ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠡᠯᠡᠰᠤᠨ ᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ 11 ᠰᠠᠷ᠎ᠠ ᠳᠤ ᠦᠪᠦᠷ ᠮᠣᠩᠭᠤᠯ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2017/9/25
      9 ᠰᠠᠷ᠎ᠠ ᠶᠢᠨ 20 ᠤ ᠡᠳᠦᠷ᠂ ︽2017 ᠤᠨ ᠤ ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠡᠯᠡᠰᠤᠨ ᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ︾ ᠤ ᠬᠡᠪᠯᠡᠯ ᠮᠡᠳᠡᠭᠡᠯᠡᠯ ᠤᠨ ᠬᠤᠷᠠᠯ ᠪᠡᠭᠡᠵᠢᠩ ᠳᠤ ᠶᠠᠪᠤᠭᠳᠠᠪᠠ᠃ ᠰᠤᠷᠪᠤᠯᠵᠢᠯᠠᠭᠴᠢ ᠤᠶᠢᠯᠠᠭᠠᠭᠰᠠᠨ ᠢᠶᠠᠷ᠂ ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠡᠯᠡᠰᠤᠨ ᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ 11 ᠰᠠᠷ᠎ᠠ ᠶᠢᠨ 9 ᠠᠴᠠ 13 ᠤ ᠡᠳᠦᠷ ᠪᠤᠯᠲᠠᠯ᠎ᠠ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠠᠱᠠ ᠵᠡᠭᠦᠨ ᠬᠤᠰᠢᠭᠤᠨ ᠳᠤ ᠶᠠᠪᠤᠭᠳᠠᠬᠤ ᠶᠤᠮ ᠪᠠᠶᠢᠨ᠎ᠠ᠃      ᠲᠤᠰ ᠤᠷᠤᠯᠳᠤᠭᠠᠨ ᠢ ᠤᠯᠤᠰ ᠤᠨ ᠰᠢᠨᠵᠢᠯᠡᠬᠦ ᠤᠬᠠᠭᠠᠨ ᠲᠤᠭ᠍ᠨᠤᠯᠤᠭᠢ ᠶᠢᠨ ᠶᠠᠮᠤᠨ ᠤ ᠨᠡᠶᠢᠭᠡᠮ ᠤᠨ ᠬᠦᠭᠵᠢᠯᠲᠠ ᠶᠢᠨ ᠵᠤᠷᠭᠠᠨ ᠠᠴᠠ ᠵᠢᠯᠤᠭᠤᠳᠴᠤ᠂ ᠦᠪᠦᠷ ᠮᠣᠩᠭᠤᠯ᠂ ᠨᠢᠩᠰᠢᠶᠠ᠂ ᠭᠠᠨᠰᠤ᠂ ᠰᠢᠨᠵᠢᠶᠠᠩ᠂ ᠬᠦᠬᠡᠨᠠᠭᠤᠷ᠂ ᠱᠠᠨᠰᠢ ᠵᠢᠷᠭᠤᠭᠠᠨ ᠮᠤᠵᠢ ᠤᠷᠤᠨ ᠤ ᠰᠢᠨᠵᠢᠯᠡᠬᠦ ᠤᠬᠠᠭᠠᠨ ᠲᠤᠭ᠍ᠨᠤᠯᠤᠭᠢ ᠶᠢᠨ ᠲᠢᠩᠭᠢᠮ ᠪᠤᠯᠤᠨ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠡᠬᠢᠷᠭ᠎ᠠ ᠠᠴᠠ ᠬᠠᠮᠲᠤᠷᠠᠨ ᠰᠠᠨᠠᠭᠠᠴᠢᠯᠠᠨ᠎ᠠ᠃ ᠤᠷᠤᠯᠳᠤᠭᠠᠨ ᠨᠢ ︽ᠲᠤᠭ᠍ᠨᠤᠯᠤᠭᠢ ᠶᠢᠨ ᠰᠢᠨ᠎ᠠ ᠡᠭᠦᠳᠦᠯᠲᠠ᠂ ᠶᠡᠭᠡ ᠦᠢᠯᠡᠰ ᠪᠦᠲᠦᠭᠡᠬᠦ︾ ᠪᠠᠷ ᠭᠤᠤᠯ ᠰᠡᠳᠦᠪ ᠢᠶᠠᠨ ᠪᠤᠯᠭᠠᠵᠤ᠂ ᠡᠯᠡᠰᠤᠨ ᠤ ᠠᠵᠤ ᠦᠢᠯᠡᠰ ᠤᠨ ᠰᠢᠨ᠎ᠠ ᠡᠭᠦᠳᠦᠯᠲᠠ ᠶᠢᠨ ᠲᠠᠪᠴᠠᠩ ᠢ ᠪᠤᠢ ᠪᠤᠯᠭᠠᠵᠤ᠂ ᠡᠯᠡᠰᠤᠨ ᠤ ᠠᠵᠤ ᠦᠢᠯᠡᠰ ᠤᠨ ᠲᠤᠭ᠍ᠨᠤᠯᠤᠭᠢ ᠶᠢᠨ ᠦᠷ᠎ᠠ ᠪᠦᠲᠦᠮᠵᠢ ᠶᠢ ᠬᠤᠪᠢᠷᠠᠭᠤᠯᠬᠤ ᠶᠢ ᠠᠬᠢᠭᠤᠯᠤᠨ᠂ ᠤᠯᠤᠰ ᠳᠠᠶᠠᠭᠠᠷ ᠲᠤ ᠵᠢᠱᠢᠶᠡᠴᠢ ᠬᠢᠭᠡᠳ ᠬᠦᠳᠦᠯᠬᠦ ᠦᠢᠯᠡᠳᠦᠯ ᠪᠦᠬᠦᠢ ᠰᠢᠨ᠎ᠠ ᠶᠢ ᠡᠭᠦᠳᠬᠦ ᠡᠯᠡᠰᠤᠨ ᠤ ᠠᠵᠤ ᠦᠢᠯᠡᠰ ᠤᠨ ᠬᠦᠭᠵᠢᠯᠲᠠ ᠶᠢᠨ ᠵᠠᠭᠪᠤᠷ ᠢ ᠪᠤᠢ ᠪᠤᠯᠭᠠᠬᠤ ᠪᠠᠷ ᠵᠤᠷᠢᠯᠲᠠ ᠪᠠᠨ ᠪᠤᠯᠭᠠᠵᠠᠢ᠃ ᠠᠵᠢᠯᠯᠠᠭᠠᠨ ᠤ ᠬᠤᠭᠤᠴᠠᠭᠠᠨ ᠳᠤ᠂ ᠡᠯᠡᠰᠤᠨ ᠤ ᠠᠵᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ᠂ ᠡᠯᠡᠰᠤᠨ ᠤ ᠠᠵᠤ ᠦᠢᠯᠡᠰ ᠤᠨ ᠮᠡᠷᠭᠡᠵᠢᠯ ᠤᠨ ᠦᠷ᠎ᠠ ᠪᠦᠲᠦᠮᠵᠢ ᠶᠢᠨ ᠰᠤᠯᠢᠯᠴᠠᠭᠠᠨ ᠤ ᠬᠤᠷᠠᠯ᠂ ᠡᠯᠡᠰᠤᠨ ᠤ ᠠᠵᠤ ᠦᠢᠯᠡᠰ ᠤᠨ ᠭᠠᠷᠤᠯᠲᠠ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠬᠤᠷᠠᠯ᠂ ᠡᠯᠡᠰᠤᠨ ᠤ ᠠᠵᠤ ᠦᠢᠯᠡᠰ ᠤᠨ ᠴᠢᠳᠠᠪᠤᠷᠢᠲᠠᠨ ᠰᠤᠯᠢᠯᠴᠠᠬᠤ ᠬᠤᠷᠠᠯ ᠵᠡᠷᠭᠡ ᠲᠦᠷᠪᠡᠨ ᠠᠵᠢᠯᠯᠠᠭ᠎ᠠ ᠲᠠᠢ᠃ ᠤᠯᠤᠰ ᠤᠨ ᠲᠤᠳᠤᠭᠠᠲᠤ ᠶᠢᠨ ᠡᠯᠡᠰᠤᠨ ᠤ ᠠᠵᠤ ᠦᠢᠯᠡᠰ ᠢᠶᠠᠷ ᠠᠵᠢᠯᠯᠠᠳᠠᠭ ᠲᠤᠭ᠍ᠨᠤᠯᠤᠭᠢ ᠶᠢᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠤᠯᠤᠨ ᠶᠡᠭᠡ ᠲᠡᠭᠡᠲᠤ ᠰᠤᠷᠭᠠᠭᠤᠯᠢ ᠶᠢᠨ ᠰᠢᠨ᠎ᠠ ᠶᠢ ᠡᠭᠦᠳᠬᠦ ᠪᠠᠭ ᠴᠦᠮ ᠤᠷᠤᠯᠳᠤᠭᠠᠨ ᠤ ᠠᠯᠪᠠᠨ ᠨᠤᠲ ᠲᠤ ᠨᠡᠷ᠎ᠠ ᠪᠦᠷᠢᠳᠭᠡᠭᠦᠯᠵᠤ ᠪᠤᠯᠤᠨ᠎ᠠ᠃ ︵ᠸᠠᠩ ᠯᠤ᠋︶
 
ᠢᠷᠡᠯᠲᠡ᠄ ᠦᠪᠦᠷ ᠮᠣᠩᠭᠤᠯ ᠤᠨ ᠰᠤᠨᠢᠨ ᠮᠡᠳᠡᠭᠡᠨ ᠤ ᠨᠤᠲ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号