ᠤᠩᠨᠢᠭᠤᠳ ᠬᠤᠰᠢᠭᠤᠨ ᠤ ᠠᠰᠢᠬᠠᠨ ᠰᠤᠮᠣ ᠪᠦᠬᠦ ᠤᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠣ ᠨᠢᠭᠡᠴᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2017/9/27
     《ᠠᠰᠢᠬᠠᠨ ᠰᠤᠮᠣ ᠪᠦᠬᠦ ᠤᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠣ ᠨᠢᠭᠡᠴᠡ ᠪᠠᠷ ᠦᠨᠡᠯᠡᠭᠳᠡᠪᠡ》ᠭᠡᠬᠦ ᠪᠠᠶᠠᠷ ᠤᠨ ᠴᠢᠮᠡᠭᠡ ᠵᠢᠷᠬᠢᠶ᠎ᠡ ᠶᠢᠨ ᠨᠠᠶᠢᠵᠠ ᠶᠢᠨ ᠲᠤᠭᠤᠷᠢᠭ ᠢᠶᠠᠷ ᠳᠠᠮᠵᠢᠭᠳᠠᠨ ᠰᠠᠴᠣᠭᠳᠠᠨ᠎ᠠ᠃
      9 ᠰᠠᠷ᠎ᠠ ᠶᠢᠨ 25 ᠤ ᠡᠳᠦᠷ᠂ ᠬᠦᠬᠡᠬᠤᠲᠠ ᠳᠤ ᠬᠤᠷᠠᠯᠳᠣᠭᠰᠠᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠣᠳᠠᠭᠠᠨ ᠤ ᠦᠨᠳᠦᠰᠦᠳᠡᠨ ᠠ ᠪᠦᠯᠬᠦᠮᠳᠡᠯ ᠳᠠᠪᠰᠢᠯᠲᠠ ᠶᠢᠨ ᠬᠦᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠤᠩᠨᠢᠭᠤᠳ ᠬᠤᠰᠢᠭᠤᠨ ᠤ ᠠᠰᠢᠬᠠᠨ ᠰᠤᠮᠣ ᠪᠦᠬᠦ ᠣᠷᠦᠨ ᠤ ᠦᠨᠳᠦᠰᠦᠲᠡᠨ‌‍ᠤ ᠪᠦᠯᠬᠦᠮᠳᠡᠯ ᠲᠠᠪᠰᠢᠯᠲᠡ ᠶᠢᠨ ᠵᠢᠱᠢᠶ᠎ᠡ ᠦᠵᠡᠭᠦᠯᠬᠦ ᠬᠠᠮᠲᠣ ᠨᠢᠭᠡᠴᠡ ᠪᠠᠷ ᠦᠨᠡᠯᠡᠭᠳᠡᠪᠡ᠃      ᠠᠰᠢᠬᠠᠨ ᠰᠣᠮᠦ ᠶᠢᠨ ᠳᠠᠷᠤᠭ᠎ᠠ ᠰᠡᠩᠭᠡ :《 ᠤᠶᠢᠷ᠎ᠠ ᠶᠢᠨ ᠵᠢᠯ ᠳᠤ᠂ ᠮᠠᠨ ᠤ ᠰᠤᠮᠣ ᠨᠢ ᠦᠨᠳᠦᠰᠦᠲᠡᠨ‌‍ᠤ ᠪᠦᠯᠬᠦᠮᠳᠡᠯ ᠳᠠᠪᠰᠢᠯᠲᠡ ᠶᠢᠨ ᠬᠦᠮᠦᠵᠢᠯ ᠤᠨ ᠠᠵᠢᠯ ᠢ ᠴᠢᠩᠭᠠᠳᠬᠠᠵᠣ᠂ ᠦᠨᠳᠦᠰᠦᠲᠡᠨ ᠨᠦᠬᠦᠳ ᠤᠨ ᠠᠷᠠᠳ ᠲᠦᠮᠡᠨ ᠠ ᠦᠵᠡᠯ ᠰᠠᠨᠠᠭ᠎ᠠ ᠲᠠᠨᠢᠯᠲᠡ ᠶᠢ ᠳᠡᠭᠡᠭᠰᠢᠯᠡᠭᠦᠯᠵᠦ᠂ ᠦᠨᠳᠦᠰᠦᠲᠡᠨ‌‍ᠤ ᠲᠥᠷᠦ ᠶᠢᠨ ᠪᠤᠳᠣᠯᠭ᠎ᠠ ᠶᠢ ᠨᠠᠶᠢᠳᠠᠪᠦᠷᠢᠵᠢᠭᠤᠯᠦᠨ᠂ ᠦᠨᠳᠦᠰᠦᠲᠡᠨ ᠤ ᠠᠵᠣ ᠠᠬᠤᠢ ᠪᠠ  ᠨᠡᠶᠢᠭᠡᠮ ᠤᠨ ᠦᠢᠯᠡᠰ ᠢ ᠬᠦᠭᠵᠢᠭᠦᠯᠵᠦ᠂ ᠡᠯ᠎ᠡ ᠦᠨᠳᠦᠰᠦᠲᠡᠨ ᠠ ᠠᠷᠠᠳ ᠲᠦᠮᠡᠨ ᠳᠤ ᠰᠠᠶᠢᠨ ᠶᠠᠪᠣᠳᠠᠯ ᠪᠤᠲᠠᠳᠣ ᠶᠠᠪᠣᠳᠠᠯ ᠬᠢᠵᠦ᠂ ᠦᠨᠳᠦᠰᠦᠳᠡᠨ ᠤ ᠪᠦᠯᠬᠦᠮᠳᠡᠯ ᠢ ᠰᠠᠶᠢᠲᠣᠷ ᠠᠳᠬᠤᠨ᠂ ᠤᠷᠣᠨ ᠨᠣᠲᠤᠭ ᠤᠨ ᠠᠵᠣ ᠠᠬᠤᠢ ᠶᠢᠨ ᠬᠦᠭᠵᠢᠯᠲᠡ ᠶᠢ ᠪᠦᠲᠦᠮᠵᠢᠲᠠᠢ ᠠᠬᠢᠭᠤᠯᠣᠭᠰᠠᠭᠠᠷ ᠢᠷᠡᠵᠠᠢ 》 ᠬᠡᠵᠣ ᠶᠠᠷᠢᠨ᠎ᠠ᠃      ᠣᠶᠢᠯᠭᠠᠭᠰᠠᠨ ᠢᠶᠠᠷ ᠤᠶᠢᠷ᠎ᠠ ᠶᠢᠨ ᠵᠢᠯ ᠳᠤ᠂ ᠠᠰᠢᠬᠠᠨ ᠰᠣᠮᠣ ᠶᠢᠨ ᠨᠠᠮ ᠤᠨ ᠬᠤᠷᠢᠶ᠎ᠠ  ᠵᠠᠰᠠᠭ ᠤᠨ ᠣᠷᠳᠣᠨ ᠪᠦᠬᠦ ᠰᠣᠮᠣ ᠶᠢᠨ ᠡᠯ᠎ᠡ ᠦᠨᠳᠦᠰᠦᠲᠡᠨ ᠠ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠣ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠲᠡᠨ ᠲᠡᠮᠡᠴᠡᠵᠣ᠂ ᠠᠵᠣ ᠠᠬᠤᠢ᠂ ᠣᠯᠣᠰ ᠲᠥᠷᠦ᠂ ᠰᠤᠶᠤᠯ᠂ ᠨᠡᠶᠢᠭᠡᠮ ᠪᠠ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠳᠣᠮᠳᠠ ᠢᠯᠡᠳᠲᠡ ᠦᠷ᠎ᠡ ᠪᠦᠲᠦᠮᠵᠢ ᠬᠦᠷᠲᠡᠭᠰᠡᠨ ᠪᠠᠶᠢᠨ᠎ᠠ  ᠃             ᠢᠷᠠᠭᠤ  ᠠᠯᠳᠠᠷ ᠤᠨ ᠰᠠᠮᠪᠠᠷ᠎ᠠ᠄       2014ᠣᠨ ᠳᠤ᠂ ᠠᠰᠢᠬᠠᠨ ᠰᠤᠮᠣ ᠪᠦᠬᠦ ᠣᠯᠣᠰ ᠤᠨ ᠡᠯᠡᠰᠦ ᠶᠢ ᠵᠠᠰᠠᠭᠰᠠᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃       2015ᠣᠨ ᠳᠤ  ᠂ ᠣᠯᠠᠭᠠᠨᠬᠠᠳᠠ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠲᠡᠷᠢᠭᠦᠨ ᠤ ᠬᠠᠮᠲᠣ ᠨᠢᠭᠡᠴᠡ ᠪᠠᠷ ᠦᠨᠡᠯᠡᠭᠳᠡᠪᠡ᠃       2016ᠣᠨ ᠳᠤ᠂《 ᠪᠦᠬᠦ ᠣᠷᠣᠨ ᠤ ᠴᠡᠪᠡᠷ ᠴᠡᠮᠴᠡᠭᠡᠷ ᠰᠤᠮᠣ》 ᠭᠡᠬᠦ ᠢᠷᠠᠭᠤ ᠠᠯᠳᠠᠷ ᠢ ᠬᠦᠷᠲᠡᠪᠡ᠃       2017ᠣᠨ ᠳᠤ᠂ ᠪᠦᠬᠦ ᠤᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠣ ᠨᠢᠭᠡᠴᠡ ᠪᠠᠷ ᠦᠨᠡᠯᠡᠭᠳᠡᠪᠡ  ᠃                                                            ᠰᠤᠷᠪᠣᠯᠵᠢᠯᠠᠭᠴᠢ ᠪᠠᠶᠠᠰᠣᠯ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号