ᠮᠠᠠ ᠤ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠦᠪᠯᠡᠯ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/9/25
      9 ᠰᠠᠷ᠎ᠠ ᠶᠢᠨ 19 ᠤ ᠡᠳᠦᠷ᠂ ᠳᠤᠮᠳᠠᠳᠦ ᠤᠯᠤᠰ ᠤᠨ ᠡᠪ ᠬᠠᠮᠲᠦ ᠨᠠᠮ ᠤᠨ ᠤᠯᠠᠭᠠᠠᠬᠠᠳᠡ ᠬᠤᠳᠡ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠠᠯ ᠪᠠᠶᠢᠭᠤᠯᠤᠭᠳᠠᠭᠰᠡᠨ ᠬᠤᠷᠠᠯ ᠬᠤᠷᠠᠯᠳᠤᠵᠦ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠥᠪᠯᠡᠯ ᠪᠠᠶᠢᠭᠤᠯᠤᠭᠳᠠᠭᠰᠡᠨ ᠢ ᠲᠤᠩᠬᠠᠭᠯᠠᠵᠦ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃        ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠵᠢᠶᠦ᠋ᠩ ᠶᠠᠷᠢᠶ᠎ᠠ ᠲᠠᠯᠪᠢᠵᠦ᠂ ᠬᠤᠲᠠ ᠶᠢᠨ ᠵᠠᠰᠠᠭ ᠤᠨ ᠤᠷᠳᠤᠨ ᠤ ᠳᠡᠳ᠋ ᠳᠠᠷᠤᠭ᠎ᠠ᠂ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠥᠪᠯᠡᠯ ᠤᠨ ᠱᠦᠵᠢ ᠢᠤᠢ ᠸᠧᠨ ᠲᠤᠤ ᠤᠷᠤᠯᠴᠠᠵᠦ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠤᠨ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠥᠪᠯᠡᠯ ᠪᠠᠶᠢᠭᠤᠯᠬᠤ ᠲᠤᠬᠠᠢ ᠴᠢᠬᠤᠯᠠ ᠴᠤᠬᠤᠯᠠᠪᠥᠷᠢ ᠶᠢ ᠨᠠᠶᠢᠳᠡᠯᠠᠪᠠ᠃      ᠯᠢ ᠵᠢᠶᠦ᠋ᠩ᠂ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠬᠡᠶᠢᠷᠡᠭᠦᠯᠵᠦ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠠᠢ᠃ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠠᠯ ᠢ ᠪᠠᠶᠢᠭᠤᠯᠬᠤ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠥᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠴᠠᠷᠠᠭ᠎ᠠ ᠶᠢᠨ ᠠᠵᠢᠯ ᠤᠨ ᠲᠤᠯᠭᠠᠮ᠎ᠠ ᠱᠠᠭᠠᠷᠳᠠᠯᠭ᠎ᠠ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠪᠠᠲᠤᠯᠠᠭ᠎ᠠ ᠪᠤᠯᠤᠨ᠎ᠠ︔ ᠡᠭᠦᠷᠭᠡ ᠬᠠᠷᠢᠭᠤᠴᠠᠯᠭ᠎ᠠ ᠶᠢ ᠲᠤᠳᠤᠷᠠᠭᠤᠯᠵᠦ᠂ ᠠᠵᠢᠯ ᠢ ᠨᠠᠶᠢᠳᠠᠪᠥᠷᠢᠵᠢᠭᠤᠯᠬᠤ ᠶᠢ ᠴᠢᠩᠭ᠎ᠠ ᠠᠳᠬᠤᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ᠋ᠢᠯᠡ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠠᠢ᠃ ᠵᠥᠪ ᠤᠨᠤᠪᠴᠢᠲᠠᠢ ᠪᠠᠷ ᠰᠤᠷᠭᠠᠭᠤᠯᠢ ᠡᠷᠬᠢᠯᠡᠬᠦ ᠴᠢᠭᠯᠡᠯ᠂ ᠰᠤᠷᠭᠠᠨ ᠬᠥᠮᠦᠵᠢᠯ ᠤᠨ ᠠᠵᠢᠯ ᠤᠨ ᠭᠤᠤᠯ ᠡᠭᠦᠷᠭᠡ᠂ ᠬᠦᠴᠢᠷ ᠠᠰᠠᠭᠤᠳᠠᠯ ᠢ ᠰᠢᠢᠳᠪᠥᠷᠢᠯᠡᠵᠦ᠂ ᠲᠤᠲᠠᠭᠳᠠᠯ ᠢᠶᠠᠨ ᠨᠥᠬᠦᠪᠥᠷᠢᠯᠡᠬᠦ ᠵᠡᠷᠭᠡ ᠲᠠᠯ᠎ᠠ ᠶᠢᠨ ᠲᠤᠭᠤᠷᠢᠨ ᠳᠤ ᠠᠷᠭ᠎ᠠ ᠰᠥᠪᠡᠭᠴᠢᠯᠡᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠡᠷᠡᠭᠲᠠᠢ︔ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠤᠭᠲᠠᠴᠠ ᠪᠠᠨ ᠲᠡᠬᠦᠯᠳᠡᠷᠵᠢᠬᠦᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠥᠪᠯᠡᠯ ᠤᠨ ᠪᠦᠲᠦᠮᠵᠢᠲᠦ ᠡᠷᠭᠢᠯᠲᠡ ᠶᠢ ᠪᠠᠲᠤᠯᠠᠬᠤ ᠬᠡᠷᠡᠭᠲᠠᠢ︔ ᠬᠠᠷᠢᠭᠤᠴᠠᠯᠭ᠎ᠠ ᠶᠢ ᠨᠠᠶᠢᠳᠠᠪᠥᠷᠢᠵᠢᠭᠤᠯᠬᠤ ᠲᠤᠭᠲᠠᠴᠠ᠂ ᠬᠢᠨᠠᠨ ᠪᠠᠶᠢᠴᠠᠭᠠᠵᠦ ᠰᠢᠯᠭᠠᠨ ᠲᠤᠭᠲᠠᠭᠠᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠩᠭ᠎ᠠ ᠪᠤᠲᠠᠲᠠᠢ ᠪᠠᠶᠢᠬᠤ ᠬᠡᠪ ᠰᠤᠷᠲᠠᠯ ᠪᠤᠯᠤᠨ ᠡᠴᠦᠰ ᠲᠤᠨᠢ ᠲᠤᠯᠲᠠᠯ᠎ᠠ ᠠᠳᠬᠤᠬᠤ ᠵᠤᠷᠢᠭ ᠰᠠᠨᠠᠭ᠎ᠠ ᠪᠠᠷ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ᠂ ᠪᠤᠲᠠᠲᠠᠢ ᠠᠳᠬᠤᠵᠦ᠂ ᠦᠷ᠎ᠡ ᠪᠦᠲᠦᠮᠵᠢ ᠭᠠᠷᠭᠠᠠ᠂ ᠰᠤᠷᠭᠠᠨ ᠬᠥᠮᠦᠵᠢᠯ ᠤᠨ ᠤᠳᠤᠬᠢᠴᠢᠯᠠᠭᠰᠡᠨ ᠬᠥᠭᠵᠢᠯᠲᠡ ᠶᠢ ᠲᠦᠯᠬᠢᠨ ᠠᠬᠢᠭᠤᠯᠵᠦ᠂ ᠳᠤᠮᠳᠠᠳᠦ ᠤᠯᠤᠰ ᠤᠨ ᠤᠨᠴᠠᠯᠢᠬᠲᠦ ᠨᠡᠶᠢᠭᠡᠮ ᠵᠢᠷᠦᠮᠳᠦ ᠤᠢᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠤᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠦ ᠪᠠᠬᠢ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠠᠢ ᠭᠡᠵᠦ ᠴᠢᠬᠤᠯᠠᠴᠢᠯᠠᠵᠠᠢ᠃      ᠬᠤᠷᠠᠯ ᠳᠡᠭᠡᠷ᠎ᠠ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠠᠯ ᠢ ᠪᠠᠶᠢᠭᠤᠯᠬᠤ ᠲᠤᠬᠠᠢ ᠬᠠᠮᠢᠶ᠎ᠠ ᠪᠦᠬᠦᠢ ᠶᠠᠪᠤᠳᠠᠯ ᠤᠨ ᠮᠡᠳᠡᠭᠳᠡᠯ︾ ᠢ ᠵᠠᠷᠯᠠᠵᠠᠢ᠃     ᠬᠤᠷᠠᠯ ᠤᠨ ᠳᠠᠷᠠᠭ᠎ᠠ᠂ ᠬᠤᠲᠠ ᠶᠢᠨ ᠵᠠᠰᠠᠭ ᠤᠨ ᠤᠷᠳᠤᠨ ᠤ ᠳᠡᠳ᠋ ᠳᠠᠷᠤᠭ᠎ᠠ᠂ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠥᠪᠯᠡᠯ ᠤᠨ ᠱᠦᠵᠢ ᠢᠤᠢ ᠸᠧᠨ ᠲᠤᠤ ᠪᠤᠯᠤᠨ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶᠠᠨ ᠤ ᠬᠠᠷᠢᠭᠤᠴᠠᠯᠭᠠᠲᠠᠨ ᠠᠴᠠ ᠳᠤᠮᠳᠠᠳᠦ ᠤᠯᠤᠰ ᠤᠨ ᠡᠪ ᠬᠠᠮᠲᠦ ᠨᠠᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠠᠯ ᠤᠨ ᠫᠠᠶᠢᠰᠠ ᠰᠡᠭᠦᠬᠦ ᠶᠤᠰᠤᠯᠠᠯ ᠶᠠᠪᠤᠭᠳᠠᠭᠤᠯᠵᠦ᠂ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠵᠥᠪᠯᠡᠯ ᠤᠨ ᠨᠢᠭᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠬᠤᠷᠠᠯᠳᠤᠪᠠ᠃ ︵ᠰᠠᠶᠢᠬᠠᠨᠴᠡᠴᠡᠭ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号