᠵᠠᠯᠭᠠᠪᠠᠷ ᠨᠠᠶᠢᠳᠠᠪᠤᠷᠢᠵᠢᠭᠤᠯᠵᠤ ᠪᠠᠶᠢᠨ᠎ᠠ᠃ 11 ᠰᠠᠷ᠎ᠠ ᠠᠴᠠ ᠡᠮᠤᠨ᠎ᠠ᠂ ᠤᠯᠠᠨ ᠲᠦᠮᠡᠨ ᠡᠯ᠎ᠠ ᠠᠶᠢᠮᠠᠬ ᠬᠤᠳᠠ᠂ ᠬᠤᠰᠢᠭᠤ ᠰᠢᠶᠠᠨ ᠤ ᠵᠠᠰᠠᠬ ᠤᠨ ᠤᠷᠳᠤᠨ᠂ ᠡᠳ᠋ ᠤᠨ ᠵᠠᠰᠠᠬ ᠤᠨ ᠰᠠᠯᠠᠭ᠎ᠠ ᠮᠦᠴᠢᠷ ᠪᠤᠯᠤᠨ ᠲᠤᠰ ᠰᠠᠯᠠᠭ᠎ᠠ ᠮᠦᠴᠢᠷ ᠤᠨ ᠰᠦᠯᠵᠢᠶᠠᠨ ᠤ ᠦᠷᠳᠡᠭᠡ ᠪᠠᠷ ᠲᠠᠮᠵᠢᠭᠤᠯᠵᠤ ᠲᠤᠰ ᠭᠠᠵᠠᠷ ᠤᠷᠤᠨ ᠤ ᠪᠠᠨ ᠡᠯ᠎ᠠ ᠰᠠᠯᠠᠭ᠎ᠠ ᠮᠦᠴᠢᠷ ᠤᠨ ᠲᠦᠰᠤᠪ ᠪᠤᠯᠤᠨ ᠲᠦᠰᠤᠪ ᠢ ᠬᠦᠢᠴᠡᠳᠭᠡᠭᠰᠡᠨ ᠪᠠᠶᠢᠳᠠᠯ ᠢ ᠪᠠᠶᠢᠴᠠᠭᠠᠨ ᠯᠠᠪᠯᠠᠵᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号