ᠪᠦᠬᠦ ᠤᠷᠤᠨ ᠤ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠶᠢᠨ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2017/9/26
       9 ᠳ᠋ᠦ᠋ᠭᠡᠷ ᠰᠠᠷ᠎ᠠ ᠶᠢᠨ 21 ᠤ ᠡᠳᠦᠷ᠂ ᠪᠦᠬᠦ ᠤᠷᠤᠨ ᠤ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠤᠨ ᠭᠤᠤᠯ ᠡᠭᠦᠷᠭᠡ ᠪᠤᠯ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠤᠨᠴᠠᠭᠠᠶᠢᠯᠠᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠬᠦᠯᠢ ᠴᠤᠬᠴᠠ ᠶᠢᠨ ᠪᠠᠶᠢᠷᠢᠯᠠᠭᠤᠯᠤᠯᠳᠠ ᠶᠤᠰᠤᠭᠠᠷ ᠤᠳᠤᠬᠢ ᠪᠤᠯᠤᠨ ᠳᠠᠷᠠᠭᠠᠴᠢ ᠶᠢᠨ ᠬᠡᠰᠡᠭ ᠬᠤᠭᠤᠴᠠᠭᠠᠨ ᠤ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠶᠢᠨ ᠠᠵᠢᠯ ᠢ ᠰᠤᠳᠤᠯᠤᠨ ᠲᠤᠬᠢᠷᠠᠭᠤᠯᠪᠠ᠃       ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃       ᠪᠠᠢ ᠢᠦᠢ ᠭᠠᠩ ᠵᠢᠭᠠᠵᠤ ᠭᠠᠷᠭᠠᠬᠰᠠᠨ ᠨᠢ᠂ ︽ᠠᠷᠪᠠᠨ ᠬᠤᠶᠠᠳᠤᠭᠠᠷ ᠳᠠᠪᠤᠨ ᠵᠢᠯ︾ ᠠᠴᠠ ᠨᠠᠰᠢ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠹᠷᠤᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠶᠢᠨ ᠳᠠᠪᠠᠭᠤ ᠰᠠᠶᠢᠨ ᠪᠠᠶᠢᠳᠠᠯ ᠢ ᠪᠠᠳᠤᠯᠠᠬᠤ ᠶᠢ ᠠᠭᠢᠭᠤᠯᠵᠤ᠂ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠰᠢᠨ᠎ᠡ ᠠᠬᠢᠴᠠ ᠲᠠᠢ ᠪᠤᠯᠵᠤ᠂ ᠰᠤᠶᠤᠯ ᠤᠨ ᠠᠵᠤ ᠦᠢᠯᠡᠰ ᠤᠨ ᠬᠦᠭᠵᠢᠯᠳᠡ ᠰᠢᠨ᠎ᠡ ᠰᠢᠪᠲᠤᠯᠤᠯᠲᠠ ᠲᠠᠢ ᠪᠤᠯᠪᠠ ᠭᠡᠵᠡᠢ᠃       ᠪᠠᠢ ᠢᠦᠢ ᠭᠠᠩ ᠴᠢᠬᠤᠯᠠᠴᠢᠯᠠᠬᠰᠠᠨ ᠨᠢ᠂ ᠰᠢᠨ᠎ᠡ ᠲᠡᠦᠬᠡᠨ ᠨᠦᠬᠦᠴᠡᠯ ᠳᠤᠤᠷ᠎ᠠ᠂ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠶᠢ ᠠᠬᠢᠭᠤᠯᠬᠤ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠭᠡᠢ ᠳᠠᠨᠢᠵᠤ᠂ ᠦᠭᠡᠷᠡᠴᠢᠯᠡᠯᠳᠡ ᠶᠢᠨ ︽ᠶᠡᠷᠦᠩᠬᠡᠢ ᠳᠠᠩᠰᠠ︾ ᠲᠠᠢ ᠬᠠᠷᠭᠤᠭᠤᠯᠵᠤ᠂ ᠬᠤᠶᠠᠷ ᠦᠷ᠎ᠡ ᠠᠰᠢᠭ ᠢ ᠨᠢᠭᠡᠳᠭᠡᠭᠰᠡᠨ ᠪᠠᠶᠢᠭᠤᠯᠤᠮᠵᠢ ᠳᠤᠬᠳᠠᠴᠠ ᠶᠢ ᠬᠦᠴᠦᠯᠡᠨ ᠪᠠᠶᠢᠭᠤᠯᠵᠤ᠂ ᠰᠤᠨᠢᠨ ᠮᠡᠳᠡᠭᠡ ᠵᠠᠭᠤᠴᠢᠯᠠᠭᠤᠷ ᠤᠨ ᠵᠦᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠳᠠᠯᠠᠬᠤ ᠪᠠᠶᠢᠭᠤᠯᠤᠮᠵᠢ ᠳᠤᠬᠳᠠᠴᠠ ᠶᠢ ᠳᠡᠭᠦᠯᠳᠡᠷᠵᠢᠭᠦᠯᠵᠤ᠂ ᠤᠯᠤᠰ ᠤᠨ ᠦᠮᠴᠢᠯᠡᠯᠳᠦ ᠰᠤᠶᠤᠯ ᠤᠷᠠᠯᠢᠭ ᠤᠨ ᠬᠦᠷᠢᠶᠡᠯᠡᠩ ᠪᠦᠯᠬᠦᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠤᠳᠤ ᠦᠶ᠎ᠡ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠤ᠂ ᠵᠦᠭ ᠴᠢᠭᠯᠡᠯ ᠢᠶᠠᠨ ᠪᠠᠷᠢᠮᠳᠠᠯᠠᠵᠤ᠂ ᠤᠨᠢᠨ ᠳᠡᠭᠡᠷ᠎ᠡ ᠨᠢ ᠬᠦᠴᠦᠯᠡᠵᠤ᠂ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠦᠨᠵᠡᠭᠡᠶᠢᠷᠡᠯᠳᠡ ᠶᠢ ᠠᠭᠢᠭᠤᠯᠵᠤ᠂ ᠲᠦᠯᠦᠪᠵᠢᠬᠦᠯᠭᠡ ᠪᠠᠷ ᠬᠦᠳᠦᠯᠦᠨ᠂ ᠪᠦᠲᠦᠴᠡ ᠪᠠᠷ ᠠᠭᠢᠭᠤᠯᠵᠤ᠂ ᠭᠤᠤᠯ ᠴᠤᠬᠴᠠ ᠢᠶᠠᠷ ᠲᠦᠯᠬᠢᠨ ᠠᠬᠢᠭᠤᠯᠵᠤ᠂ ᠲᠦᠷᠦᠯ ᠵᠦᠢᠯ ᠢᠶᠠᠷ ᠳᠠᠶᠢᠴᠢᠯᠠᠵᠤ᠂ ᠠᠭᠤᠰᠤᠯᠴᠠᠯ ᠢᠶᠠᠷ ᠬᠤᠷᠰᠢᠯᠴᠠᠵᠤ᠂ ᠬᠡᠷᠡᠭᠯᠡᠭᠡ ᠪᠠᠷ ᠳᠠᠳᠠᠬᠤ ᠶᠢ ᠪᠠᠷᠢᠮᠳᠠᠯᠠᠵᠤ᠂ ᠰᠤᠶᠤᠯ ᠤᠨ ᠠᠵᠤ ᠦᠢᠯᠡᠰ ᠢ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢᠯᠠᠬᠤ ᠴᠢᠨᠠᠷᠳᠠᠢ ᠠᠵᠤ ᠦᠢᠯᠡᠰ ᠪᠤᠯᠭᠠᠬᠤ ᠪᠠᠷ ᠬᠦᠴᠦᠯᠡᠨ ᠴᠢᠷᠮᠠᠶᠢᠵᠤ᠂ ᠰᠤᠶᠤᠯ ᠤᠨ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠳᠠ ᠶᠢᠨ ᠠᠬᠢᠴᠠ ᠪᠠᠨ ᠲᠦᠷᠭᠡᠳᠭᠡᠵᠤ᠂ ᠦᠨᠳᠦᠰᠦᠳᠡᠨ ᠤ ᠰᠤᠶᠤᠯ ᠤᠨ ᠬᠦᠴᠦᠷᠬᠡᠭ ᠤᠷᠤᠨ ᠤ ᠪᠦᠲᠦᠭᠡᠨ ᠪᠠᠶᠢᠭᠤᠯᠤᠯᠳᠠ ᠶᠢ ᠠᠭᠢᠭᠤᠯᠵᠤ᠂ ︽ᠦᠵᠡᠰᠭᠦᠯᠡᠩᠳᠤ ᠰᠠᠶᠢᠬᠠᠨ ᠦᠪᠦᠷ ᠮᠤᠩᠭᠤᠯ ᠶᠢᠡᠨ ᠪᠦᠲᠦᠭᠡᠨ ᠪᠠᠶᠢᠭᠤᠯᠵᠤ ᠳᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠭᠡᠯᠰᠢᠭᠦᠯᠬᠦ︾ ᠳᠤ ᠰᠤᠶᠤᠯ ᠤᠨ ᠬᠦᠴᠦᠳᠦ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号