ᠤᠯᠠᠭᠠᠠᠬᠠᠳᠠ ᠬᠤᠳᠠ ᠶᠠᠳᠠᠭᠤ ᠬᠦᠴᠢᠷᠳᠡᠯᠳᠠᠢ ᠣᠯᠠᠨ ᠲᠦᠮᠡᠨ ᠤ ︽ᠡᠷᠡᠭᠦᠯ ᠮᠡᠨᠳᠤ ᠶᠢᠨ ᠬᠤᠷᠢᠭ᠎ᠠ ᠱᠣᠭᠤᠮ︾ ᠢ ᠪᠠᠳᠣ ᠰᠠᠬᠢᠨ᠎ᠠ
ᠨᠡᠶᠢᠲᠡᠯᠡᠭᠰᠡᠨ ᠴᠠᠭ᠄
2017/9/21
      ᠣᠯᠠᠭᠠᠨᠬᠠᠳᠠ ᠬᠤᠳᠠ ᠡᠷᠡᠭᠦᠯ ᠮᠠᠨᠳᠤ ᠪᠠᠷ ᠶᠠᠳᠠᠭᠤ ᠶᠢ ᠳᠡᠳᠭᠦᠬᠦ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠨ ᠠᠳᠬᠤᠵᠣ᠂ ᠣᠨᠣᠪᠴᠢᠳᠠᠢ ᠠᠷᠭ᠎ᠠ ᠪᠣᠳᠣᠯᠭ᠎ᠠ ᠶᠢ ᠬᠡᠷᠡᠭᠵᠢᠬᠦᠯᠦᠨ ᠡᠮ ᠡᠮᠨᠡᠯᠭᠡ ᠶᠢᠨ ᠪᠠᠳᠣᠯᠠᠪᠣᠷᠢ ᠶᠢᠨ ᠰᠢᠰᠲ᠋ᠧᠮ ᠢ ᠪᠠᠶᠢᠭᠤᠯᠣᠨ ᠳᠡᠭᠦᠯᠳᠡᠷᠵᠢᠭᠦᠯᠵᠦ᠂ ᠶᠠᠳᠠᠭᠤ ᠬᠦᠴᠢᠷᠳᠡᠯᠳᠠᠢ ᠣᠯᠠᠨ ᠲᠦᠮᠡᠨ ᠤ ᠡᠷᠡᠭᠦᠯ ᠮᠠᠨᠳᠤ ᠳᠤ ᠴᠢᠩᠭ᠎ᠠ ᠬᠦᠴᠦᠳᠡᠢ ᠪᠠᠳᠣᠯᠠᠭ᠎ᠠ ᠬᠠᠩᠭᠠᠪᠠ᠃       ᠤᠳᠤᠬᠠᠨ ᠳᠤ ᠤᠯᠠᠭᠠᠠᠬᠠᠳᠠ ᠬᠤᠳᠠ ᠶᠢᠨ 18.8 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠤᠳᠤᠷ᠎ᠠ ᠡᠪᠡᠳᠴᠢᠨ ᠠᠴᠠ ᠪᠤᠯᠵᠤ ᠶᠠᠳᠠᠭᠤᠷᠠᠭᠰᠠᠨ ᠪᠣᠶᠣ ᠲᠠᠬᠢᠨ ᠶᠠᠳᠠᠭᠤᠷᠠᠬᠰᠠᠨ ᠬᠦᠮᠦᠨ ᠠᠮᠠ ᠪᠠᠷᠤᠬ 9 ᠲᠦᠮᠡ ᠭᠠᠷᠤᠢ ᠪᠠᠶᠢᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠢᠨᠢ 47% ᠢ ᠡᠵᠡᠯᠡᠵᠦ ᠪᠣᠢ᠃ ᠡᠨᠡᠬᠦ ᠠᠬᠤᠢᠢᠴᠢ ᠮᠦᠷᠳᠡᠭᠡᠨ ᠳᠣᠯᠭᠠᠮ᠎ᠠ ᠶᠠᠳᠠᠭᠤ ᠶᠢ ᠳᠡᠳᠭᠦᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠡᠨᠡᠬᠦ ︽ᠶᠠᠳᠠᠭᠤ ᠶᠢᠨ ᠦᠨᠳᠦᠰᠦ︾ ᠶᠢ ᠲᠦᠢᠯᠪᠣᠷᠢᠳᠠᠢ ᠠᠷᠢᠯᠭᠠᠬᠤ ᠶᠢᠨ ᠲᠦᠯᠦᠭᠡ᠂ ᠳᠣᠰ ᠬᠤᠳᠠ 2016 ᠣᠨ ᠤ 6 ᠰᠠᠷ᠎ᠠ ᠳᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠪᠡᠳᠴᠢᠨ ᠠᠴᠠ ᠪᠤᠯᠵᠤ ᠶᠠᠳᠠᠭᠤᠷᠠᠭᠰᠠᠨ ᠪᠣᠶᠣ ᠲᠠᠬᠢᠨ ᠶᠠᠳᠠᠭᠤᠷᠠᠬᠰᠠᠨ ᠪᠠᠶᠢᠳᠠᠯ ᠢ ᠪᠠᠶᠢᠴᠠᠭᠠᠬᠤ ᠪᠠ ᠲᠠᠩᠰᠠ ᠡᠪᠬᠡᠮᠡᠯ ᠪᠠᠶᠢᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ ᠳᠣᠬᠠᠢ ᠶᠢᠨ ᠲᠠᠯᠠᠪᠠᠢ ᠳᠤᠨᠢ ᠪᠠᠶᠢᠴᠠᠭᠠᠨ ᠬᠠᠷᠭᠤᠭᠤᠯᠬᠤ ᠪᠠᠷ ᠲᠠᠮᠵᠢᠨ ᠡᠪᠡᠳᠴᠢᠨ ᠠᠴᠠ ᠪᠤᠯᠵᠤ ᠶᠠᠳᠠᠭᠤᠷᠠᠭᠰᠠᠨ ᠪᠣᠶᠣ ᠲᠠᠬᠢᠨ ᠶᠠᠳᠠᠭᠤᠷᠠᠬᠰᠠᠨ ᠬᠦᠮᠦᠨ 99262 ᠪᠠᠶᠢᠬᠤ ᠶᠢ ᠲᠤᠳᠤᠯᠠᠵᠤ᠂ ᠰᠢᠭᠰᠢᠨ ᠪᠠᠶᠢᠴᠠᠭᠠᠬᠤ ᠪᠠᠷ ᠲᠠᠮᠵᠢᠨ ᠡᠪᠡᠳᠴᠢᠨ ᠳᠤ ᠨᠡᠷᠪᠡᠭᠳᠡᠭᠰᠡᠨ ᠬᠦᠮᠦᠨ 57950 ᠪᠠᠶᠢᠬᠤ ᠶᠢ ᠲᠤᠳᠤᠯᠠᠵᠦ᠂ ᠡᠷᠡᠭᠦᠯ ᠮᠠᠡᠳᠤ ᠪᠠᠷ ᠶᠠᠳᠠᠭᠤ ᠶᠢ ᠳᠡᠳᠭᠦᠬᠦ ᠳᠠᠩᠰᠠ ᠡᠪᠬᠡᠮᠡᠯ ᠪᠠᠶᠢᠭᠤᠯᠣᠨ ᠦᠭᠴᠡᠢ᠃ ᠳᠡᠳᠡᠨᠡᠷ ᠤᠨ ᠡᠪᠡᠳᠴᠢᠨ ᠦᠵᠡᠭᠦᠯᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠳᠣᠰ ᠬᠤᠳᠠ ᠲᠦᠷᠦ ᠶᠢᠨ ᠪᠣᠳᠣᠯᠭ᠎ᠠ ᠶᠢᠨ ᠳᠣᠭᠳᠠᠭᠠᠯ ᠳᠤ ᠨᠡᠶᠢᠴᠡᠬᠦ ᠳᠠᠩᠰᠠ ᠡᠪᠬᠡᠮᠡᠯ ᠪᠠᠶᠢᠭᠤᠯᠣᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠬᠤᠳᠠ ᠬᠦᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠬᠤ ᠵᠠᠷᠣᠳᠠᠯ ᠤᠨ ᠬᠤᠪᠢ ᠬᠦᠮᠦᠨ ᠤ ᠳᠣᠰᠢᠶᠠᠬᠤ ᠬᠡᠰᠡᠭ ᠢ ᠨᠢ ᠬᠤᠰᠢᠭᠤ ᠰᠢᠶᠠᠨ ᠳᠣᠭᠤᠷᠢᠭ ᠤᠨ ᠡᠳ᠋ ᠤᠨ ᠵᠠᠰᠠᠭ ᠠᠴᠠ ᠣᠷᠣᠯᠠᠨ ᠳᠣᠰᠢᠶᠠᠨ ᠦᠭᠬᠦ ᠶᠢᠨ ᠬᠠᠮᠳᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠮᠠᠯᠵᠢᠬᠤ ᠳᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠤᠷᠰᠢᠬᠰᠠᠨ ᠡᠮᠨᠡᠯᠬᠡ ᠶᠢᠨ ᠡᠬᠢᠯᠡᠨ ᠰᠦᠢᠳᠭᠡᠯ ᠲᠤᠰᠢᠶᠠᠬᠤ ᠪᠠᠷᠢᠮᠵᠢᠶ᠎ᠠ ᠶᠢ 50% ᠪᠠᠭᠤᠷᠠᠭᠤᠯᠵᠤ᠂ ᠲᠠᠩᠰᠠᠨ ᠠᠴᠠ ᠲᠠᠶᠢᠯᠬᠤ ᠬᠠᠷᠢᠴᠠᠯ ᠢ ᠨᠢ ᠵᠠᠭᠤᠨ ᠤ ᠬᠠᠷᠢᠴᠠᠯ ᠢᠶᠠᠷ 10 ᠬᠤᠪᠢ ᠲᠡᠭᠡᠭᠰᠢᠯᠡᠬᠦᠯᠦᠨ ᠬᠦᠨᠳᠦ ᠡᠪᠡᠳᠴᠢᠨ ᠤ ᠲᠠᠭᠠᠳᠬᠠᠯ ᠤᠨ ᠡᠬᠢᠯᠡᠨ ᠰᠦᠢᠳᠭᠡᠯ ᠲᠤᠰᠢᠶᠠᠬᠤ ᠪᠠᠷᠢᠮᠵᠢᠶ᠎ᠠ ᠶᠢ 50% ᠪᠠᠭᠤᠷᠠᠭᠤᠯᠵᠤ᠂ ᠬᠡᠰᠡᠭ ᠬᠤᠪᠢᠶᠠᠨ ᠲᠠᠩᠰᠠᠨ ᠠᠴᠠ ᠲᠠᠶᠢᠯᠬᠤ ᠬᠠᠷᠢᠴᠠᠯ ᠪᠦᠷᠢ ᠶᠢ ᠨᠢ ᠵᠠᠭᠤᠨ ᠤ ᠬᠠᠷᠢᠴᠠᠯ ᠢᠶᠠᠷ 5 ᠬᠤᠪᠢ ᠲᠡᠭᠡᠭᠰᠢᠯᠡᠬᠦᠯᠵᠦ᠂ ᠵᠢᠯ ᠤᠨ ᠳᠣᠳᠣᠷ᠎ᠠ ᠳᠠᠬᠢᠨ ᠡᠮᠨᠡᠯᠭᠡ ᠳᠤ ᠰᠠᠭᠤᠨ ᠡᠮᠨᠡᠭᠦᠯᠦᠭᠰᠡᠨ ᠪᠠᠶᠢᠪᠠᠯ ᠡᠬᠢᠯᠡᠨ ᠰᠦᠢᠳᠭᠡᠯ ᠳᠣᠰᠢᠶᠠᠬᠤ ᠪᠠᠷᠢᠮᠵᠢᠶ᠎ᠠ ᠶᠢ ᠨᠢ ᠦᠭᠡᠢ ᠪᠣᠯᠭᠠᠪᠠ᠃ ᠡᠭᠦᠨ ᠤ ᠰᠠᠭᠤᠷᠢᠨ ᠳᠡᠭᠡᠷ᠎ᠡ᠂ ᠮᠠᠯᠵᠢᠬᠤ ᠳᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠬᠦᠨᠳᠦ ᠡᠪᠡᠳᠴᠢᠨ ᠤ ᠳᠠᠭᠠᠳᠬᠠᠯ ᠪᠤᠯᠤᠨ ᠡᠮ ᠡᠮᠨᠡᠯᠭᠡ ᠶᠢᠨ ᠠᠪᠣᠷᠠᠨ ᠳᠣᠰᠠᠯᠠᠬᠤ ᠶᠢ ᠪᠦᠳᠦᠮᠵᠢᠳᠡᠢ ᠵᠣᠯᠭᠠᠭᠤᠯᠵᠣ᠂ ᠡᠮ ᠡᠮᠨᠡᠯᠭᠡ ᠶᠢᠨ ᠪᠠᠶᠢᠭᠤᠯᠣᠮᠵᠢ ᠶᠢᠨ ᠳᠠᠩᠰᠠᠨ ᠠᠴᠠ ᠳᠠᠶᠢᠯᠬᠤ ᠴᠣᠩᠬᠤᠪᠴᠢ ᠳᠤ ᠨᠢᠭᠡ ᠦᠷᠳᠡᠭᠡᠴᠢᠯᠡᠨ ᠰᠢᠢᠳᠪᠦᠷᠯᠡᠬᠦ ᠪᠣᠯᠭᠠᠵᠠᠢ᠃ ᠡᠶᠢᠨᠬᠦ ︽ᠬᠤᠶᠠᠷ ᠢ ᠲᠡᠭᠡᠭᠰᠢᠯᠡᠬᠦᠯᠵᠦ ᠬᠤᠶᠠᠷ ᠢ ᠪᠠᠭᠤᠷᠠᠭᠤᠯᠬᠤ᠂ ᠭᠤᠷᠪᠠᠨ ᠲᠠᠪᠬᠤᠷ ᠪᠠᠳᠤᠯᠠᠪᠣᠷᠢ ᠶᠢᠨ ᠲᠦᠷᠢᠮ ᠢ ᠵᠤᠯᠭᠠᠭᠤᠯᠬᠤ︾ ᠵᠡᠷᠬᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠠᠮᠵᠢᠨ ᠲᠦᠷᠦ ᠶᠢᠨ ᠪᠣᠳᠣᠯᠭ᠎ᠠ ᠶᠢᠨ ᠬᠠᠮᠳᠣᠷᠠᠯ ᠤᠨ ᠬᠦᠴᠦᠨ ᠢ ᠪᠦᠷᠢᠯᠳᠦᠭᠦᠯᠪᠡ᠃ ᠨᠢᠳᠣᠨᠣᠨ ᠤ ᠵᠢᠯ ᠤᠨ ᠡᠴᠦᠰ ᠪᠣᠯᠳᠠᠯ᠎ᠠ᠂ ᠳᠣᠰ ᠬᠤᠳᠠ ᠶᠢᠨ 10124 ᠬᠦᠮᠦᠨ ᠣᠳᠠᠭ᠎ᠠ ᠶᠢᠨ ᠡᠮᠨᠡᠯᠭᠡ ᠳᠤ ᠰᠠᠭᠤᠨ ᠡᠮᠨᠡᠭᠦᠯᠦᠭᠰᠡᠨ ᠶᠠᠳᠠᠭᠤ ᠬᠦᠴᠢᠷᠳᠡᠯᠳᠠᠢ ᠬᠦᠮᠦᠨ ᠠᠮᠠ ᠡᠨᠡᠬᠦ ᠲᠦᠷᠦ ᠶᠢᠨ ᠪᠣᠳᠣᠯᠭ᠎ᠠ ᠠᠴᠠ ᠠᠰᠢᠭ ᠬᠦᠷᠳᠡᠵᠦ᠂ 3819 ᠲᠦᠮᠡᠨ ᠲᠦᠭᠦᠷᠢᠭ ᠤᠨ ᠡᠮ ᠡᠮᠨᠡᠯᠭᠡ ᠶᠢᠨ ᠵᠠᠷᠣᠳᠠᠯ ᠢᠶᠠᠨ ᠳᠠᠩᠰᠠᠨ ᠠᠴᠠ ᠳᠠᠶᠢᠯᠣᠭᠤᠯᠪᠠ᠃       ᠤᠯᠠᠭᠠᠠᠬᠠᠳᠠ ᠬᠤᠳᠠ ᠪᠦᠬᠦᠨ ᠢ ᠪᠠᠳᠣᠯᠠᠬᠤ ᠪᠠᠳᠤᠯᠠᠪᠣᠷᠢ ᠶᠢᠨ ᠳᠦᠷᠢᠮ ᠢ ᠪᠠᠶᠢᠭᠤᠯᠤᠨ ᠲᠦᠷᠦᠯ ᠬᠤᠪᠢᠶᠠᠨ ᠡᠮᠨᠡᠨ ᠵᠠᠰᠠᠬᠤ ᠠᠷᠭ᠎ᠠ ᠶᠢ ᠬᠡᠷᠡᠭᠵᠢᠬᠦᠯᠵᠦ᠂ ᠠᠣᠬᠠᠨ ᠬᠤᠰᠢᠭᠤᠨ ᠤ ᠬᠦᠨᠳᠦ ᠡᠪᠡᠳᠴᠢᠨ ᠤ ᠶᠠᠳᠠᠭᠤ ᠶᠢ ᠳᠡᠳᠭᠦᠬᠦ ᠰᠠᠭᠤᠷᠢ ᠮᠦᠩᠭᠦ ᠭᠠᠷᠭᠠᠵᠣ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠡᠮᠨᠡᠯᠭᠡ ᠳᠤ ᠰᠠᠭᠤᠨ ᠡᠮᠨᠡᠭᠦᠯᠬᠦ ᠬᠤᠪᠢ ᠬᠦᠮᠦᠨ ᠤ ᠵᠠᠷᠣᠳᠠᠯ ᠢ ᠪᠦᠬᠦᠨ ᠢ ᠪᠠᠳᠣᠯᠠᠬᠤ ᠡᠷᠡᠭᠦᠯ ᠮᠡᠨᠳᠤ ᠪᠠᠷ ᠶᠠᠳᠠᠭᠤ ᠶᠢ ᠳᠡᠳᠭᠦᠬᠦ ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠶᠢᠨ ᠬᠠᠮᠳᠣ᠂ ᠪᠦᠬᠦ ᠬᠤᠳᠠ ᠶᠢᠨ ᠬᠡᠪᠴᠢᠶᠡᠨ ᠳᠡᠭᠡᠨ ᠶᠠᠳᠠᠭᠤ ᠬᠦᠴᠢᠷᠳᠡᠯᠳᠠᠢ ᠬᠦᠨᠳᠦ ᠡᠪᠡᠳᠴᠢᠨ ᠳᠤ ᠨᠡᠷᠪᠡᠭᠳᠡᠭᠰᠡᠨ ᠡᠪᠡᠳᠴᠢᠳᠡᠨ ᠢ ᠲᠦᠷᠦᠯ ᠬᠤᠪᠢᠶᠠᠨ ᠡᠮᠨᠡᠨ ᠵᠠᠰᠠᠬᠤ ᠠᠷᠭ᠎ᠠ ᠶᠢ ᠬᠡᠷᠡᠭᠵᠢᠭᠦᠯᠵᠦ᠂ ᠨᠢᠬᠡᠯᠡ ᠤᠳᠠᠭ᠎ᠠ ᠳᠤ ᠵᠠᠰᠠᠨ ᠡᠳᠡᠭᠡᠷᠡᠬᠦᠯᠵᠦ ᠲᠡᠶᠢᠯᠬᠦ ᠶᠢ ᠨᠢ ᠬᠦᠴᠦᠨ ᠢᠶᠠᠨ ᠲᠦᠪᠯᠡᠷᠡᠬᠦᠯᠦᠨ ᠡᠮᠨᠡᠨ ᠵᠠᠰᠠᠵᠤ᠂ ᠦᠷᠬᠦᠯᠵᠢᠯᠡᠨ ᠡᠮᠨᠡᠨ ᠵᠠᠰᠠᠬᠤ ᠴᠢᠬᠤᠯᠠ ᠲᠠᠢ ᠳᠤᠨᠢ ᠦᠷᠬᠦᠯᠵᠢᠯᠡᠨ ᠡᠮᠨᠡᠨ ᠵᠠᠰᠠᠬᠤ ᠲᠦᠰᠦᠯ ᠲᠤᠬᠳᠠᠭᠠᠨ ᠦᠭᠴᠦ᠂ ᠤᠷᠳᠤ ᠬᠤᠭᠤᠴᠠᠭ᠎ᠠ ᠪᠠᠷ ᠡᠮᠨᠡᠨ ᠵᠠᠰᠠᠬᠤ ᠪᠠ ᠡᠷᠡᠬᠦᠯ ᠮᠡᠨᠳᠤ ᠶᠢᠨ ᠬᠠᠮᠢᠶᠠᠷᠤᠯᠳᠠ ᠬᠢᠬᠦ ᠴᠢᠬᠤᠯᠠ ᠲᠠᠢ ᠶᠢ ᠨᠢ ᠡᠮᠨᠡᠯᠬᠡ ᠶᠢᠨ ᠬᠤᠷᠢᠶ᠎ᠠ ᠪᠤᠯᠤᠨ ᠦᠨᠳᠦᠰᠦᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠬᠠᠮᠵᠢᠯᠴᠠᠨ ᠬᠡᠷᠡᠭᠵᠢᠬᠦᠯᠪᠡ᠃ ᠡᠯ᠎ᠡ ᠬᠤᠰᠢᠭᠤ ᠰᠢᠶᠠᠨ ᠳᠠᠭᠠᠨ ︽ᠬᠤᠰᠢᠭᠤ ᠰᠢᠶᠠᠨ ᠤ ᠱᠠᠳᠣᠨ ᠤ ᠡᠮᠨᠡᠯᠬᠡ ᠶᠢᠨ ᠬᠤᠷᠢᠶ᠎ᠠ ᠶᠢᠨ ᠲᠤᠰᠬᠠᠢ ᠮᠡᠷᠬᠡᠵᠢᠯᠳᠡᠨ + ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠷᠢᠨ ᠰᠠᠯᠠᠭ᠎ᠠ ᠶᠢᠨ ᠡᠮᠴᠢ + ᠨᠣᠳᠤᠭ ᠤᠨ ᠡᠮᠴᠢ︾ ᠪᠠᠷ ᠪᠦᠷᠢᠯᠳᠦᠭᠰᠡᠨ ᠬᠡᠷ᠎ᠡ ᠲᠤᠬᠳᠠᠨ ᠦᠢᠯᠡᠴᠢᠯᠡᠬᠦ ᠪᠦᠯᠬᠦᠮ ᠢ ᠪᠠᠶᠢᠭᠤᠯᠵᠤ᠂ ᠡᠷᠦᠬᠡ ᠪᠦᠷᠢ ᠲᠠᠢ ᠦᠢᠯᠡᠴᠢᠯᠡᠬᠦ ᠵᠦᠪᠯᠡᠯᠴᠡᠭᠡᠷ ᠲᠤᠬᠳᠠᠨ ᠨᠡᠶᠢᠬᠡᠮ ᠲᠤᠭᠤᠷᠢᠬ᠂ ᠬᠦᠳᠡᠭᠡ ᠲᠤᠰᠬᠤᠨ ᠬᠤᠶᠠᠷ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢ ᠰᠤᠪᠢᠯᠠᠬᠴᠢ ᠵᠡᠷᠬᠡ ᠲᠤᠰᠬᠠᠢ ᠮᠡᠷᠬᠡᠵᠢᠯ ᠤᠨ ᠠᠵᠢᠯᠳᠠᠨ ᠢᠶᠠᠷ ᠭᠤᠤᠯ ᠴᠤᠬᠴᠠ ᠪᠤᠯᠭᠠᠵᠣ᠂ ᠬᠡᠷ᠎ᠡ ᠲᠤᠬᠳᠠᠬᠰᠠᠨ ᠡᠳᠡᠬᠡᠳ ᠲᠤ ᠶᠡᠷᠦᠩᠬᠡᠶᠢᠯᠡᠭᠰᠡᠨ᠂ ᠦᠷᠬᠦᠯᠵᠢᠯᠡᠭᠰᠡᠨ᠂ ᠲᠦᠬᠦᠮ ᠳᠦᠳᠡ ᠡᠷᠡᠬᠦᠯ ᠮᠡᠨᠳᠤ ᠶᠢᠨ ᠦᠢᠯᠡᠴᠢᠯᠡᠭᠡ ᠬᠠᠩᠭᠠᠵᠠᠢ᠃ ᠨᠢᠳᠤᠨᠤᠨ ᠤ ᠵᠢᠯ ᠤᠨ ᠡᠴᠦᠰ ᠪᠤᠯᠳᠠᠯ᠎ᠠ᠂ ᠪᠦᠬᠦ ᠶᠠᠳᠠᠭᠤ ᠬᠦᠴᠢᠷᠳᠡᠯᠳᠡᠢ ᠬᠦᠮᠦᠨ ᠠᠮᠠ ᠳᠠᠭᠠᠨ ᠴᠦᠮ ᠡᠷᠡᠬᠦᠯ ᠮᠠᠨᠳᠤ ᠶᠢᠨ ᠲᠠᠩᠰᠠ ᠡᠪᠬᠡᠮᠡᠯ ᠪᠠᠶᠢᠭᠤᠯᠤᠨ ᠦᠭᠴᠦ᠂ ᠪᠦᠬᠦ ᠬᠤᠳᠠ ᠶᠢᠨ ᠢᠶᠠᠨ 246439 ᠶᠠᠳᠠᠭᠤ ᠬᠦᠴᠢᠷᠳᠡᠯᠳᠡᠢ ᠬᠦᠮᠦᠨ ᠲᠠᠢ ᠬᠡᠷ᠎ᠡ ᠲᠤᠬᠳᠠᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠪᠠᠨ ᠪᠦᠬᠦᠨ ᠢ ᠪᠦᠷᠬᠦᠭᠦᠯᠪᠡ᠃       ︽ᠪᠦᠬᠦ ᠠᠷᠠᠳ ᠤᠨ ᠡᠷᠡᠭᠦᠯ ᠮᠡᠨᠳᠤ ᠪᠠᠶᠢᠬᠤ ᠦᠭᠡᠢ ᠪᠣᠯ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠵᠦ ᠴᠢᠳᠠᠬᠤ ᠦᠭᠡᠢ︾᠃ ᠤᠢᠢᠷ᠎ᠠ ᠶᠢᠨ ᠵᠢᠯ ᠳᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠪᠣᠯᠣᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠠᠶᠠᠨ ᠵᠠᠮ ᠳᠡᠭᠡᠷ᠎ᠡ᠂ ᠣᠯᠠᠭᠠᠨᠬᠠᠳᠠ ᠬᠤᠳᠠ ᠴᠢᠭᠯᠡᠭᠦᠯᠦᠯᠳᠦ ᠴᠢᠨᠠᠷ ᠲᠠᠢ᠂ ᠦᠨ᠎ᠡ ᠪᠡᠨ᠎ᠡ ᠲᠠᠢ ᠡᠷᠡᠭᠦᠯ ᠮᠠᠨᠳᠤ ᠪᠠᠷ ᠶᠠᠳᠠᠭᠤ ᠶᠢ ᠳᠡᠳᠭᠦᠬᠦ ᠠᠷᠭ᠎ᠠ ᠬᠡᠮᠵᠢᠶ᠎ᠡ ᠨᠦᠭᠦᠳ ᠢ ᠬᠡᠷᠡᠭᠵᠢᠬᠦᠯᠵᠤ᠂ ᠶᠠᠳᠠᠭᠤ ᠬᠦᠴᠢᠷᠳᠡᠯᠳᠠᠢ ᠣᠯᠠᠨ ᠲᠦᠮᠡᠨ ᠤ ︽ᠡᠷᠡᠭᠦᠯ ᠮᠠᠨᠳᠤ ᠶᠢᠨ ᠬᠤᠷᠢᠭ᠎ᠠ ᠱᠣᠭᠤᠮ︾ ᠢ ᠰᠠᠬᠢᠨ ᠡᠪᠡᠳᠴᠢᠨ ᠡᠮᠬᠡᠭ ᠢ ᠨᠢ ᠵᠠᠰᠠᠨ ᠡᠳᠡᠭᠡᠷᠡᠭᠦᠯᠵᠦ᠂ ᠰᠡᠳᠬᠢᠯ ᠵᠢᠷᠦᠬᠡ ᠶᠢ ᠨᠢ ᠨᠡᠩ ᠳᠣᠯᠠᠭᠠᠴᠠᠭᠤᠯᠣᠯ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号