ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢᠨ ᠬᠦᠷᠢᠶ᠎ᠡ ᠴᠠᠷᠠᠭᠠᠨ ᠳᠠᠬᠢ ︽ᠠᠰᠢᠭ ᠯᠡ ᠦᠵᠡᠪᠡᠯ ᠰᠢᠨᠤᠬᠤ︾ ᠢᠯᠵᠡᠷᠡᠯ ᠢ ᠲᠦᠪᠯᠡᠷᠡᠬᠦᠯᠤᠠ ᠪᠠᠶᠢᠴᠠᠭᠠᠨ ᠴᠡᠭᠴᠡᠯᠡᠬᠦ ᠠᠵᠢᠯᠯᠠᠭᠠᠨ ᠦᠷᠨᠢᠬᠦᠯᠵᠦ ᠪᠤᠢ
ᠨᠡᠶᠢᠲᠡᠯᠡᠭᠰᠡᠨ ᠴᠠᠭ᠄
2017/9/5
   ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠲᠠᠯ ᠪᠤᠯᠤᠨ ᠢᠯᠵᠡᠷᠡᠯ ᠤᠨ ᠠᠰᠠᠭᠤᠲᠠᠯ ᠢ ᠢᠯᠡᠷᠡᠬᠦᠯᠦᠨ ᠰᠶᠢᠳᠪᠦᠷᠢᠯᠡᠬᠦ ᠶᠢᠨ ᠲᠦᠯᠦᠭᠡ᠂ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ 8 ᠰᠠᠷ᠎ᠠ ᠠᠴᠠ ᠡᠬᠢᠯᠡᠨ ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢᠨ ᠬᠦᠷᠢᠶ ᠎ᠡ ᠴᠠᠷᠠᠭᠠᠨ ᠳᠠᠬᠢ ︽ᠠᠰᠢᠭ ᠯᠡ ᠦᠵᠡᠪᠡᠯ ᠰᠢᠨᠤᠬᠤ︾ ᠢᠯᠵᠡᠷᠡᠯ ᠢ ᠲᠦᠪᠯᠡᠷᠡᠬᠦᠯᠦᠨ ᠪᠠᠶᠢᠴᠠᠭᠠᠨ ᠴᠡᠭᠴᠡᠯᠡᠬᠦ ᠠᠵᠢᠯᠯᠠᠭᠠᠨ ᠢ ᠵᠤᠬᠢᠶᠠᠨ ᠪᠠᠶᠢᠭᠤᠯᠤᠨ ᠦᠷᠨᠢᠬᠦᠯᠵᠤ ᠪᠠᠶᠢᠨ᠎ᠠ᠃     ᠴᠡᠭᠴᠡᠯᠡᠨ ᠵᠠᠰᠠᠬᠤ ᠶᠠᠪᠤᠴᠠ ᠳᠤ᠂ ᠡᠯ᠎ᠡ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢᠨ ᠠᠵᠢᠯ ᠢ ᠭᠦᠢᠴᠡᠳᠭᠡᠬᠦ ᠶᠠᠪᠤᠴᠠ ᠳᠤ ᠤᠯᠠᠨ ᠲᠦᠮᠡᠨ ᠳᠤ ᠲᠦᠪᠡᠭ ᠤᠴᠠᠷᠠᠭᠤᠯᠤᠭᠰᠠᠨ᠂ ᠢᠳᠡᠵᠦ ᠠᠪᠬᠤ ᠭᠠᠴᠢᠬᠤ᠂ ᠬᠤᠳᠠᠯ ᠢᠶᠠᠷ ᠮᠡᠳᠡᠬᠦᠯᠦᠨ ᠬᠠᠭᠤᠷᠮᠠᠭᠯᠠᠨ ᠠᠪᠤᠭᠰᠠᠨ᠂ ᠰᠤᠷᠠᠭ ᠵᠠᠩᠭᠢ ᠢᠯᠡ ᠲᠤᠳᠤᠷᠬᠠᠢ ᠪᠤᠰᠤ᠂ ᠪᠡᠯᠡ ᠮᠦᠡᠭᠭᠦ ᠶᠢ ᠭᠦᠢᠴᠡᠳ ᠲᠠᠷᠬᠠᠭᠠᠭᠰᠠᠨ ᠦᠭᠡᠢ ᠵᠡᠷᠭᠡ ᠲᠤᠪᠤᠶᠢᠮ᠎ᠠ ᠠᠰᠠᠭᠤᠲᠠᠯ ᠢ ᠭᠤᠤᠯᠳᠠᠯᠭ᠎ᠠ ᠲᠠᠢ ᠪᠠᠶᠢᠴᠠᠭᠠᠨ᠂ ᠲᠠᠩᠰᠠ ᠡᠪᠬᠡᠮᠡᠯ ᠪᠠᠶᠢᠭᠤᠯᠵᠤ᠂ ᠬᠦᠳᠡᠯᠦᠩᠭᠦᠢ ᠬᠢᠨᠠᠨ ᠪᠠᠶᠢᠴᠠᠭᠠᠯᠲᠠ ᠪᠠ ᠬᠠᠮᠢᠶᠠᠷᠤᠯᠲᠠ ᠶᠢ ᠬᠡᠷᠡᠭᠵᠢᠬᠦᠯᠵᠦ᠂ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠤᠲᠠᠢ ᠦᠷᠨᠢᠬᠦᠯᠪᠡ᠃ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠬᠤᠯᠪᠤᠭᠠᠯᠠᠨ ᠱᠠᠭᠠᠷᠳᠠᠨ ᠪᠠᠶᠢᠴᠠᠭᠠᠬᠤ ᠲᠤᠭᠤᠶᠢᠯᠠᠩ ᠪᠠᠶᠢᠭᠤᠯᠤᠨ᠂ ᠪᠠᠭᠠᠷᠢᠨ ᠵᠡᠬᠦᠨ ᠬᠤᠰᠢᠭᠤ᠂ ᠤᠩᠨᠢᠭᠤᠳ ᠬᠤᠰᠢᠭᠤ᠂ ᠰᠦᠩ ᠱᠠᠨ ᠲᠤᠭᠤᠷᠢᠭ᠂ ᠨᠢᠩᠴᠧᠩ ᠰᠢᠶᠠᠨ ᠳᠤ ᠬᠦᠷᠴᠦ ᠴᠡᠭᠴᠡᠯᠡᠨ ᠵᠠᠰᠠᠬᠤ ᠠᠵᠢᠯᠯᠠᠭᠠᠨ ᠦᠷᠨᠢᠬᠦᠯᠵᠦ᠂ ᠬᠤᠰᠢᠭᠤ ᠰᠢᠶᠠᠨ ᠲᠤᠭᠤᠷᠢᠭ ᠪᠤᠯᠭᠠᠨ ᠠᠴᠠ ᠬᠤᠶᠠᠷ ᠰᠤᠮᠤ ᠰᠢᠶᠠᠩ ᠪᠠᠯᠭᠠᠰᠤ᠂ ᠰᠤᠮᠤ ᠰᠢᠶᠠᠩ ᠪᠠᠯᠭᠠᠰᠤ‌‍ᠪ᠊ ‍ᠤᠯᠭᠠᠨ‌ᠡᠴᠠ ᠬᠤᠶᠠᠷ ᠭᠠᠴᠠᠭ᠎ᠠ ᠲᠤᠰᠬᠤᠨ ᠢ ᠰᠤᠭᠤᠴᠢᠠ ᠪᠠᠶᠢᠴᠠᠭᠠᠵᠤ᠂ ᠮᠡᠳᠡᠬᠦᠯᠦᠯᠲᠡ ᠰᠤᠨᠤᠰᠬᠤ᠂ ᠲᠠᠩᠰᠠ ᠡᠪᠬᠡᠮᠡᠯ ᠢ ᠬᠢᠨᠡᠨ ᠦᠵᠡᠬᠦ᠂ ᠭᠡᠷᠡᠴᠢ ᠦᠨᠡᠮᠯᠡᠯ ᠢ ᠪᠠᠶᠢᠴᠠᠭᠠᠨ ᠦᠵᠡᠬᠦ᠂ ᠡᠷᠦᠬᠡ ᠳᠤ ᠬᠦᠷᠴᠦ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠭᠠᠵᠠᠷ ᠤᠨ ᠪᠠᠶᠢᠴᠠᠭᠠᠨ ᠵᠠᠰᠠᠨ ᠴᠡᠭᠴᠡᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠭᠤᠴᠢᠠ ᠪᠠᠶᠢᠴᠠᠭᠠᠪᠠ᠃ ᠤᠳᠤᠬᠠᠨ ᠳᠤ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭᠠᠨ ᠲᠤᠮᠳᠠ ᠢᠯᠡᠷᠡᠬᠦᠯᠦᠭᠰᠡᠨ ᠠᠰᠠᠭᠤᠲᠠᠯ ᠢ ᠡᠮᠬᠢᠳᠭᠡᠨ ᠵᠠᠳᠠᠯᠵᠤ᠂ ᠬᠠᠨᠳᠤᠯᠭ᠎ᠠ ᠲᠠᠢ ᠪᠠᠷ ᠴᠡᠭᠴᠡᠯᠡᠨ ᠵᠠᠰᠠᠬᠤ ᠰᠠᠨᠠᠯ ᠲᠤᠷᠠᠳᠪᠠ᠃ ᠪᠦᠬᠦ ᠬᠤᠲᠠ ᠶᠢᠨ ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢᠨ ᠬᠦᠷᠢᠶ᠎ᠡ ᠴᠠᠷᠠᠭᠠᠨ ᠳᠠᠬᠢ ︽ᠠᠰᠢᠭ ᠯᠡ ᠦᠵᠡᠪᠡᠯ ᠰᠢᠨᠤᠬᠤ︾ ᠢᠯᠵᠡᠷᠡᠯ ᠢ ᠲᠦᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠬᠦᠯᠬᠦ ᠪᠠᠷ ᠪᠠᠶᠢᠨ᠎ᠠ᠃                                                            ᠨᠠᠶᠢᠷᠠᠭᠤᠯᠤᠭᠴᠢ᠄ ᠭᠡᠭᠡᠨᠳᠤᠶᠠᠭ᠎ᠠ
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号