ᠦᠪᠦᠷ ᠮᠤᠩᠭᠤᠯ ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠲᠠᠷᠬᠠᠭᠠᠬᠤ ᠪᠠᠷᠢᠮᠵᠢᠶ᠎ᠠ ᠶᠢ ᠳᠠᠬᠢᠨ ᠳᠡᠭᠡᠭᠰᠢᠯᠡᠬᠦᠯᠵᠦ ᠬᠠᠮᠤᠭ ᠦᠨᠳᠦᠷ ᠨᠢ 96 ᠲᠦᠭᠦᠷᠢᠭ ᠨᠡᠮᠡᠭᠳᠡᠪᠡ
ᠨᠡᠶᠢᠲᠡᠯᠡᠭᠰᠡᠨ ᠴᠠᠭ᠄
2017/9/6
      ᠰᠤᠷᠪᠤᠯᠵᠢᠯᠠᠭᠴᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭᠠᠨ ᠤ ᠲᠢᠩᠬᠢᠮ ᠠᠴᠠ ᠤᠢᠢᠯᠠᠭᠠᠭᠰᠠᠨ ᠢᠶᠠᠷ᠂ ᠦᠪᠦᠷ ᠮᠤᠩᠭᠤᠯ ᠡᠨᠡ ᠵᠢᠯ ᠤᠨ 8 ᠰᠠᠷ᠎ᠠ ᠠᠴᠠ ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠶᠢᠨ ᠲᠠᠷᠬᠠᠭᠠᠬᠤ ᠪᠠᠷᠢᠮᠵᠢᠶ᠎ᠠ ᠶᠢ ᠳᠠᠬᠢᠨ ᠳᠡᠭᠡᠭᠰᠢᠯᠡᠬᠦᠯᠵᠤ᠂ ᠬᠠᠮᠤᠭ ᠦᠨᠳᠦᠷ ᠨᠡᠮᠡᠭᠳᠡᠴᠡ 96 ᠲᠦᠭᠦᠷᠢᠭ ᠲᠤ ᠬᠦᠷᠪᠡ᠃       ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠶᠢ 1 ᠠᠴᠠ 12 ᠰᠠᠷ᠎ᠠ ᠪᠤᠯᠲᠠᠯ᠎ᠠ ᠨᠢᠭᠡᠳᠦᠯᠲᠡᠢ ᠲᠦᠯᠦᠪᠯᠡᠭᠰᠡᠨ ᠭᠠᠵᠠᠷ ᠤᠷᠤᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢᠨ 80% ᠢᠶᠠᠷ ᠲᠠᠷᠬᠠᠭᠠᠵᠤ᠂ 13 ᠳ᠋ᠤᠭᠠᠷ ᠰᠠᠷ᠎ᠠ ᠠᠴᠠ 24 ᠳ᠋ᠤᠭᠡᠷ ᠰᠠᠷ᠎ᠠ ᠪᠤᠯᠳᠠᠯ᠎ᠠ ᠭᠠᠵᠠᠷ ᠤᠷᠤᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢᠨ 70% ᠢᠶᠠᠷ ᠲᠠᠷᠬᠠᠭᠠᠨ᠎ᠠ ᠭᠡᠵᠦ ᠳᠤᠳᠤᠷᠬᠠᠢ ᠲᠤᠭᠳᠠᠭᠠᠪᠠ᠃      ᠤᠳᠤᠬᠠᠨ ᠳᠤ᠂ ᠦᠪᠦᠷ ᠮᠤᠩᠭᠤᠯ ᠤᠨ ᠨᠢᠭᠡᠳᠦᠬᠡᠷ ᠲᠦᠷᠦᠯ ᠤᠨ ᠭᠠᠵᠠᠷ ᠤᠷᠤᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠰᠠᠷ᠎ᠠ ᠪᠦᠷᠢ 1760 ᠲᠦᠭᠦᠷᠢᠭ᠂ ᠬᠤᠶᠠᠳᠤᠭᠠᠷ ᠲᠦᠷᠦᠯ ᠤᠨ ᠭᠠᠵᠠᠷ ᠤᠷᠤᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠰᠠᠷ᠎ᠠ ᠪᠦᠷᠢ 1660 ᠲᠦᠭᠦᠷᠢᠭ᠂ ᠭᠤᠷᠪᠠᠳᠤᠭᠠᠷ ᠲᠦᠷᠦᠯ ᠤᠨ ᠭᠠᠵᠠᠷ ᠤᠷᠤᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠰᠠᠷ᠎ᠠ ᠪᠦᠷᠢ 1560 ᠲᠦᠭᠦᠷᠢᠭ᠂ ᠳᠦᠷᠪᠡᠳᠦᠭᠡᠷ ᠲᠦᠷᠦᠯ ᠤᠨ ᠭᠠᠵᠠᠷ ᠤᠷᠤᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠰᠠᠷ᠎ᠠ ᠪᠦᠷᠢ1460 ᠲᠦᠭᠦᠷᠢᠭ ᠪᠤᠯᠤᠨ᠎ᠠ᠃      ᠤᠢᠢᠯᠠᠭᠠᠭᠰᠠᠨ ᠢᠶᠠᠷ᠂ ᠦᠪᠦᠷ ᠮᠤᠩᠭᠤᠯ ᠤᠷᠤᠨ ᠨᠢᠭᠡᠨᠳᠡ ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠶᠢᠨ ᠪᠠᠷᠢᠮᠵᠢᠶ᠎ᠠ ᠪᠠ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢ ᠬᠠᠮᠳᠤ ᠳᠤᠨᠢ ᠳᠡᠭᠡᠭᠰᠢᠯᠡᠬᠦᠯᠬᠦ ᠲᠤᠭᠳᠠᠴᠠ ᠶᠢ ᠪᠠᠶᠢᠭᠤᠯᠵᠤ᠂ ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠶᠢᠨ ᠪᠠᠷᠢᠮᠵᠢᠶ᠎ᠠ ᠶᠢ ᠠᠳᠠᠭ ᠲᠠᠭᠠᠨ ᠬᠤᠶᠠᠷ ᠵᠢᠯ ᠳᠤ ᠨᠢᠭᠡ ᠤᠳᠠᠭ᠎ᠠ ᠲᠤᠬᠢᠷᠠᠭᠤᠯᠤᠨ᠂ ᠬᠦᠮᠦᠨ ᠳᠤᠮᠳᠠᠴᠢ ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠶᠢ ᠪᠦᠬᠦ ᠤᠯᠤᠰ ᠤᠨ ᠲᠤᠮᠳᠡᠴᠢ ᠲᠦᠪᠰᠢᠨ ᠠᠴᠠ ᠦᠨᠳᠦᠷ ᠪᠠᠶᠢᠯᠭᠠᠵᠤ᠂ ᠠᠵᠢᠯ ᠠᠯᠳᠠᠭᠰᠠᠳ ᠴᠦᠮ ᠠᠵᠢᠯ ᠠᠯᠳᠠᠭᠰᠠᠨ ᠳᠠᠭᠠᠳᠬᠠᠯ ᠤᠨ ᠮᠦᠡᠭᠭᠦ ᠪᠠᠨ ᠴᠠᠭ ᠲᠤᠬᠠᠢ ᠳᠤᠨᠢ ᠬᠦᠢᠴᠡᠳ ᠳᠤᠭ᠎ᠠ ᠪᠠᠷ ᠨᠢ ᠤᠯᠵᠤ ᠳᠡᠶᠢᠯᠬᠦ ᠪᠤᠯᠵᠠᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号