ᠳᠦᠷᠦ ᠶᠢᠨ ᠶᠠᠪᠤᠲᠠᠯ ᠤᠨ ᠬᠤᠷᠢᠶᠠᠨ ᠤ ᠠᠯᠪᠠᠨ ᠳᠢᠩᠬᠢᠮ ︽ᠬᠤᠲᠠ ᠪᠠᠯᠭᠠᠰᠦᠨ ᠤ ᠬᠦᠮᠦᠨ ᠠᠮᠠ ᠨᠢᠬᠲᠠᠷᠠᠨ ᠳᠦᠪᠯᠡᠷᠡᠭᠰᠡᠨ ᠤᠷᠤᠨ ᠲᠤᠭᠤᠷᠢᠭ ᠲᠠᠬᠢ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠨᠡᠬᠦᠯᠭᠡᠨ ᠦᠭᠡᠷᠡᠴᠢᠯᠡᠬᠦ ᠲᠤᠬᠠᠢ ᠵᠢᠯᠤᠭᠤᠳᠬᠤ ᠰᠠᠨᠠᠯ︾ ᠢ ᠲᠠᠷᠤᠮᠠᠯᠯᠠᠨ ᠳᠠᠷᠬᠠᠭᠠᠪᠠ
ᠨᠡᠶᠢᠲᠡᠯᠡᠭᠰᠡᠨ ᠴᠠᠭ᠄
2017-09-20
     ᠳᠦᠷᠦ ᠶᠢᠨ ᠶᠠᠪᠤᠲᠠᠯ ᠤᠨ ᠬᠤᠷᠢᠶᠠᠨ ᠤ ᠠᠯᠪᠠᠨ ᠳᠢᠩᠬᠢᠮ ᠳᠦᠷᠦᠬᠦᠬᠡᠨ ︽ᠬᠤᠲᠠ ᠪᠠᠯᠭᠠᠰᠦᠨ ᠤ ᠬᠦᠮᠦᠨ ᠠᠮᠠ ᠨᠢᠬᠲᠠᠷᠠᠨ ᠳᠦᠪᠯᠡᠷᠡᠭᠰᠡᠨ ᠤᠷᠤᠨ ᠲᠤᠭᠤᠷᠢᠭ ᠲᠠᠬᠢ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠨᠡᠬᠦᠯᠭᠡᠨ ᠦᠭᠡᠷᠡᠴᠢᠯᠡᠬᠦ ᠲᠤᠬᠠᠢ ᠵᠢᠯᠤᠭᠤᠳᠬᠤ ᠰᠠᠨᠠᠯ︾ ᠢ ᠲᠠᠷᠤᠮᠠᠯᠯᠠᠨ ᠳᠠᠷᠬᠠᠭᠠᠪᠠ᠃      ︽ᠰᠠᠨᠠᠯ︾ ᠳᠤ᠂ ᠬᠤᠲᠠ ᠪᠠᠯᠭᠠᠰᠦᠨ ᠤ ᠬᠦᠮᠦᠨ ᠠᠮᠠ ᠨᠢᠬᠲᠠᠷᠠᠨ ᠳᠦᠪᠯᠡᠷᠡᠭᠰᠡᠨ ᠤᠷᠤᠨ ᠲᠤᠭᠤᠷᠢᠭ ᠲᠠᠬᠢ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠨᠡᠬᠦᠯᠭᠡᠨ ᠦᠭᠡᠷᠡᠴᠢᠯᠡᠬᠦ ᠪᠤᠯ ᠮᠠᠨ ᠤ ᠣᠯᠣᠰ ᠤᠨ ᠬᠤᠲᠠ ᠪᠠᠯᠭᠠᠰᠤᠵᠢᠯᠲᠠ ᠶᠢᠨ ᠳᠦᠷᠭᠡᠨ ᠬᠦᠭᠵᠢᠯᠲᠠ ᠳᠤ ᠵᠤᠬᠢᠴᠠᠭᠤᠯᠤᠨ᠂ ᠬᠤᠲᠠ ᠪᠠᠯᠭᠠᠰᠦᠨ ᠤ ᠬᠦᠮᠦᠨ ᠠᠮᠠ ᠨᠢᠬᠲᠠᠷᠠᠨ ᠳᠦᠪᠯᠡᠷᠡᠭᠰᠡᠨ ᠤᠷᠤᠨ ᠲᠤᠭᠤᠷᠢᠭ ᠤᠨ ᠠᠮᠤᠷ ᠳᠦᠪᠰᠢᠨ ᠪᠤᠯᠤᠨ ᠤᠷᠴᠢᠨ ᠠᠬᠤᠢ ᠶᠢᠨ ᠠᠶᠤᠯ ᠳᠦᠭᠰᠢᠬᠦᠷᠢ ᠶᠢ ᠲᠤᠷᠤᠭᠰᠢᠯᠠᠭᠤᠯᠬᠤ ᠴᠢᠬᠤᠯᠠ ᠠᠷᠭ᠎ᠠ ᠬᠡᠮᠵᠢᠶ᠎ᠠ ᠮᠥᠨ᠂ ᠡᠨᠡᠬᠦ ᠠᠵᠢᠯ ᠢ ᠬᠢᠬᠦ ᠨᠢ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠠᠮᠤᠷ ᠳᠦᠪᠰᠢᠨ ᠪᠤᠯᠤᠨ ᠡᠷᠡᠬᠦᠯ ᠬᠠᠮᠠᠭᠠᠯᠠᠯ ᠤᠨ ᠰᠡᠷᠭᠡᠶᠢᠯᠡᠨ ᠬᠤᠷᠢᠭᠯᠠᠬᠤ ᠵᠠᠢ ᠪᠠᠷᠢᠮᠵᠢᠶ᠎ᠠ ᠳᠤ ᠦᠯᠦ ᠬᠦᠷᠬᠦ ᠠᠰᠠᠭᠤᠲᠠᠯ ᠢ ᠰᠢᠢᠳᠪᠦᠷᠢᠯᠡᠬᠦ᠂ ᠠᠶᠤᠯᠲᠠᠢ ᠬᠢᠮᠢ ᠶᠢᠨ ᠪᠤᠲᠠᠰ ᠤᠨ ᠬᠦᠨᠳᠦ᠂ ᠤᠨᠴᠠ ᠬᠦᠨᠳᠦ ᠶᠡᠭᠡ ᠠᠳᠡᠯ ᠬᠡᠷᠡᠭ ᠢ ᠪᠦᠳᠦᠮᠵᠢᠲᠠᠢ ᠪᠠᠷ ᠬᠤᠷᠢᠬᠯᠠᠬᠤ ᠂ ᠠᠷᠠᠳ ᠤᠯᠠᠨ ᠤ ᠠᠮᠢ ᠨᠠᠰᠦ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠳᠤ ᠴᠢᠬᠤᠯᠠ ᠠᠴᠢ ᠬᠤᠯᠪᠤᠬᠲᠠᠯ ᠲᠠᠢ ᠶᠤᠮ᠃ 2025 ᠤᠨ ᠪᠤᠯᠲᠠᠯ᠎ᠠ᠂ ᠬᠤᠲᠠ ᠪᠠᠯᠭᠠᠰᠦᠨ ᠤ ᠬᠦᠮᠦᠨ ᠠᠮᠠ ᠨᠢᠬᠲᠠᠷᠠᠨ ᠳᠦᠪᠯᠡᠷᠡᠭᠰᠡᠨ ᠤᠷᠤᠨ ᠲᠤᠭᠤᠷᠢᠭ ᠲᠤ ᠪᠠᠶᠢᠭ᠎ᠠ ᠠᠮᠤᠷ ᠳᠦᠪᠰᠢᠨ ᠪᠤᠯᠤᠨ ᠡᠷᠡᠬᠦᠯ ᠬᠠᠮᠠᠭᠠᠯᠠᠯ ᠤᠨ ᠰᠡᠷᠭᠡᠶᠢᠯᠡᠨ ᠬᠤᠷᠢᠭᠯᠠᠬᠤ ᠵᠠᠢ ᠶᠢᠨ ᠱᠠᠭᠠᠷᠲᠠᠯᠭ᠎ᠠ ᠳᠤ ᠦᠯᠦ ᠨᠡᠶᠢᠴᠡᠬᠦ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠦᠭᠡᠷᠡᠴᠢᠯᠠᠨ ᠪᠠᠷᠢᠮᠵᠢᠶ᠎ᠠ ᠳᠤ ᠬᠦᠷᠭᠡᠵᠦ᠂ ᠵᠢᠷᠤᠮᠵᠢᠬᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠤᠷᠤᠭᠤᠯᠬᠤ ᠪᠤᠶᠤ ᠡᠬᠦᠲᠡ ᠶᠢ ᠨᠢ ᠬᠠᠭᠠᠯᠭᠠᠵᠤ᠂ ᠠᠵᠤ ᠠᠬᠤᠶᠢᠯᠠᠯ ᠤᠨ ᠠᠮᠤᠷ ᠳᠦᠪᠰᠢᠨ ᠪᠤᠯᠤᠨ ᠤᠷᠴᠢᠨ ᠠᠬᠤᠢ ᠶᠢᠨ ᠠᠶᠤᠯ ᠳᠦᠭᠰᠢᠬᠦᠷᠢ ᠶᠢ ᠶᠡᠭᠡᠪᠠᠷ ᠲᠤᠷᠤᠭᠰᠢᠯᠠᠭᠤᠯᠤᠨ᠎ᠠ ᠭᠡᠵᠤ ᠵᠢᠭᠠᠨ ᠭᠠᠷᠭᠠᠪᠠ᠃      ︽ᠰᠠᠨᠠᠯ︾ ᠳᠤ ᠵᠢᠷᠭᠤᠭᠠᠨ ᠵᠦᠢᠯ ᠤᠨ ᠭᠤᠤᠯᠲᠠᠯᠭ᠎ᠠ ᠲᠠᠢ ᠡᠬᠦᠷᠭᠡ ᠶᠢ ᠳᠤᠷᠠᠳᠴᠠᠢ᠃ ᠨᠢᠭᠡ ᠳᠤ᠂ ᠦᠨᠳᠦᠰᠦᠨ ᠪᠠᠶᠢᠲᠠᠯ ᠢ ᠤᠶᠢᠯᠠᠭᠠᠵᠤ ᠦᠨᠡᠯᠡᠨ ᠵᠢᠱᠢᠬᠦ ᠠᠵᠢᠯ ᠬᠢᠨ᠎ᠡ᠃ ᠡᠯ᠎ᠡ ᠱᠠᠳᠦᠨ ᠤ ᠠᠷᠠᠳ ᠤᠨ ᠵᠠᠰᠠᠭ ᠤᠨ ᠤᠷᠲᠤᠨ ᠪᠠᠶᠢᠴᠠᠭᠠᠬᠤ ᠠᠵᠢᠯ ᠬᠢᠵᠦ᠂ ᠬᠤᠲᠠ ᠪᠠᠯᠭᠠᠰᠦᠨ ᠤ ᠬᠦᠮᠦᠨ ᠠᠮᠠ ᠨᠢᠬᠲᠠᠷᠠᠨ ᠳᠦᠪᠯᠡᠷᠡᠭᠰᠡᠨ ᠤᠷᠤᠨ ᠲᠤᠭᠤᠷᠢᠭ ᠲᠠᠬᠢ ᠠᠮᠤᠷ ᠳᠦᠪᠰᠢᠨ ᠪᠤᠯᠤᠨ ᠡᠷᠡᠬᠦᠯ ᠬᠠᠮᠠᠭᠠᠯᠠᠯ ᠤᠨ ᠰᠡᠷᠭᠡᠶᠢᠯᠡᠨ ᠬᠤᠷᠢᠭᠯᠠᠬᠤ ᠵᠠᠢ ᠶᠢᠨ ᠱᠠᠭᠠᠷᠲᠠᠯᠭ᠎ᠠ ᠳᠤ ᠦᠯᠦ ᠨᠡᠶᠢᠴᠡᠬᠦ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠨᠢᠭᠡᠳ ᠨᠢᠭᠡ ᠪᠠᠷ ᠳᠠᠩᠰᠠᠯᠠᠵᠤ ᠪᠦᠷᠢᠳᠭᠡᠬᠦ ᠬᠡᠷᠡᠭᠲᠡᠢ᠃ ᠬᠤᠶᠠᠷ ᠲᠤ᠂ ᠨᠡᠬᠦᠯᠭᠡᠨ ᠦᠭᠡᠷᠡᠴᠢᠯᠡᠬᠦ ᠠᠵᠢᠯ ᠤᠨ ᠳᠦᠰᠦᠯ ᠵᠤᠬᠢᠶᠠᠨ᠎ᠠ᠃ ᠡᠯ᠎ᠡ ᠱᠠᠳᠦᠨ ᠤ ᠠᠷᠠᠳ ᠤᠨ ᠵᠠᠰᠠᠭ ᠤᠨ ᠤᠷᠲᠤᠨ ᠳᠤᠰ ᠭᠠᠵᠠᠷ ᠤᠷᠤᠨ ᠤ ᠪᠠᠨ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠨᠡᠬᠦᠯᠭᠡᠨ ᠦᠭᠡᠷᠡᠴᠢᠯᠡᠬᠦ ᠠᠵᠢᠯ ᠤᠨ ᠳᠦᠰᠦᠯ ᠢ ᠲᠤᠭᠲᠠᠭᠠᠵᠤ᠂ ᠬᠡᠷᠡᠭᠵᠢᠬᠦᠯᠬᠦ ᠠᠴᠠ ᠪᠠᠨ ᠡᠮᠦᠨ᠎ᠡ ᠨᠡᠶᠢᠭᠡᠮ ᠨᠡᠶᠢᠲᠡ ᠳᠤ ᠮᠡᠲᠡᠭᠲᠡᠨ᠎ᠡ᠃ ᠭᠤᠷᠪᠠ ᠳᠤ᠂ ᠨᠡᠬᠦᠯᠭᠡᠨ ᠦᠭᠡᠷᠡᠴᠢᠯᠡᠬᠦ ᠠᠵᠢᠯ ᠢ ᠵᠤᠬᠢᠶᠠᠨ ᠪᠠᠶᠢᠭᠤᠯᠵᠤ ᠬᠢᠨ᠎ᠡ᠃ ᠡᠯ᠎ᠡ ᠱᠠᠳᠦᠨ ᠤ ᠠᠷᠠᠳ ᠤᠨ ᠵᠠᠰᠠᠭ ᠤᠨ ᠣᠷᠲᠣᠨ ᠵᠤᠬᠢᠶᠠᠨ ᠪᠠᠶᠢᠭᠤᠯᠵᠤ ᠵᠤᠬᠢᠴᠠᠭᠤᠯᠬᠤ ᠪᠠᠨ ᠴᠢᠩᠭᠠᠳᠬᠠᠨ᠂ ᠨᠡᠬᠦᠯᠭᠡᠨ ᠦᠭᠡᠷᠡᠴᠢᠯᠡᠬᠦ ᠠᠵᠢᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠬᠦᠯᠬᠦ ᠨᠦᠯᠦᠭᠡ ᠶᠢ ᠠᠯᠢ ᠴᠢᠲᠠᠬᠤ ᠪᠠᠷ ᠪᠠᠭᠠᠰᠬᠠᠬᠤ ᠬᠡᠷᠡᠭᠳᠡᠢ᠃ ᠳᠦᠷᠪᠡ ᠳᠤ᠂ ᠨᠡᠬᠦᠯᠭᠡᠨ ᠦᠭᠡᠷᠡᠴᠢᠯᠡᠬᠦ ᠠᠵᠢᠯ ᠤᠨ ᠠᠮᠤᠷ ᠳᠦᠪᠰᠢᠨ ᠪᠤᠯᠤᠨ ᠤᠷᠴᠢᠨ ᠠᠬᠤᠢ ᠶᠢᠨ ᠬᠠᠮᠠᠭᠠᠯᠠᠯ ᠢ ᠴᠢᠩᠭᠠᠳᠬᠠᠨ᠎ᠠ᠃ ᠤᠷᠤᠨ ᠨᠤᠲᠤᠭ ᠤᠨ ᠡᠯ᠎ᠡ ᠱᠠᠳᠦᠨ ᠤ ᠵᠠᠰᠠᠭ ᠤᠨ ᠣᠷᠲᠣᠨ ᠳᠦᠷᠦᠯ ᠵᠦᠢᠯ ᠤᠨ ᠲᠤᠬᠠᠢ ᠬᠠᠮᠢᠶᠠᠷᠤᠯᠲᠠ ᠪᠠᠨ ᠴᠢᠩᠭᠠᠳᠬᠠᠵᠤ᠂ ᠨᠡᠬᠦᠯᠭᠡᠨ ᠦᠭᠡᠷᠡᠴᠢᠯᠡᠬᠦ ᠠᠵᠤ ᠠᠬᠤᠶᠢᠯᠠᠯ ᠤᠨ ᠤᠤᠯ ᠭᠠᠵᠠᠷ ᠲᠠᠭᠠᠨ ᠠᠶᠤᠯᠲᠠᠢ ᠬᠢᠮᠢ ᠶᠢᠨ ᠪᠤᠲᠠᠰ ᠤᠨ ᠳᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠠᠵᠤ ᠠᠬᠤᠶᠢᠯᠠᠯ ᠢ ᠰᠢᠪᠠᠲᠠᠨ ᠨᠡᠬᠦᠯᠭᠡᠨ ᠦᠭᠡᠷᠡᠴᠢᠯᠡᠬᠦ ᠳᠦᠷᠦᠯ ᠵᠦᠢᠯ ᠤᠨ ᠠᠮᠤᠷ ᠳᠦᠪᠰᠢᠨ ᠪᠤᠯᠤᠨ ᠤᠷᠴᠢᠨ ᠠᠬᠤᠢ ᠶᠢᠨ ᠨᠦᠯᠦᠭᠡᠯᠡᠯ ᠤᠨ ᠳᠤᠬᠠᠢ ᠦᠨᠡᠯᠡᠯᠲᠡ ᠬᠢᠯᠭᠡᠬᠦ ᠬᠡᠷᠡᠭᠳᠡᠢ᠃ ᠳᠠᠪᠤ ᠳᠤ᠂ ᠡᠯ᠎ᠡ ᠳᠦᠷᠦᠯ ᠤᠨ ᠠᠶᠤᠯ ᠳᠦᠭᠰᠢᠬᠦᠷᠢ ᠶᠢᠨ ᠠᠰᠠᠭᠤᠲᠠᠯ ᠢ ᠳᠤᠬᠢᠲᠠᠢ ᠰᠢᠢᠳᠪᠦᠷᠢᠯᠡᠬᠦ ᠬᠡᠷᠡᠭᠲᠡᠢ᠃ ᠨᠡᠬᠦᠯᠭᠡᠨ ᠦᠭᠡᠷᠡᠴᠢᠯᠡᠬᠦ ᠶᠢᠨ ᠬᠠᠷᠠᠭ᠎ᠠ ᠪᠠᠷ ᠭᠠᠷᠬᠤ ᠠᠵᠢᠯᠲᠠᠨ ᠠᠵᠢᠯᠴᠢᠨ ᠢ ᠰᠠᠯᠭᠠᠨ ᠳᠦᠪᠬᠢᠨᠡᠬᠦᠯᠬᠦ ᠠᠰᠠᠭᠤᠲᠠᠯ ᠢ ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ ᠲᠤᠭᠲᠠᠭᠤᠨ ᠪᠠᠶᠢᠲᠠᠯ ᠤᠨ ᠠᠶᠤᠯ ᠳᠦᠭᠰᠢᠬᠦᠷᠢ ᠶᠢᠨ ᠲᠤᠬᠠᠢ ᠦᠨᠡᠯᠡᠨ ᠵᠢᠱᠢᠯᠲᠠ ᠶᠢ ᠬᠢᠨᠠᠮᠠᠭᠠᠢ ᠬᠢᠬᠦ ᠬᠡᠷᠡᠭᠳᠡᠢ᠃ ᠵᠢᠷᠭᠤᠭ᠎ᠠ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠠᠰ ᠲᠡᠪᠰᠢᠬᠦ ᠶᠢ ᠠᠬᠢᠭᠤᠯᠤᠨ᠎ᠠ᠃ ᠠᠵᠢᠯ ᠳᠦᠷᠦᠯ ᠤᠨ ᠳᠦᠯᠦᠪᠵᠢᠬᠦᠯᠭᠡ ᠪᠠ ᠠᠵᠤ ᠦᠢᠯᠡᠰ ᠤᠨ ᠳᠦᠷᠦ ᠶᠢᠨ ᠪᠤᠲᠤᠯᠭ᠎ᠠ ᠶᠢᠨ ᠵᠢᠯᠤᠭᠤᠳᠬᠤ ᠦᠢᠯᠡᠳᠦᠯ ᠢ ᠭᠦᠢᠴᠠᠳ ᠪᠠᠲᠠᠷᠠᠭᠤᠯᠵᠤ᠂ ᠨᠡᠬᠦᠯᠭᠡᠨ ᠦᠭᠡᠷᠡᠴᠢᠯᠡᠬᠦ ᠠᠵᠢᠯ ᠢ ᠨᠡᠶᠢᠯᠡᠬᠦᠯᠵᠦ ᠲᠠᠬᠢᠨ ᠪᠠᠶᠢᠭᠤᠯᠬᠤ᠂ ᠬᠤᠴᠤᠷᠤᠩᠭᠤᠢ ᠦᠢᠯᠡᠳᠪᠦᠷᠢᠯᠡᠬᠦ ᠴᠢᠲᠠᠪᠤᠷᠢ ᠶᠢ ᠰᠢᠭᠰᠢᠭᠳᠡᠬᠦᠯᠬᠦ᠂ ᠦᠢᠯᠡᠳᠪᠦᠷᠢᠯᠡᠬᠦ ᠶᠠᠪᠤᠴᠠ ᠶᠢ ᠲᠠᠬᠢᠨ ᠪᠠᠶᠢᠷᠢᠰᠢᠭᠤᠯᠬᠤ᠂ ᠪᠦᠳᠦᠴᠠ ᠶᠢ ᠲᠤᠬᠢᠷᠠᠭᠤᠯᠬᠤ᠂ ᠨᠠᠷᠠᠲᠤ ᠲᠡᠮᠳᠡᠭ ᠪᠤᠢ ᠪᠤᠯᠭᠠᠬᠤ ᠲᠠᠢ ᠤᠷᠭᠠᠨᠢᠭ ᠢᠶᠠᠷ ᠤᠶᠠᠯᠳᠤᠭᠤᠯᠤᠨ᠂ ᠠᠵᠤ ᠠᠬᠤᠶᠢᠯᠠᠯ ᠤᠨ ᠵᠠᠬ᠎ᠠ ᠲᠡᠯᠬᠡᠬᠦᠷ ᠲᠡᠭᠡᠷ᠎ᠡ ᠦᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃                                 ︽ᠠᠷᠠᠳ ᠤᠨ ᠰᠦᠯᠵᠢᠶ ᠎ᠠ︾ ᠠᠴᠠ
 
ᠢᠷᠡᠯᠲᠡ᠄ ᠣᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号