《ᠠᠰᠢᠬᠠᠨ ᠰᠤᠮᠣ ᠪᠦᠬᠦ ᠤᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠠᠮᠲᠣ ᠨᠢᠭᠡᠴᠡ ᠪᠠᠷ ᠦᠨᠡᠯᠡᠭᠳᠡᠪᠡ》ᠭᠡᠬᠦ ᠪᠠᠶᠠᠷ ᠤᠨ ᠴᠢᠮᠡᠭᠡ ᠵᠢᠷᠬᠢᠶ᠎ᠡ ᠶᠢᠨ ᠨᠠᠶᠢᠵᠠ ᠶᠢᠨ ᠲᠤᠭᠤᠷᠢᠭ ᠢᠶᠠᠷ | ᠳᠠᠮᠵᠢᠭᠳᠠᠨ ᠰᠠᠴᠣᠭᠳᠠᠨᠠ᠃ | | | | | 9 ᠰᠠᠷ᠎ᠠ ᠶᠢᠨ 25 ᠤ ᠡᠳᠦᠷ᠂ ᠬᠦᠬᠡᠬᠤᠲᠠ ᠳᠤ ᠬᠤᠷᠠᠯᠳᠣᠭᠰᠠᠨ ᠥᠪᠡᠷᠲᠡᠭᠡᠨ ᠵᠠᠰᠠᠬᠤ ᠣᠷᠣᠨ ᠤ | ᠶᠢᠰᠦᠳᠦᠭᠡᠷ ᠣᠳᠠᠭᠠᠨ ᠤ ᠦᠨᠳᠦᠰᠦᠳᠡᠨ ᠠ ᠪᠦᠯᠬᠦᠮᠳᠡᠯ ᠳᠠᠪᠰᠢᠯᠲᠠ ᠶᠢᠨ ᠬᠦᠬᠢᠭᠦᠯᠦᠨ ᠰᠠᠶᠢᠰᠢᠶᠠᠬᠤ ᠬᠤᠷᠠᠯ | ᠳᠡᠭᠡᠷ᠎ᠡ᠂ ᠤᠩᠨᠢᠭᠤᠳ ᠬᠤᠰᠢᠭᠤᠨ ᠤ ᠠᠰᠢᠬᠠᠨ ᠰᠤᠮᠣ ᠪᠦᠬᠦ ᠣᠷᠦᠨ ᠤ ᠦᠨᠳᠦᠰᠦᠲᠡᠨᠤ ᠪᠦᠯᠬᠦᠮᠳᠡᠯ | ᠲᠠᠪᠰᠢᠯᠲᠡ ᠶᠢᠨ ᠵᠢᠱᠢᠶ᠎ᠡ ᠦᠵᠡᠭᠦᠯᠬᠦ ᠬᠠᠮᠲᠣ ᠨᠢᠭᠡᠴᠡ ᠪᠠᠷ ᠦᠨᠡᠯᠡᠭᠳᠡᠪᠡ᠃ | ᠠᠰᠢᠬᠠᠨ ᠰᠣᠮᠦ ᠶᠢᠨ ᠳᠠᠷᠤᠭ᠎ᠠ ᠰᠡᠩᠭᠡ :《 ᠤᠶᠢᠷ᠎ᠠ ᠶᠢᠨ ᠵᠢᠯ ᠳᠤ᠂ ᠮᠠᠨ ᠤ ᠰᠤᠮᠣ ᠨᠢ ᠦᠨᠳᠦᠰᠦᠲᠡᠨᠤ | ᠪᠦᠯᠬᠦᠮᠳᠡᠯ ᠳᠠᠪᠰᠢᠯᠲᠡ ᠶᠢᠨ ᠬᠦᠮᠦᠵᠢᠯ ᠤᠨ ᠠᠵᠢᠯ ᠢ ᠴᠢᠩᠭᠠᠳᠬᠠᠵᠣ᠂ ᠦᠨᠳᠦᠰᠦᠲᠡᠨ ᠨᠦᠬᠦᠳ ᠤᠨ ᠠᠷᠠᠳ | ᠲᠦᠮᠡᠨ ᠠ ᠦᠵᠡᠯ ᠰᠠᠨᠠᠭ᠎ᠠ ᠲᠠᠨᠢᠯᠲᠡ ᠶᠢ ᠳᠡᠭᠡᠭᠰᠢᠯᠡᠭᠦᠯᠵᠦ᠂ ᠦᠨᠳᠦᠰᠦᠲᠡᠨᠤ ᠲᠥᠷᠦ ᠶᠢᠨ ᠪᠤᠳᠣᠯᠭ᠎ᠠ ᠶᠢ | ᠨᠠᠶᠢᠳᠠᠪᠦᠷᠢᠵᠢᠭᠤᠯᠦᠨ᠂ ᠦᠨᠳᠦᠰᠦᠲᠡᠨ ᠤ ᠠᠵᠣ ᠠᠬᠤᠢ ᠪᠠ ᠨᠡᠶᠢᠭᠡᠮ ᠤᠨ ᠦᠢᠯᠡᠰ ᠢ ᠬᠦᠭᠵᠢᠭᠦᠯᠵᠦ᠂ ᠡᠯ᠎ᠡ | ᠦᠨᠳᠦᠰᠦᠲᠡᠨ ᠠ ᠠᠷᠠᠳ ᠲᠦᠮᠡᠨ ᠳᠤ ᠰᠠᠶᠢᠨ ᠶᠠᠪᠣᠳᠠᠯ ᠪᠤᠲᠠᠳᠣ ᠶᠠᠪᠣᠳᠠᠯ ᠬᠢᠵᠦ᠂ ᠦᠨᠳᠦᠰᠦᠳᠡᠨ ᠤ | ᠪᠦᠯᠬᠦᠮᠳᠡᠯ ᠢ ᠰᠠᠶᠢᠲᠣᠷ ᠠᠳᠬᠤᠨ᠂ ᠤᠷᠣᠨ ᠨᠣᠲᠤᠭ ᠤᠨ ᠠᠵᠣ ᠠᠬᠤᠢ ᠶᠢᠨ ᠬᠦᠭᠵᠢᠯᠲᠡ ᠶᠢ ᠪᠦᠲᠦᠮᠵᠢᠲᠠᠢ | ᠠᠬᠢᠭᠤᠯᠣᠭᠰᠠᠭᠠᠷ ᠢᠷᠡᠵᠠᠢ 》 ᠬᠡᠵᠣ ᠶᠠᠷᠢᠨ᠎ᠠ᠃ | ᠣᠶᠢᠯᠭᠠᠭᠰᠠᠨ ᠢᠶᠠᠷ ᠤᠶᠢᠷ᠎ᠠ ᠶᠢᠨ ᠵᠢᠯ ᠳᠤ᠂ ᠠᠰᠢᠬᠠᠨ ᠰᠣᠮᠣ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠪᠦᠬᠦ ᠰᠣᠮᠣ ᠶᠢᠨ ᠡᠯ᠎ᠡ ᠦᠨᠳᠦᠰᠦᠲᠡᠨ ᠠ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠣ᠂ ᠰᠠᠬᠢᠨ | ᠪᠠᠷᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠲᠡᠨ ᠲᠡᠮᠡᠴᠡᠵᠣ᠂ ᠠᠵᠣ ᠠᠬᠤᠢ᠂ ᠣᠯᠣᠰ ᠲᠥᠷᠦ᠂ ᠰᠤᠶᠤᠯ᠂ | ᠨᠡᠶᠢᠭᠡᠮ ᠪᠠ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠳᠣᠮᠳᠠ ᠢᠯᠡᠳᠲᠡ ᠦᠷ᠎ᠡ ᠪᠦᠲᠦᠮᠵᠢ ᠬᠦᠷᠲᠡᠭᠰᠡᠨ | ᠪᠠᠶᠢᠨ᠎ᠠ ᠃ | | ᠢᠷᠠᠭᠤ ᠠᠯᠳᠠᠷ ᠤᠨ ᠰᠠᠮᠪᠠᠷ᠎ᠠ᠄ | 2014ᠣᠨ ᠳᠤ᠂ ᠠᠰᠢᠬᠠᠨ ᠰᠤᠮᠣ ᠪᠦᠬᠦ ᠣᠯᠣᠰ ᠤᠨ ᠡᠯᠡᠰᠦ ᠶᠢ ᠵᠠᠰᠠᠭᠰᠠᠨ ᠲᠡᠷᠢᠭᠦᠨ ᠤ ᠨᠢᠭᠡᠴᠡ ᠪᠠᠷ | ᠦᠨᠡᠯᠡᠭᠳᠡᠪᠡ᠃ | 2015ᠣᠨ ᠳᠤ ᠂ ᠣᠯᠠᠭᠠᠨᠬᠠᠳᠠ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ | ᠲᠡᠷᠢᠭᠦᠨ ᠤ ᠬᠠᠮᠲᠣ ᠨᠢᠭᠡᠴᠡ ᠪᠠᠷ ᠦᠨᠡᠯᠡᠭᠳᠡᠪᠡ᠃ | 2016ᠣᠨ ᠳᠤ᠂《 ᠪᠦᠬᠦ ᠣᠷᠣᠨ ᠤ ᠴᠡᠪᠡᠷ ᠴᠡᠮᠴᠡᠭᠡᠷ ᠰᠤᠮᠣ》 ᠭᠡᠬᠦ ᠢᠷᠠᠭᠤ ᠠᠯᠳᠠᠷ ᠢ ᠬᠦᠷᠲᠡᠪᠡ᠃ | | 2017ᠣᠨ ᠳᠤ᠂ ᠪᠦᠬᠦ ᠤᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠠᠮᠲᠣ ᠨᠢᠭᠡᠴᠡ ᠪᠠᠷ ᠦᠨᠡᠯᠡᠭᠳᠡᠪᠡ ᠃ | ᠰᠤᠷᠪᠣᠯᠵᠢᠯᠠᠭᠴᠢ ᠪᠠᠶᠠᠰᠣᠯ | | |