ᠲᠤᠮᠤ ᠬᠡᠯᠪᠡᠷᠢ ᠶᠢᠨ ᠪᠤᠳᠠᠳᠤ ᠦᠵᠡᠭᠳᠡᠯᠲᠦ ᠵᠦᠴᠦᠭᠡ ︽ᠨᠤᠭᠤᠨᠵᠠᠶᠠᠭ᠎ᠠ︾
ᠨᠡᠶᠢᠲᠡᠯᠡᠭᠰᠡᠨ ᠴᠠᠭ᠄
2017/9/21
       — ᠠᠷᠠᠳ ᠤᠨ ᠳᠠᠭᠤᠤ ︽ᠨᠤᠭᠤᠨᠵᠠᠶᠠᠭ᠎ᠠ︾ ᠪᠠᠷ ᠰᠡᠳᠦᠪᠯᠡᠪᠡ      ᠯᠤᠤᠬ᠎ᠠ ᠶᠢᠨ ᠭᠤᠤᠯ ᠤᠨ ᠬᠦᠪᠡᠭᠡᠨ ᠳᠡᠭᠡᠷ᠎ᠡ      ᠨᠤᠭᠲᠤ ᠪᠠᠨ ᠴᠢᠷᠦᠭᠰᠡᠨ ᠮᠤᠷᠢ ᠪᠠᠨ᠂      ᠨᠤᠮᠤᠬᠠᠨ ᠵᠠᠩ ᠲᠠᠢ ᠨᠤᠭᠤᠨᠵᠠᠶᠠᠭ᠎ᠠ      ᠨᠤᠲᠤᠭ ᠠᠴᠠ ᠪᠠᠨ ᠬᠤᠯᠠ ᠵᠠᠶᠠᠭᠠᠵᠠᠢ ᠁     ︽ᠨᠤᠭᠤᠨᠵᠠᠶᠠᠭ᠎ᠠ︾ ᠭᠡᠬᠦ ᠠᠷᠠᠳ ᠤᠨ ᠳᠠᠭᠤᠤ ᠪᠠᠷ ᠰᠡᠳᠦᠪᠯᠡᠨ ᠵᠤᠬᠢᠶᠠᠭᠰᠠᠨ ᠲᠤᠮᠤ ᠬᠡᠯᠪᠡᠷᠢ ᠶᠢᠨ ᠪᠤᠳᠠᠳᠤ ᠦᠵᠡᠭᠳᠡᠯᠲᠦ ᠵᠦᠴᠦᠭᠡ ︽ᠨᠤᠭᠤᠨᠵᠠᠶᠠᠭ᠎ᠠ︾ ᠤᠢᠢᠷ᠎ᠠ ᠳᠤ ᠤᠯᠠᠭᠠᠨᠬᠠᠳᠠ ᠶᠢᠨ ᠤᠩᠨᠢᠭᠤᠳ ᠬᠤᠰᠢᠭᠤᠨ ᠤ ᠬᠠᠰ ᠯᠤᠤ ᠡᠯᠡᠰᠦᠨ ᠪᠦᠷᠢᠳᠦ ᠦᠵᠡᠮᠵᠢ ᠶᠢᠨ ᠤᠷᠤᠨ ᠳᠤ ᠳᠤᠷᠰᠢᠨ ᠲᠤᠭᠯᠠᠭᠠᠳ ᠦᠷᠭᠡᠨ ᠤᠯᠠᠨ ᠦᠵᠡᠭᠴᠢᠳ ᠤᠨ ᠦᠨᠳᠦᠷ ᠦᠨᠡᠯᠡᠯᠲᠡ ᠶᠢ ᠤᠯᠵᠠᠢ᠃ ᠭᠡᠬᠦ ᠳᠡᠭᠡᠨ ︽ᠨᠤᠭᠤᠨᠵᠠᠶᠠᠭ᠎ᠠ︾ ᠭᠡᠬᠦ ᠠᠷᠠᠳ ᠤᠨ ᠳᠠᠭᠤᠤ ᠨᠢ ᠡᠳᠦᠢ ᠲᠡᠳᠦᠢ ᠬᠤᠪᠢᠯᠪᠤᠷᠢ ᠲᠠᠢ ᠪᠠᠶᠢᠵᠤ᠂ ᠡᠭᠦᠰᠦᠭᠰᠡᠨ ᠭᠠᠵᠠᠷ ᠨᠤᠲᠤᠭ ᠤᠨ ᠲᠤᠬᠠᠢ ᠴᠤ ᠦᠪᠡᠷ ᠦᠪᠡᠷ ᠤᠨ ᠬᠡᠯᠡᠯᠭᠡ ᠲᠠᠢ ᠪᠤᠯᠪᠠᠴᠦ ︽ᠨᠤᠭᠤᠨᠵᠠᠶᠠᠭ᠎ᠠ︾ ᠪᠤᠯ ᠠᠤᠬᠠᠨ ᠸᠠᠩ ᠤᠨ ᠬᠠᠮᠤᠭ ᠰᠡᠭᠦᠯᠴᠢ ᠶᠢᠨ ᠸᠠᠩ ᠪᠤᠯᠬᠤ ᠯᡁᠡᠵᠡᠯᠧᠩᠴᠢᠨᠨᠤᠷᠪᠤ ᠶᠢᠨ ᠬᠡᠦᠬᠡᠨ ᠳᠠᠭᠦᠦ ᠨᠤᠭᠤᠨᠵᠠᠶᠠᠭ᠎ᠠ ᠶᠢᠨ ᠤᠷᠤᠭ ᠬᠤᠷᠢᠮ ᠤᠨ ᠤᠴᠢᠷ ᠢᠶᠠᠷ ᠰᠡᠳᠦᠪᠯᠡᠭᠰᠡᠨ ᠠᠷᠠᠳ ᠤᠨ ᠳᠠᠭᠤᠤ ᠪᠤᠯᠬᠤ ᠨᠢ ᠮᠠᠷᠭᠤᠰᠢ ᠦᠭᠡᠢ ᠦᠨᠡᠨ ᠤᠴᠢᠷ ᠪᠤᠯᠬᠤ ᠶᠢ ᠨᠤᠭᠤᠨᠵᠠᠶᠠᠭ᠎ᠠ ᠶᠢᠨ ᠬᠤᠷᠢᠮ ᠤᠨ ᠶᠤᠰᠤᠯᠠᠯ ᠳᠤ ᠪᠡᠶ᠎ᠡ ᠪᠠᠷ ᠢᠶᠠᠨ ᠤᠷᠤᠯᠴᠠᠭᠰᠠᠨ ᠪᠤᠤ ᠰᠢ ᠨᠠᠰᠤᠲᠠᠨ᠂ ᠳᠠᠷᠢᠵᠠᠪ ᠤᠨ ᠶᠡᠭᠡ ᠬᠡᠦᠬᠡᠨ ᠵᠢᠶᠧᠰᠧᠷ ᠨᠠᠰᠤᠲᠠᠨ ᠢ ᠰᠤᠷᠪᠤᠯᠵᠢᠯᠠᠭᠰᠠᠨ ᠳᠡᠮᠲᠡᠭᠯᠡᠯ ᠤᠳ ᠭᠡᠷᠡᠴᠢᠯᠡᠭᠰᠡᠨ ᠪᠠᠶᠢᠨ᠎ᠠ᠃      ᠴᠠᠭ ᠤᠨ ᠵᠠᠢ 1942 ᠤᠨ ᠤ ᠴᠠᠭᠠᠨ ᠰᠠᠷ᠎ᠠ ᠶᠢᠨ 24 ᠤ ᠡᠳᠦᠷ᠃ ᠡᠨᠡ ᠡᠳᠦᠷ ᠠᠤᠬᠠᠨ ᠸᠠᠩ ᠤᠨ ᠤᠷᠳᠤᠨ ︵ᠤᠳᠤᠬᠢ ᠤᠩᠨᠢᠭᠤᠳ ᠤᠨ ᠤᠳᠠᠨᠲᠤᠬᠤᠢ ᠪᠠᠯᠭᠠᠰᠤ︶ ᠬᠦᠷ ᠨᠠᠷᠭᠢᠶᠠᠨ ᠢᠶᠠᠷ ᠪᠢᠯᠬᠠᠵᠤ᠂ ᠠᠤᠬᠠᠨ ᠤ ᠠᠷᠪᠠᠨ ᠲᠠᠪᠤᠳᠤᠭᠠᠷ ᠵᠠᠰᠠᠭ ᠸᠠᠩ ᠭᠤᠮᠪᠤᠵᠠᠪ ᠤᠨ ᠴᠤᠷ ᠤᠨ ᠭᠠᠭᠴᠠ ᠬᠡᠦᠬᠡᠨ 29 ᠨᠠᠰᠤᠲᠠᠢ ᠨᠤᠭᠤᠨᠵᠠᠶᠠᠭ᠎ᠠ᠂ ᠯᠢᠨᠳᠦ᠋ᠩ ᠤᠨ ᠠᠷᠤ ᠶᠢᠨ ᠲᠡᠮᠡᠭᠡᠨ ᠬᠦᠵᠦᠭᠦᠦ ᠶᠢᠨ ᠡᠮᠦᠨ᠎ᠡ ᠪᠠᠶᠢᠭ᠎ᠠ ᠬᠤᠸᠠᠵᠢᠯᠠᠭ᠎ᠠ ᠭᠡᠳᠡᠭ ᠭᠠᠵᠠᠷ ᠤᠨ ᠪᠠᠭᠠᠷᠢᠨ ᠤ ᠮᠠᠨᠵᠤ ᠶᠢᠨ ᠴᠡᠷᠢᠭ ᠤᠨ ᠳᠤᠯᠤᠳᠤᠭᠠᠷ ᠲᠤᠸᠠᠨ ᠤ ᠲᠤᠸᠠᠨᠵᠠᠩ ᠳᠠᠷᠢᠵᠠᠪ ᠲᠠᠢ ᠦᠪᠡᠲᠡᠭᠰᠢ ᠶᠡᠭᠡ ᠬᠤᠷᠢᠮ ᠨᠠᠶᠢᠷ ᠪᠤᠯᠵᠤ᠂ ᠬᠤᠷᠢᠮ ᠨᠢ 7 ᠡᠳᠦᠷ ᠦᠷᠭᠦᠯᠵᠢᠯᠡᠨ᠂ ᠬᠤᠷᠢᠮ ᠤᠨ ᠪᠡᠯᠡᠭ ᠤᠪᠤᠭ᠎ᠠ ᠲᠡᠷᠭᠡ ᠴᠤᠭᠯᠠᠵᠤ᠂ ᠬᠤᠷᠠᠭᠰᠠᠨ ᠪᠦᠬᠦᠨ ᠭᠠᠶᠢᠬᠠᠵᠤ ᠰᠤᠨᠢᠷᠬᠠᠨ᠎ᠠ᠃ ᠨᠤᠭᠤᠡᠵᠠᠶᠠᠭ᠎ᠠ ᠦᠩᠭᠡ ᠵᠢᠰᠦ ᠪᠡᠶ᠎ᠡ ᠪᠠᠶᠢᠳᠠᠯ ᠲᠡᠭᠰᠢᠬᠡᠨ ᠰᠠᠶᠢᠬᠠᠨ ᠲᠦᠷᠦᠵᠦ᠂ ᠭᠦᠨ ᠤᠷᠳᠤᠨ ᠤ ᠭᠡᠭᠡ ᠶᠢᠨ ᠳᠡᠭᠡᠷᠡᠩᠭᠦᠢ ᠵᠠᠩ ᠦᠭᠡᠢ᠂ ᠳᠦᠯᠭᠡᠨ ᠳᠠᠷᠤᠤ ᠵᠠᠩ ᠠᠭᠠᠰᠢ ᠲᠠᠢ᠂ ᠵᠠᠷᠤᠴᠠ ᠳᠠᠭᠠᠯᠲᠠ ᠳᠠᠭᠠᠨ ᠡᠶᠡᠯᠳᠡᠭ ᠬᠠᠨᠳᠤᠳᠠᠭ ᠵᠠᠩ ᠰᠠᠶᠢᠲᠠᠢ᠃ ᠲᠡᠷᠡᠪᠡᠷ ᠪᠠᠭ᠎ᠠ ᠠᠴᠠ ᠪᠠᠨ ᠨᠤᠮ ᠲᠠᠢ ᠤᠢᠢᠷᠠᠳᠤᠨ ᠮᠤᠩᠭᠤᠯ ᠪᠢᠴᠢᠭ ᠢ ᠰᠠᠶᠢᠨ ᠰᠤᠷᠴᠤ᠂ ᠦᠷᠭᠦᠯᠵᠢ ᠦᠯᠢᠭᠡᠷ ᠤᠨ ᠲᠡᠪᠳᠡᠷ ᠳᠠᠭᠤᠳᠠᠵᠤ᠂ ᠬᠤᠭᠤᠷ ᠲᠠᠳᠠᠵᠤ ᠮᠤᠩᠭᠤᠯ ᠳᠠᠭᠤᠤ ᠳᠠᠭᠤᠯᠠᠳᠠᠭ ᠪᠠᠶᠢᠯ᠎ᠠ᠃       ᠲᠦᠷᠬᠦᠮ ᠢᠶᠠᠨ ᠰᠠᠨᠠᠭᠰᠠᠨ ᠬᠦᠮᠦᠨ ᠳᠤ ᠨᠤᠲᠤᠭ ᠡᠷᠢᠭᠳᠡᠵᠦ ᠬᠤᠯᠠ ᠰᠠᠨᠠᠭᠳᠠᠬᠤ ᠨᠢ ᠶᠠᠷᠢᠶᠠᠨ ᠦᠭᠡᠢ ᠤᠴᠢᠷ᠃ ᠵᠠᠮ ᠬᠠᠷᠢᠯᠴᠠᠭ᠎ᠠ ᠳᠦᠭᠦᠮ ᠦᠭᠡᠢ ᠲᠡᠷᠡ ᠦᠶ ᠎ᠡ ᠳᠤ ᠠᠤᠬᠠᠨ ᠠᠴᠠ ᠪᠠᠭᠠᠷᠢᠨ ᠳᠤ ᠬᠦᠷᠦᠨ᠎ᠡ ᠭᠡᠳᠡᠭ ᠤᠢᠢᠷᠠᠬᠠᠨ ᠴᠤ ᠭᠠᠵᠠᠷ ᠪᠢᠰᠢ ᠳ᠋ᠡ᠃ ᠡᠭᠦᠨ ᠤ ᠳᠡᠭᠡᠷ᠎ᠡ ᠠᠪᠤ ᠡᠵᠢ ᠨᠢ ᠨᠠᠰᠤ ᠪᠠᠷᠠᠵᠤ ᠲᠦᠷᠬᠦᠮ ᠠᠴᠠ ᠨᠢ ᠡᠷᠭᠢᠵᠦ ᠦᠵᠡᠬᠦ ᠪᠠᠷ ᠤᠴᠢᠭᠰᠠᠨ ᠬᠦᠮᠦᠨ ᠦᠭᠡᠢ᠂ ᠬᠦᠷᠭᠡᠨ ᠳᠠᠷᠢᠵᠠᠪ ᠨᠢ ᠴᠤ ᠤᠷᠤᠭᠯᠠᠭᠰᠠᠨ ᠳᠠᠷᠤᠢ ᠳᠠᠭᠠᠨ ᠮᠦᠭᠳᠡᠨ ᠳᠤ ᠬᠤᠶᠠᠷ ᠰᠠᠷ᠎ᠠ ᠪᠠᠷ ᠶᠠᠪᠤᠭᠰᠠᠨ ᠠᠴᠠ ᠨᠤᠭᠤᠡᠵᠠᠶᠠᠭ᠎ᠠ ᠪᠠᠭᠠᠷᠢᠨ ᠳᠤ ᠮᠤᠷᠳᠠᠭᠰᠠᠨ ᠠᠴᠠ ᠰᠡᠭᠦᠯᠡᠷ ᠭᠠᠭᠴᠠᠭᠠᠷ ᠭᠡᠷ ᠤᠨ ᠮᠤᠬᠤᠷ ᠰᠠᠬᠢᠵᠤ᠂ ᠤᠢᠢᠳᠬᠠᠷᠤᠨ ᠭᠤᠨᠢᠷᠬᠠᠬᠤ ᠳᠠᠭᠠᠨ ᠭᠡᠷ ᠨᠤᠲᠤᠭ ᠢᠶᠠᠨ ᠰᠠᠨᠠᠵᠤ ᠦᠷᠭᠦᠯᠵᠢ ᠳᠠᠭᠤᠤ ᠭᠢᠩᠰᠢᠨ ᠨᠢᠯᠪᠤᠰᠤ ᠤᠨᠠᠭᠠᠳᠠᠭ᠃ ᠠᠶᠠᠨᠳᠠᠭᠠᠨ ᠪᠡᠶ᠎ᠡ ᠮᠠᠭᠤ ᠪᠠᠶᠢᠭᠰᠠᠨ ᠨᠤᠭᠤᠨᠵᠠᠶᠠᠭ᠎ᠠ ᠪᠠᠭᠠᠷᠢᠨ ᠳᠤ ᠮᠤᠷᠳᠠᠭᠰᠠᠨ ᠤ ᠳᠠᠷᠠᠭ᠎ᠠ ᠠᠭᠤᠰᠭᠢᠨ ᠰᠦᠷᠢᠶ᠎ᠡ ᠡᠪᠡᠳᠴᠢᠨ ᠨᠢ ᠬᠦᠨᠳᠦᠷᠡᠵᠦ᠂ ᠵᠢᠯ ᠰᠢᠬᠠᠮ ᠪᠤᠯᠤᠭᠠᠳ ᠢᠯᠡᠷᠢ ᠪᠤᠯᠤᠭᠰᠠᠨ ᠦᠭᠡᠢ ᠦᠨᠢᠲᠡ ᠶᠢᠷᠲᠢᠨᠴᠦ ᠠᠴᠠ ᠠᠩᠭᠢᠵᠢᠷᠠᠨ ᠤᠳᠪᠠ᠃      ᠠᠳᠤᠭᠤ ᠮᠠᠯ ᠨᠤᠲᠤᠭ ᠤᠰᠤ ᠪᠠᠨ ᠰᠠᠨᠠᠳᠠᠭ᠃ ᠭᠡᠷ ᠠᠴᠠ ᠪᠠᠨ ᠭᠠᠷᠴᠤ ᠢᠷᠡᠬᠦ ᠠᠴᠠ ᠪᠠᠨ ᠡᠮᠦᠨ᠎ᠡ ᠨᠤᠭᠤᠨᠵᠠᠶᠠᠭ᠎ᠠ ᠳᠠᠷᠢᠵᠠᠪ ᠤᠨ ᠬᠦᠷᠭᠡᠭᠰᠡᠨ 9 ᠮᠤᠷᠢ ᠶᠢᠨ ᠳᠤᠮᠳᠠ ᠠᠴᠠ ᠨᠢᠭᠡ ᠪᠦᠳᠦᠭᠦᠨ ᠬᠤᠯᠠ ᠮᠤᠷᠢ ᠶᠢ ᠯᠤᠤᠬ᠎ᠠ ᠶᠢᠨ ᠭᠤᠤᠯ ᠤᠨ ᠡᠮᠦᠨ᠎ᠡ ᠬᠦᠪᠡᠭᠡᠨ ᠤ ᠪᠠᠷᠠᠭᠤᠨ ᠠᠤᠬᠠᠨ ᠳᠠᠬᠢ ᠨᠠᠭᠠᠴᠤ ᠳᠠᠭᠠᠨ ᠪᠡᠯᠡᠭᠯᠡᠪᠡ᠃ ᠨᠤᠭᠤᠨᠵᠠᠶᠠᠭ᠎ᠠ ᠶᠢ ᠨᠠᠰᠦ ᠪᠠᠷᠠᠭᠰᠡᠨ ᠤ ᠳᠠᠷᠠᠭ᠎ᠠ᠂ ᠳᠠᠷᠤᠢ 1943 ᠤᠨ ᠤ 4 ᠰᠠᠷ ᠎ᠠ ᠨᠤᠭᠤᠭ᠎ᠠ ᠳᠤ ᠴᠠᠳᠬᠤ ᠦᠶ᠎ᠡ ᠳᠤ ᠡᠨᠡ ᠮᠤᠷᠢ ᠨᠢ ᠯᠤᠤᠬ᠎ᠠ ᠶᠢᠨ ᠭᠤᠤᠯ᠂ ᠰᠢᠷᠠᠮᠦ᠋ᠷᠡᠨ ᠢ ᠭᠡᠲᠦᠯᠦᠭᠡᠳ ︽ᠨᠤᠭᠲᠤ ᠪᠠᠨ ᠴᠢᠷᠦᠭᠰᠡᠭᠡᠷ︾ ᠬᠡᠳᠦᠨ ᠵᠠᠭᠤᠨ ᠭᠠᠵᠠᠷ ᠬᠤᠯᠠ ᠪᠠᠶᠢᠭ᠎ᠠ ᠯᠢᠨᠳᠦ᠋ᠩ ᠤᠨ ᠬᠤᠸᠠᠵᠢᠯᠠᠭ᠎ᠠ ᠳᠠᠬᠢ ᠠᠳᠤᠭᠤᠨ ᠰᠦᠷᠦᠭ ᠲᠡᠭᠡᠨ ᠪᠤᠴᠠᠵᠤ ᠢᠷᠡᠪᠡ᠃       ︽ᠨᠤᠭᠤᠨᠵᠠᠶᠠᠭ᠎ᠠ︾ ᠭᠡᠬᠦ ᠳᠠᠭᠤᠤ ᠶᠢᠨ ᠡᠭᠦᠰᠦᠯ ᠤᠨ ᠲᠤᠬᠠᠢ᠂ ᠲᠤᠬᠠᠢ ᠶᠢᠨ ᠦᠶ᠎ᠡ ᠳᠤ ᠳᠠᠷᠢᠵᠠᠪ ᠤᠨ ᠭᠡᠷ ᠲᠤ ᠪᠢᠶᠠᠨᠳ᠋ᠸᠦ ᠭᠡᠳᠡᠭ ᠰᠠᠶᠢᠨ ᠳᠠᠭᠤᠯᠠᠳᠠᠭ ᠠᠳᠤᠭᠤᠴᠢᠨ ᠪᠠᠶᠢᠵᠤ᠂ ᠡᠨᠡ ᠠᠳᠤᠭᠤᠴᠢᠨ ᠨᠤᠲᠤᠭ ᠲᠠᠭᠠᠨ ᠬᠠᠷᠢᠵᠤ ᠢᠷᠡᠭᠰᠡᠨ ᠮᠤᠷᠢ ᠪᠠᠨ ᠦᠵᠡᠭᠡᠳ ᠲᠤᠩ ᠰᠡᠳᠭᠢᠯ ᠬᠦᠳᠡᠯᠵᠦ ᠨᠢᠯᠪᠤᠰᠤ ᠤᠨᠠᠭᠠᠨ᠂ ᠪᠡᠯᠴᠢᠭᠡᠷ ᠲᠡᠭᠡᠨ ᠬᠠᠷᠢᠵᠤ ᠢᠷᠡᠭᠰᠡᠨ ᠭᠠᠵᠠᠷᠴᠢ ᠮᠤᠷᠢ ᠪᠠ ᠲᠦᠷᠬᠦᠮ ᠢᠶᠠᠨ ᠰᠠᠨᠠᠭᠰᠠᠨ ᠨᠤᠭᠤᠨᠵᠠᠶᠠᠭ᠎ᠠ ᠶᠢᠨ ᠰᠡᠳᠭᠢᠯᠭᠡ ᠶᠢ ᠬᠤᠯᠪᠤᠨ ︽ᠨᠤᠭᠤᠨᠵᠠᠶᠠᠭ᠎ᠠ︾ ᠭᠡᠬᠦ ᠳᠠᠭᠤᠨ ᠤ ᠠᠩᠬᠠᠨ ᠤ ᠦᠭᠡ ᠶᠢ ᠵᠤᠬᠢᠶᠠᠵᠤ᠂ ᠤᠳᠤ ᠶᠢᠨ ᠳᠠᠭᠤᠯᠠᠭᠳᠠᠵᠤ ᠪᠠᠶᠢᠭ᠎ᠠ ᠡᠨᠡ ᠠᠶ᠎ᠠ ᠳᠡᠭᠡᠷ᠎ᠡ ᠳᠠᠭᠤᠯᠠᠭᠰᠠᠨ ᠪᠠᠶᠢᠨ᠎ᠠ ᠬᠡᠮᠡᠨ ᠶᠠᠷᠢᠯᠴᠠᠳᠠᠭ᠃       ᠠᠷᠠᠳ ᠤᠨ ᠳᠠᠭᠤᠤ ︽ᠨᠤᠭᠤᠨᠵᠠᠶᠠᠭ᠎ᠠ︾ ᠶᠢᠨ ᠡᠶᠢᠮᠦᠷᠬᠦ ᠬᠦᠮᠦᠨ ᠰᠤᠶᠤᠯ ᠤᠨ ᠤᠷᠴᠢᠨ ᠠᠬᠤᠢ ᠳᠤ ᠡᠭᠦᠰᠦᠭᠰᠡᠨ ᠪᠠᠶᠢᠳᠠᠯ ᠢ ᠨᠡᠩ ᠤᠯᠠᠨ ᠬᠦᠮᠦᠰ ᠲᠤ ᠮᠡᠳᠡᠭᠳᠡᠬᠦ ᠬᠠᠷᠠᠭᠠᠰᠤ ᠠᠴᠠ᠂ 2016 ᠤᠨ ᠤ ᠨᠠᠮᠤᠷ᠂ ᠬᠦᠬᠡᠬᠤᠲᠠ ᠶᠢᠨ ᠳᠠᠭᠤᠤ ᠪᠦᠵᠢᠭ ᠤᠨ ᠵᠦᠴᠦᠭᠡ ᠶᠢᠨ ᠬᠦᠷᠢᠶᠡᠯᠡᠩ ᠤᠨ ᠬᠦᠭᠵᠢᠯᠲᠦ᠂ ᠨᠠᠷᠠᠰᠤ᠂ ᠬᠦᠴᠦᠨᠲᠡᠭᠦᠰ᠂ ᠦᠪᠦᠷ ᠮᠤᠩᠭᠤᠯ ᠤᠨ ᠳᠠᠭᠤᠦ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠭᠦᠸᠧ ᠽᠢ ᠵᠢᠶᠸ᠂ ᠱᠤᠸᠠᠩ ᠹᠧᠩ ᠵᠡᠷᠭᠡ ᠲᠤᠰᠬᠠᠢ ᠮᠡᠷᠭᠡᠵᠢᠯᠲᠡᠳ ᠠᠴᠠ ᠠᠶ᠎ᠠ ᠪᠦᠵᠢᠭ ᠨᠠᠶᠢᠷᠠᠭᠤᠯᠤᠨ ᠵᠤᠬᠢᠶᠠᠵᠤ᠂ ᠤᠩᠨᠢᠭᠤᠳ ᠬᠤᠰᠢᠭᠤᠨ ᠤ ᠤᠯᠠᠭᠠᠨᠮᠦ᠋ᠴᠢᠷ ᠤᠨ ᠬᠢᠨ ᠲᠤᠭᠯᠠᠨ᠂ ᠵᠢᠯ ᠰᠢᠬᠠᠮ ᠬᠤᠭᠤᠴᠠᠭ᠋ ᠎ᠠ ᠬᠡᠷᠡᠭᠰᠡᠨ᠂ 800 ᠲᠦᠮᠡᠨ ᠲᠦᠭᠦᠷᠢᠭ ᠤᠨ ᠪᠡᠯᠡ ᠵᠠᠷᠤᠴᠠᠭᠤᠯᠤᠨ ᠲᠤᠮᠤ ᠬᠡᠯᠪᠡᠷᠢ ᠶᠢᠨ ᠪᠤᠳᠠᠳᠤ ᠦᠵᠡᠭᠳᠡᠯᠲᠦ ᠵᠦᠴᠦᠭᠡ ︽ᠨᠤᠭᠤᠨᠵᠠᠶᠠᠭ᠎ᠠ︾ ᠶᠢ ᠵᠤᠬᠢᠶᠠᠨ ᠪᠦᠲᠦᠭᠡᠵᠡᠢ᠃ ᠲᠤᠰ ᠵᠦᠴᠦᠭᠡ ᠨᠢ ᠤᠳᠤᠬᠢᠴᠢᠯᠠᠭᠰᠠᠨ ᠳᠠᠭᠤᠨ᠂ ᠭᠡᠷᠡᠯ᠂ ᠴᠠᠬᠢᠯᠭᠠᠨ ᠢ ᠤᠶᠠᠯᠳᠤᠭᠤᠯᠬᠤ ᠬᠡᠯᠪᠡᠷᠢ ᠪᠠᠷ 70 ᠭᠠᠷᠤᠢ ᠵᠢᠯ ᠤᠨ ᠡᠮᠦᠨ᠎ᠡ ᠮᠤᠩᠭᠤᠯ ᠬᠡᠦᠬᠡᠨ ᠨᠤᠭᠤᠨᠵᠠᠶᠠᠭ᠎ᠠ ᠭᠡᠷ ᠨᠤᠲᠤᠭ ᠠᠴᠠ ᠪᠠᠨ ᠠᠶᠠᠷᠯᠠᠨ ᠰᠠᠯᠵᠤ᠂ ᠨᠡᠯᠦᠭᠡᠷ ᠶᠡᠭᠡ ᠡᠯᠡᠰᠦᠨ ᠴᠦᠯ ᠢ ᠲᠤᠭᠤᠯᠤᠨ ᠬᠠᠷᠢ ᠳᠤ ᠮᠤᠷᠳᠠᠭᠰᠠᠨ ᠦᠯᠢᠭᠡᠷ ᠢ ᠬᠦᠦᠷᠨᠢᠵᠦ᠂ ᠦᠵᠡᠭᠳᠡᠯ ᠢ ᠳᠡᠯᠭᠡᠨ ᠢᠯᠡᠷᠡᠭᠦᠯᠬᠦ ᠠᠷᠭ᠎ᠠ ᠬᠡᠯᠪᠡᠷᠢ ᠪᠠᠷ ᠮᠤᠩᠭᠤᠯ ᠦᠨᠳᠦᠰᠦᠲᠡᠨ ᠤ ᠤᠷᠤᠭ ᠬᠤᠷᠢᠮ ᠤᠨ ᠶᠤᠰᠤᠯᠠᠯ ᠂ ᠤᠨᠴᠠᠭᠠᠢᠢᠯᠠᠨ ᠤᠩᠨᠢᠭᠤᠳ ᠬᠤᠰᠢᠭᠤᠨ ᠤ ᠮᠤᠩᠭᠤᠯᠴᠤᠳ ᠤᠨ ᠵᠠᠩ ᠵᠠᠩᠰᠢᠯ ᠢ ᠲᠤᠰᠬᠠᠪᠠ᠃ ᠲᠤᠭᠯᠠᠯᠲᠠ ᠶᠢᠨ ᠲᠠᠯᠠᠪᠤᠷ ᠬᠠᠰ ᠯᠤᠤ ᠡᠯᠡᠰᠦᠨ ᠪᠦᠷᠢᠳᠦ ᠳᠤ 1000 ᠬᠦᠮᠦᠨ ᠢ ᠪᠠᠭᠲᠠᠭᠠᠬᠤ ᠵᠦᠴᠦᠭᠡ ᠶᠢᠨ ᠲᠢᠶᠠᠳ᠋ᠷ ᠪᠠᠶᠢᠭᠤᠯᠤᠨ ᠂ ᠡᠮᠡᠭᠡᠯ ᠬᠡᠯᠪᠡᠷᠢᠲᠦ ᠲᠤᠮᠤ ᠲᠤᠭᠯᠠᠯᠲᠠ ᠶᠢᠨ ᠲᠠᠶᠢᠰᠠ ᠪᠤᠰᠬᠠᠵᠤ᠂ ᠡᠯᠡᠰᠦᠨ ᠪᠦᠷᠢᠳᠦ ᠦᠵᠡᠮᠵᠢ ᠶᠢᠨ ᠤᠷᠤᠨ ᠤ ᠨᠡᠯᠦᠭᠡᠷ ᠠᠭᠤᠳᠠᠮ ᠡᠯᠡᠰᠦᠨ ᠴᠦᠯ᠂ ᠨᠤᠮᠢᠨ ᠨᠤᠭᠤᠭᠠᠨ ᠲᠠᠯ᠎ᠠ ᠵᠡᠷᠭᠡ ᠠᠯᠢ ᠤᠯᠠᠨ ᠦᠵᠡᠮᠵᠢ ᠪᠠᠷ ᠵᠦᠴᠦᠭᠡ ᠶᠢᠨ ᠲᠤᠭᠯᠠᠯᠲᠠ ᠶᠢᠨ ᠠᠷᠤ ᠦᠵᠡᠭᠳᠡᠯ ᠢᠶᠠᠨ ᠪᠤᠯᠭᠠᠵᠤ᠂ ᠳᠦᠷᠪᠡᠨ ᠵᠦᠭ ᠨᠠᠢᠮᠠᠨ ᠵᠤᠪᠬᠢᠰ ᠤᠨ ᠵᠤᠭᠠᠴᠠᠭᠰᠠᠳ ᠲᠤ ᠨᠤᠭᠤᠨᠵᠠᠶᠠᠭ᠎ᠠ ᠶᠢᠨ ᠦᠯᠢᠭᠡᠷ ᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠳᠡᠯᠭᠡᠨ ᠦᠵᠡᠭᠦᠯᠦᠭᠰᠡᠨ ᠪᠠᠶᠢᠨ᠎ᠠ᠃      
      ᠵᠦᠴᠦᠭᠡ ᠶᠢᠨ ᠲᠤᠭᠯᠠᠯᠲᠠ ᠶᠢᠨ ᠪᠦᠯᠬᠦᠮ ᠨᠢ ᠤᠩᠨᠢᠭᠤᠳ ᠬᠤᠰᠢᠭᠤᠨ ᠤ ᠤᠯᠠᠭᠠᠨᠮᠦ᠋ᠴᠢᠷ ᠤᠨ 30 ᠭᠠᠷᠤᠢ ᠲᠤᠭᠯᠠᠭᠴᠢ ᠠᠴᠠ ᠭᠠᠳᠠᠨ᠎ᠠ ᠪᠠᠰᠠ ᠲᠤᠬᠠᠢ ᠶᠢᠨ ᠭᠠᠵᠠᠷ ᠤᠨ ᠮᠠᠯᠴᠢᠨ ᠲᠦᠮᠡᠨ ᠪᠠ ᠰᠤᠷᠤᠭᠴᠢ ᠨᠡᠶᠢᠲᠡ 80 ᠬᠦᠮᠦᠨ ᠢᠶᠠᠷ ᠪᠦᠷᠢᠯᠳᠦᠵᠦ᠂ ᠪᠦᠬᠦᠨ ᠢᠶᠠᠷ ᠢᠶᠠᠷ ᠤᠩᠨᠢᠭᠤᠳ ᠤᠨᠴᠠᠯᠢᠭ ᠲᠠᠢ ᠬᠤᠪᠴᠠᠰᠤ ᠵᠠᠰᠠᠯ ᠢᠶᠠᠷ ᠴᠢᠮᠡᠭᠯᠡᠨ᠂ ᠪᠦᠬᠦ᠋ᠢᠯᠡ ᠵᠦᠴᠦᠭᠡ ᠨᠢ ᠳᠦᠷᠪᠡᠨ ᠬᠡᠰᠡᠭ ᠬᠤᠪᠢᠶᠠᠭᠳᠠᠨ ᠨᠢᠭᠡ ᠴᠠᠭ ᠦᠷᠭᠦᠯᠵᠢᠯᠡᠨ᠎ᠡ᠃ ᠵᠦᠴᠦᠭᠡ ᠨᠢ 7 ᠰᠠᠷ᠎ᠠ ᠶᠢᠨ 7 ᠤ ᠡᠳᠦᠷ ᠠᠴᠠ ᠡᠳᠦᠷ ᠪᠤᠯᠭᠠᠨ ᠤ ᠦᠳᠡᠰᠢ ᠶᠢᠨ 8᠄ 30 ᠠᠴᠠ 9᠄ 30 ᠪᠤᠯᠲᠠᠯ᠎ᠠ ᠲᠤᠭᠯᠠᠵᠤ᠂ ᠪᠤᠷᠤᠭᠠᠨ ᠬᠤᠷ᠎ᠠ ᠶᠢᠨ ᠨᠦᠯᠦᠭᠡ ᠠᠴᠠ ᠪᠤᠯᠵᠤ᠂ ᠤᠤᠯ ᠤᠨ ᠲᠤᠭᠲᠠᠭᠰᠠᠨ ᠶᠤᠰᠤᠭᠠᠷ 40 ᠡᠳᠦᠷ ᠲᠤᠭᠯᠠᠵᠤ ᠳᠡᠶᠢᠯᠦᠭᠰᠡᠨ ᠦᠭᠡᠢ ᠴᠤ ᠪᠦᠲᠦᠨ ᠨᠢᠭᠡ ᠰᠠᠷ ᠎ᠠ ᠲᠤᠭᠯᠠᠵᠠᠢ᠃       ︽ᠨᠤᠭᠤᠨᠵᠠᠶᠠᠭ᠎ᠠ︾ ᠵᠦᠴᠦᠭᠡ ᠶᠢᠨ ᠠᠮᠵᠢᠯᠲᠠ ᠲᠠᠢ ᠲᠤᠭᠯᠠᠭᠳᠠᠭᠰᠠᠨ ᠨᠢ ᠤᠩᠨᠢᠭᠤᠳ ᠬᠤᠰᠢᠭᠤᠨ ᠤ ᠤᠯᠠᠭᠠᠨᠮᠦ᠋ᠴᠢᠷ ᠤᠨ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠰᠢ ᠦᠭᠡᠢ ᠨᠢ ᠭᠠᠷᠴᠠᠭ᠎ᠠ ᠦᠭᠡᠢ ᠶᠤᠮ᠃ ︽︿ᠨᠤᠭᠤᠨᠵᠠᠶᠠᠭ᠎ᠠ﹀ ᠭᠡᠬᠦ ᠵᠦᠴᠦᠭᠡ ᠶᠢ ᠲᠤᠭᠯᠠᠬᠤ ᠳᠤ ᠪᠢᠳᠡ ᠤᠯᠠᠨ ᠲᠠᠯ᠎ᠠ ᠶᠢᠨ ᠲᠡᠦᠬᠡᠨ ᠪᠤᠲᠠᠲᠤ ᠮᠠᠲᠧᠷᠢᠶᠠᠯ ᠢ ᠤᠷᠪᠠᠭᠤᠯᠤᠨ᠂ ︿ᠨᠤᠭᠤᠨᠵᠠᠶᠠᠭ᠎ᠠ﹀ ᠭᠡᠬᠦ ᠳᠠᠭᠤᠤ ᠶᠢᠨ ᠢᠷᠡᠯᠲᠡ ᠭᠠᠷᠤᠯᠲᠠ ᠶᠢᠨ ᠲᠤᠬᠠᠢ ᠰᠤᠳᠤᠯᠤᠨ᠂ ᠤᠳᠤᠬᠠᠨ ᠤ ᠤᠩᠨᠢᠭᠤᠳ ᠬᠤᠰᠢᠭᠤᠨ ᠳᠤ ᠨᠤᠭᠤᠨᠵᠠᠶᠠᠭ᠎ᠠ ᠭᠡᠰᠡᠨ ᠬᠡᠦᠬᠡᠨ ᠮᠠᠨᠳᠦᠯᠡᠵᠦ ᠦᠩᠭᠡᠷᠡᠭᠰᠡᠨ ᠲᠡᠦᠬᠡᠨ ᠪᠤᠳᠠᠳᠤ ᠶᠠᠪᠤᠳᠠᠯ ᠢ ᠨᠤᠲᠠᠯᠠᠵᠤ᠂ ᠡᠨᠡᠬᠦ ᠪᠠᠶᠢᠳᠠᠯ ᠢ ᠬᠦᠮᠦᠰ ᠲᠤ ᠮᠡᠳᠡᠭᠳᠡᠬᠦ ᠪᠠᠷ ᠬᠠᠷᠠᠯᠲᠡ ᠪᠠᠨ ᠪᠤᠯᠭᠠᠨ᠂ ᠤᠷᠢᠳ ᠬᠤᠵᠢᠳ ᠨᠢᠭᠡ ᠵᠢᠯ ᠤᠨ ᠴᠠᠭ ᠬᠡᠷᠡᠭᠰᠡᠨ᠂ ᠵᠦᠴᠦᠭᠡ ᠶᠢᠨ ᠲᠡᠪᠲᠡᠷ᠂ ᠠᠶ᠎ᠠ᠂ ᠪᠦᠵᠢᠭ ᠨᠠᠶᠢᠷᠠᠭᠤᠯᠤᠨ ᠵᠤᠬᠢᠶᠠᠵᠤ᠂ ᠬᠠᠮᠲᠤᠪᠡᠷ ᠮᠠᠰᠢ ᠶᠡᠭᠡ ᠬᠦᠳᠡᠯᠮᠦᠷᠢ ᠬᠦᠴᠦ ᠭᠠᠷᠭᠠᠨ ᠵᠦᠴᠦᠭᠡ ᠪᠠᠨ ᠪᠤᠯᠪᠠᠰᠤᠷᠠᠭᠤᠯᠤᠭᠰᠠᠨ︾ ᠭᠡᠵᠦ ᠤᠩᠨᠢᠭᠤᠳ ᠬᠤᠰᠢᠭᠤᠨ ᠤ ᠤᠯᠠᠭᠠᠨᠮᠦ᠋ᠴᠢᠷ ᠤᠨ ᠳᠠᠷᠤᠭ᠎ᠠ ᠦᠨᠡᠨ ᠡᠷᠭᠢᠴᠡᠭᠦᠯᠦᠨ᠎ᠡ᠃      — ᠨᠤᠭᠤᠨᠵᠠᠶᠠᠭ᠎ᠠ ᠪᠤᠲᠠᠲᠤ ᠦᠵᠡᠭᠳᠡᠯᠲᠦ ᠵᠦᠴᠦᠭᠡ ᠶᠢᠨ ᠳᠠᠭᠤᠤ ᠪᠦᠵᠢᠭ᠂ ᠬᠤᠪᠴᠠᠰᠤ ᠵᠠᠰᠠᠯ᠂ ᠲᠠᠶᠢᠰᠠᠨ ᠤ ᠤᠷᠠᠯᠢᠭ ᠵᠡᠷᠭᠡ ᠨᠢ ᠪᠦᠷ ᠤᠯᠤᠰ ᠤᠨ ᠲᠤᠳᠤᠭᠠᠲᠤ ᠶᠢᠨ ᠲᠡᠷᠢᠭᠦᠨ ᠤ ᠬᠢ ᠳᠤ ᠲᠤᠭᠠᠴᠠᠭᠳᠠᠨ᠂ ᠮᠦᠨᠴᠦ ᠦᠪᠡᠷᠲᠡᠭᠡᠨ ᠵᠠᠰᠠᠬᠤ ᠤᠷᠤᠨ ᠤ ᠬᠠᠮᠤᠭ ᠳᠡᠭᠡᠳᠦ ᠳᠡᠰ ᠤᠨ ᠪᠤᠯᠤᠨ᠎ᠠ᠂ ᠡᠶᠢᠮᠦᠷᠬᠦ ᠨᠢᠭᠡᠨ ᠪᠦᠯᠬᠦᠮ ᠡᠶᠢᠮᠦ ᠰᠠᠶᠢᠬᠠᠨ ᠲᠤᠭᠯᠠᠯᠲᠠ ᠭᠠᠷᠭᠠᠵᠤ ᠪᠠᠶᠢᠬᠤ ᠳᠤ ᠪᠢᠳᠡ ᠴᠤ ᠵᠢᠯ ᠠᠴᠠ ᠵᠢᠯ ᠲᠡᠭᠦᠨ ᠢ ᠲᠡᠭᠦᠯᠳᠡᠷᠵᠢᠭᠦᠯᠬᠦ ᠪᠤᠯᠤᠨ᠎ᠠ ᠭᠡᠵᠦ ᠬᠠᠰ ᠯᠤᠤ ᠡᠯᠡᠰᠦᠨ ᠪᠦᠷᠢᠳᠦ ᠦᠵᠡᠮᠵᠢ ᠶᠢᠨ ᠤᠷᠤᠨ ᠤ ᠳᠠᠭᠠᠭᠠᠮᠠᠯ ᠸᠠᠩ ᠰᠢᠶᠤᠤ ᠹᠧᠩ ᠶᠠᠷᠢᠵᠤ ᠭᠠᠷᠤᠯ᠎ᠠ᠃         — ᠮᠠᠩᠬᠠᠨ ᠳᠡᠭᠡᠬᠦᠷ ᠴᠤᠪᠤᠷᠠᠯᠳᠤᠨ ᠶᠠᠪᠤᠬᠤ ᠲᠡᠮᠡᠭᠡᠨ ᠰᠦᠷᠦᠭ᠂ ᠲᠠᠶᠢᠰᠠᠨ ᠤ ᠡᠮᠦᠨᠡᠭᠦᠷ ᠳᠠᠪᠬᠢᠯᠠᠨ ᠦᠩᠭᠡᠷᠡᠬᠦ ᠮᠤᠷᠢᠨ ᠰᠦᠷᠦᠭ ᠨᠢ ᠲᠠᠶᠢᠰᠠᠨ ᠳᠡᠭᠡᠷᠡᠬᠢ ᠲᠤᠭᠯᠠᠭᠴᠢᠳ ᠤᠨ ᠲᠤᠭᠯᠠᠯᠲᠠ ᠲᠠᠢ ᠤᠴᠢᠷ ᠦᠭᠡᠢ ᠰᠠᠶᠢᠬᠠᠨ ᠠᠭᠤᠰᠤᠯᠴᠠᠵᠤ᠂ ᠶᠡᠷᠦ ᠪᠤᠰᠤ ᠶᠢᠨ ᠭᠤᠶᠤ ᠦᠵᠡᠮᠵᠢ ᠶᠢ ᠪᠦᠷᠢᠯᠳᠦᠭᠦᠯᠵᠡᠢ᠃ ᠦᠪᠡᠲᠡᠭᠰᠢ ᠶᠡᠭᠡ ᠬᠤᠷᠢᠮ ᠤᠨ ᠶᠤᠰᠤᠯᠠᠯ ᠨᠢ ᠮᠤᠩᠭᠤᠯ ᠦᠨᠳᠦᠰᠦᠲᠡᠨ ᠤ ᠵᠠᠩ ᠳᠠᠳᠬᠠᠯ᠂ ᠤᠨᠴᠠᠭᠠᠢᠢᠯᠠᠨ ᠬᠤᠷᠢᠮ ᠤᠨ ᠶᠤᠰᠤᠯᠠᠯ ᠢ ᠭᠦᠢᠴᠡᠳ ᠰᠠᠶᠢᠬᠠᠨ ᠳᠡᠯᠭᠡᠨ ᠦᠵᠡᠭᠦᠯᠵᠦ᠂ ᠬᠠᠷᠠᠭ᠎ᠠ ᠶᠢ ᠪᠠᠶᠠᠰᠬᠠᠨ ᠰᠡᠳᠭᠢᠯ ᠢ ᠳᠤᠭᠳᠤᠯᠤᠭᠤᠯᠵᠠᠢ᠂ ᠬᠡᠳᠦᠨ ᠵᠢᠯ ᠤᠨ ᠳᠠᠷᠠᠭ᠎ᠠ ᠪᠢ ᠪᠠᠰᠠ ᠠᠮᠠᠷᠠᠭ ᠬᠤᠩᠭᠤᠷ ᠲᠠᠢ ᠪᠠᠨ ᠡᠶᠢᠮᠦᠷᠬᠦ ᠭᠤᠶᠢᠲᠠ ᠰᠠᠶᠢᠬᠠᠨ ᠲᠠᠯ᠎ᠠ ᠨᠤᠲᠤᠭ ᠤᠨ ᠬᠤᠷᠢᠮ ᠬᠢᠬᠦ ᠶᠢ ᠬᠦᠰᠡᠵᠦ ᠪᠠᠶᠢᠨ᠎ᠠ ᠭᠡᠵᠦ ᠦᠵᠡᠭᠴᠢ ᠵᠠᠩ ᠫᠧᠩ ᠵᠦᠴᠦᠭᠡ ᠰᠤᠨᠢᠷᠬᠠᠭᠰᠠᠨ ᠲᠦᠷᠦᠭᠳᠡᠯ ᠢᠶᠠᠨ ᠶᠠᠷᠢᠨ᠎ᠠ᠃       ᠲᠤᠰ ᠵᠦᠴᠦᠭᠡ ᠪᠤᠯ ᠦᠪᠦᠷ ᠮᠤᠩᠭᠤᠯ ᠤᠨ ᠬᠠᠮᠤᠭ ᠠᠩᠬᠠᠨ ᠤ ᠲᠡᠦᠬᠡᠨ ᠪᠤᠲᠠᠲᠠᠢ ᠬᠦᠮᠦᠨ ᠳᠤ ᠰᠠᠭᠤᠷᠢᠯᠠᠨ ᠦᠭᠡᠷᠡᠴᠢᠯᠡᠨ ᠨᠠᠶᠢᠷᠠᠭᠤᠯᠤᠭᠰᠠᠨ ᠲᠤᠮᠤ ᠬᠡᠯᠪᠡᠷᠢ ᠶᠢᠨ ᠪᠤᠲᠠᠳᠤ ᠦᠵᠡᠭᠳᠡᠯᠲᠦ ᠵᠦᠴᠦᠭᠡ᠂ ᠡᠨᠡ ᠨᠢ ᠤᠯᠠᠭᠠᠨᠬᠠᠳᠠ ᠶᠢᠨ ᠪᠤᠳᠠᠳᠤ ᠦᠵᠡᠭᠳᠡᠯᠲᠦ ᠵᠦᠴᠦᠭᠡ ᠶᠢᠨ ᠬᠤᠭᠤᠰᠤᠨ ᠢ ᠨᠦᠬᠦᠪᠦᠷᠢᠯᠡᠵᠦ᠂ ᠤᠩᠨᠢᠭᠤᠳ ᠬᠤᠰᠢᠭᠤᠨ ᠤ ᠤᠯᠠᠨ ᠵᠢᠯ ᠤᠨ ᠲᠤᠷᠰᠢᠬᠢ ᠰᠤᠶᠤᠯ ᠪᠠ ᠵᠢᠭᠤᠯᠴᠢᠯᠠᠯ ᠢ ᠭᠦᠨᠴᠡ ᠠᠭᠤᠰᠤᠯᠴᠠᠭᠤᠯᠤᠭᠰᠠᠨ ᠠᠮᠵᠢᠯᠲᠠ ᠲᠠᠢ ᠵᠢᠱᠢᠶ᠎ᠡ ᠪᠤᠯᠵᠤ᠂ ᠰᠤᠶᠤᠯ ᠤᠨ ᠨᠡᠷ᠎ᠡ ᠠᠯᠳᠠᠷᠴᠠ ᠪᠠ ᠨᠦᠯᠦᠭᠡᠯᠡᠬᠦ ᠬᠦᠴᠦᠨ ᠢ ᠨᠡᠮᠡᠭᠳᠡᠭᠦᠯᠵᠦ᠂ ᠲᠤᠰ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠲᠠ᠂ ᠤᠯᠠᠮᠵᠢᠯᠠᠯ ᠪᠠ ᠬᠦᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠣᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号