ᠡᠮᠦᠨᠡᠭᠡᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ | ᠦᠷᠡᠵᠢᠯ ᠤᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠠ ᠨᠡᠶᠢᠭᠡᠮ ᠤᠨ ᠪᠠᠳᠤᠯᠠᠭ᠎ᠠ ᠶᠢᠨ | ᠲᠢᠩᠬᠢᠮ ᠵᠡᠷᠭᠡ ᠨᠢᠭᠡᠴᠡ ᠬᠠᠮᠳᠤᠷᠠᠨ ︽ᠡᠪᠡᠳᠴᠢᠨ ᠤ ᠲᠦᠷᠦᠯ ᠢᠶᠠᠷ ᠲᠦᠯᠦᠪᠦᠷᠢ ᠬᠤᠷᠢᠶᠠᠬᠤ ᠬᠤᠯᠪᠤᠭᠳᠠᠯ ᠪᠦᠬᠦᠢ | ᠠᠰᠠᠭᠤᠳᠠᠯ ᠤᠨ ᠲᠤᠬᠠᠢ ᠮᠡᠳᠡᠭᠳᠡᠯ︾ ︵ᠮᠡᠳᠡᠭᠳᠡᠯ ᠬᠡᠵᠤ ᠲᠤᠪᠴᠢᠯᠠᠶ᠎ᠠ︶ ᠢ ᠳᠠᠷᠤᠮᠠᠯᠯᠠᠨ ᠲᠠᠷᠬᠠᠭᠠᠵᠦ᠂ 50 | ᠲᠦᠷᠦᠯ ᠤᠨ ᠡᠪᠡᠳᠴᠢᠨ ᠳᠤ ᠡᠪᠡᠳᠴᠢᠨ ᠤ ᠲᠦᠷᠦᠯ ᠢᠶᠠᠷ ᠨᠢ ᠲᠦᠯᠦᠪᠦᠷᠢ ᠬᠤᠷᠢᠶᠠᠬᠤ ᠠᠷᠭ᠎ᠠ ᠶᠢ ᠨᠢᠭᠡᠳᠦᠯᠳᠠᠢ | ᠭᠡᠷᠡᠭᠵᠢᠬᠦᠯᠬᠦ ᠪᠠᠷ ᠪᠤᠯᠪᠠ᠃ | ︽ᠮᠡᠳᠡᠭᠳᠡᠯ︾ ᠳᠤ᠂ ᠦᠪᠦᠷ ᠮᠤᠩᠭᠤᠯ ᠤᠨ ᠬᠤᠶᠠᠳᠤᠭᠠᠷ ᠳᠡᠰ ᠵᠢᠴᠢ ᠬᠤᠶᠠᠳᠤᠭᠠᠷ ᠳᠡᠰ ᠠᠴᠠ | ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠡᠪᠡᠳᠴᠢᠨ ᠤ ᠲᠦᠷᠦᠯ ᠢᠶᠠᠷ ᠨᠢ | ᠲᠦᠯᠦᠪᠦᠷᠢ ᠬᠤᠷᠢᠶᠠᠬᠤ ᠦᠭᠡᠷᠡᠴᠢᠯᠡᠯᠳᠡ ᠶᠢ ᠭᠡᠷᠡᠭᠵᠢᠬᠦᠯᠵᠦ᠂ ᠦᠪᠦᠷ ᠮᠤᠩᠭᠤᠯ ᠤᠨ ᠡᠮᠴᠢᠯᠡᠭᠡ ᠶᠢᠨ | ᠦᠢᠯᠡᠴᠢᠯᠡᠭᠡᠨ ᠤ ᠦᠨ᠎ᠡ ᠶᠢ ᠲᠤᠭᠳᠠᠭᠠᠬᠤ ᠬᠡᠯᠪᠡᠷᠢ ᠶᠢᠨ ᠦᠭᠡᠷᠡᠴᠢᠯᠡᠯᠳᠡ ᠶᠢ ᠠᠬᠢᠭᠤᠯᠤᠨ᠂ ᠡᠮᠴᠢᠯᠡᠭᠡᠨ ᠤ | ᠵᠠᠷᠤᠳᠠᠯ ᠤᠨ ᠵᠤᠬᠢᠰ ᠦᠭᠡᠢ ᠨᠡᠮᠡᠭᠳᠡᠯ ᠢ ᠬᠢᠵᠠᠭᠠᠷᠯᠠᠵᠤ᠂ ᠤᠯᠠᠨ ᠲᠦᠮᠡᠨ ᠤ ᠳᠠᠷᠤᠭᠠᠰᠦ ᠶᠢ ᠬᠦᠩᠭᠡᠷᠡᠬᠦᠯᠦᠨ᠎ᠡ ᠭᠡᠵᠦ | ᠳᠤᠳᠤᠷᠬᠠᠶᠢᠯᠠᠪᠠ᠃ ᠲᠤᠰ ︽ᠮᠡᠳᠡᠭᠳᠡᠯ︾ ᠢ 9 ᠰᠠᠷ᠎ᠠ ᠶᠢᠨ 1 ᠤ ᠡᠳᠦᠷ ᠠᠴᠠ ᠡᠬᠢᠯᠡᠨ ᠨᠢᠭᠡ ᠵᠢᠯ ᠤᠨ | ᠬᠤᠭᠤᠴᠠᠭ᠎ᠠ ᠲᠠᠢ ᠲᠤᠷᠰᠢᠨ ᠬᠡᠷᠡᠭᠵᠢᠬᠦᠯᠦᠨ᠎ᠡ᠃ | ︽ᠮᠡᠳᠡᠭᠳᠡᠯ︾ ᠳᠤ᠂ ᠦᠪᠦᠷ ᠮᠤᠩᠭᠤᠯ ᠤᠨ ᠬᠤᠶᠠᠳᠤᠭᠠᠷ ᠳᠡᠰ ᠵᠢᠴᠢ ᠬᠤᠶᠠᠳᠤᠭᠠᠷ ᠳᠡᠰ ᠠᠴᠠ | ᠳᠡᠭᠡᠭᠰᠢᠬᠢ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠳᠤ ᠠᠩᠬᠠᠨ ᠤ ᠪᠦᠯᠦᠭ 50 ᠲᠦᠷᠦᠯ ᠤᠨ | ᠡᠪᠡᠳᠴᠢᠨ ᠳᠤ ᠡᠪᠡᠳᠴᠢᠨ ᠤ ᠲᠦᠷᠦᠯ ᠢᠶᠠᠷ ᠨᠢ ᠲᠦᠯᠦᠪᠦᠷᠢ ᠬᠤᠷᠢᠶᠠᠬᠤ ᠶᠢ ᠨᠢᠭᠡᠳᠦᠯᠳᠠᠢ ᠭᠡᠷᠡᠭᠵᠢᠬᠦᠯᠵᠦ᠂ | ᠡᠪᠡᠳᠴᠢᠨ ᠢ ᠤᠨᠤᠰᠢᠯᠠᠨ ᠵᠠᠰᠠᠭᠰᠠᠨ ᠨᠡᠷᠡᠶᠢᠳᠦᠯ ᠵᠢᠴᠢ ᠮᠡᠰᠡ ᠵᠠᠰᠠᠯ ᠬᠢᠭᠰᠡᠨ ᠨᠢ ᠡᠪᠡᠳᠴᠢᠨ ᠤ ᠲᠦᠷᠦᠯ ᠢᠶᠠᠷ | ᠲᠦᠯᠦᠪᠦᠷᠢ ᠬᠤᠷᠢᠶᠠᠬᠤ ᠨᠦᠬᠦᠴᠡᠯ ᠳᠤ ᠨᠡᠶᠢᠴᠡᠭᠰᠡᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠳ | ᠵᠢᠴᠢ ᠡᠮᠨᠡᠬᠦᠯᠦᠭᠰᠡᠨ ᠲᠦᠯᠦᠪᠦᠷᠢ ᠢᠶᠠᠨ ᠦᠪᠡᠷ ᠢᠶᠠᠨ ᠬᠠᠷᠢᠭᠤᠴᠠᠬᠤ ᠡᠪᠡᠳᠴᠢᠳᠡᠳ ᠢ ᠪᠦᠬᠦᠨ ᠢ ᠡᠪᠡᠳᠴᠢᠨ ᠤ | ᠲᠦᠷᠦᠯ ᠢᠶᠠᠷ ᠲᠦᠯᠦᠪᠦᠷᠢ ᠬᠤᠷᠢᠶᠠᠬᠤ ᠬᠡᠪᠴᠢᠶᠡᠨ ᠲᠤ ᠬᠠᠮᠤᠷᠤᠭᠤᠯᠤᠨ᠎ᠠ᠃ ᠡᠭᠦᠨ ᠤ ᠵᠡᠷᠭᠡᠪᠡᠷ᠂ ᠡᠪᠡᠳᠴᠢᠨ ᠤ | ᠲᠦᠷᠦᠯ ᠢᠶᠠᠷ ᠲᠦᠯᠦᠪᠦᠷᠢ ᠬᠤᠷᠢᠶᠠᠬᠤ ᠳᠤ ᠠᠳᠠᠯᠢ ᠪᠤᠰᠤ ᠲᠦᠯᠦᠪᠦᠷᠢ ᠬᠤᠷᠢᠶᠠᠬᠤ ᠲᠦᠷᠦ ᠶᠢᠨ ᠪᠤᠳᠤᠯᠭ᠎ᠠ | ᠭᠡᠷᠡᠭᠵᠢᠬᠦᠯᠬᠦ ᠶᠢ ᠳᠤᠳᠤᠷᠬᠠᠢᠢᠯᠠᠵᠦ᠂ ᠡᠮᠨᠡᠯᠭᠡ ᠶᠢᠨ ᠬᠤᠷᠢᠶᠠᠨ ᠤ ᠠᠳᠠᠯᠢ ᠪᠤᠰᠤ ᠲᠡᠰ ᠶᠢ ᠦᠨᠳᠦᠰᠦᠯᠡᠨ ᠬᠤᠶᠠᠷ | ᠵᠦᠢᠯ ᠤᠨ ᠲᠦᠯᠦᠪᠦᠷᠢ ᠬᠤᠷᠢᠶᠠᠬᠤ ᠪᠠᠷᠢᠮᠵᠢᠶ᠎ᠠ ᠲᠤᠭᠳᠠᠭᠠᠵᠦ᠂ ᠳᠡᠰ ᠬᠤᠪᠢᠶᠠᠨ ᠤᠨᠤᠰᠢᠯᠠᠬᠤ ᠶᠢ ᠠᠬᠢᠭᠤᠯᠤᠨ᠎ᠠ | ᠭᠡᠵᠦ ᠳᠤᠳᠤᠷᠬᠠᠶᠢᠯᠠᠪᠠ᠃ | ︽ᠮᠡᠳᠡᠭᠳᠡᠯ︾ ᠳᠤ᠂ ᠡᠯ᠎ᠡ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠲᠤᠰ ᠲᠤᠰ ᠤᠨ | ᠡᠪᠡᠳᠴᠢᠨ ᠤ ᠲᠦᠷᠦᠯ ᠢᠶᠠᠷ ᠲᠦᠯᠦᠪᠦᠷᠢ ᠬᠤᠷᠢᠶᠠᠬᠤ ᠠᠵᠢᠯ ᠢ ᠭᠡᠷᠡᠭᠵᠢᠬᠦᠯᠬᠦ ᠲᠦᠰᠦᠯ ᠢ ᠬᠢᠨᠠᠮᠠᠭᠠᠢ | ᠲᠤᠭᠳᠠᠭᠠᠬᠤ ᠶᠢᠨ ᠵᠡᠷᠭᠡᠪᠡᠷ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠡᠮᠴᠢᠯᠡᠭᠡᠨ ᠤ ᠤᠨᠤᠰᠢᠯᠠᠨ ᠵᠠᠰᠠᠬᠤ | ᠠᠷᠭ᠎ᠠ ᠶᠢᠨ ᠬᠠᠮᠢᠶᠠᠷᠤᠯᠳᠠ ᠶᠢ ᠲᠡᠬᠦᠯᠳᠡᠷᠵᠢᠬᠦᠯᠵᠦ᠂ ᠡᠪᠡᠳᠴᠢᠨ ᠤ ᠲᠦᠷᠦᠯ ᠢᠶᠠᠷ ᠰᠦᠢᠳᠬᠡᠯ ᠬᠤᠷᠢᠶᠠᠬᠤ ᠶᠢ | ᠭᠡᠷᠡᠭᠵᠢᠬᠦᠯᠬᠦ ᠶᠢ ᠵᠦᠪᠰᠢᠶᠡᠷᠡᠬᠦ ᠪᠤᠯᠤᠨ ᠬᠦᠴᠦᠨᠦᠭᠡᠢ ᠪᠤᠯᠭᠠᠬᠤ ᠲᠤᠭᠳᠠᠴᠠ ᠶᠢ ᠲᠤᠭᠳᠠᠭᠠᠨ ᠲᠡᠬᠦᠯᠳᠡᠷᠵᠢᠬᠦᠯᠵᠦ᠂ | ᠡᠪᠡᠳᠴᠢᠳᠡᠨ ᠲᠠᠢ ︽ᠡᠪᠡᠳᠴᠢᠨ ᠤ ᠲᠦᠷᠦᠯ ᠢᠶᠠᠷ ᠲᠦᠯᠦᠪᠦᠷᠢ ᠬᠤᠷᠢᠶᠠᠬᠤ ᠪᠠᠶᠢᠳᠠᠯ ᠢ ᠮᠡᠳᠡᠭᠳᠡᠬᠦ ᠪᠢᠴᠢᠭ︾ | ᠲᠤᠭᠳᠠᠵᠦ᠂ ᠡᠪᠡᠳᠴᠢᠳᠡᠨ ᠤ ᠪᠠᠶᠢᠳᠠᠯ ᠢ ᠤᠶᠢᠯᠠᠭᠠᠵᠤ᠂ ᠡᠮᠨᠡᠯᠭᠡ ᠶᠢᠨ ᠬᠤᠷᠢᠶ᠎ᠠ ᠵᠦᠢ ᠵᠤᠬᠢᠰᠳᠠᠢ ᠤᠨᠤᠰᠢᠯᠠᠨ | ᠡᠮᠴᠢᠯᠡᠬᠦ ᠶᠢ ᠪᠠᠲᠤᠯᠠᠬᠤ ᠭᠡᠷᠡᠭᠳᠠᠢ ᠭᠡᠵᠦ ᠱᠠᠭᠠᠷᠳᠠᠵᠡᠢ᠃ |