ᠪᠦ᠋ ᠰᠢᠶᠤᠤ ᠯᠢᠨ ᠤᠩᠨᠢᠭᠤᠳ ᠬᠤᠰᠢᠭᠤᠨ ᠤ ᠤᠯᠠᠭᠠᠨᠮᠦ᠋ᠴᠢᠷ ᠲᠤ ᠪᠠᠶᠢᠴᠠᠭᠠᠨ ᠰᠤᠳᠤᠯᠬᠤ ᠦᠶᠡᠰ  ᠴᠢᠬᠤᠯᠠᠴᠢᠯᠠᠬᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠦ ᠴᠡᠭᠡᠵᠢᠯᠡᠵᠦ  ᠤᠭ ᠰᠠᠨᠠᠭ᠎ᠠ ᠪᠠᠨ ᠦᠯᠦ ᠮᠡᠷᠳᠡᠨ ᠦᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠳᠦ ᠤᠳᠬ᠎ᠠ  ᠤᠷᠠᠯᠢᠭ ᠤᠨ ᠬᠦᠩᠭᠡᠡ ᠮᠤᠷᠢᠲᠦ ᠴᠡᠷᠢᠭ︾ ᠪᠤᠯᠬᠤ ᠭᠡᠷᠡᠭᠳᠠᠢ
ᠨᠡᠶᠢᠲᠡᠯᠡᠭᠰᠡᠨ ᠴᠠᠭ᠄
2018/3/6
    11 ᠰᠠᠷ᠎ᠠ ᠶᠢᠨ 25 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂  ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠩᠨᠢᠭᠤᠳ ᠬᠤᠰᠢᠭᠤᠨ ᠤ ᠤᠯᠠᠭᠠᠨᠮᠦ᠋ᠴᠢᠷ ᠲᠤ  ᠬᠦᠷᠴᠦ ᠪᠠᠶᠢᠴᠠᠭᠠᠨ ᠰᠤᠳᠤᠯᠤᠯᠳᠠ ᠬᠢᠵᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ  ᠨᠠᠶᠢᠳᠠᠯᠭ᠎ᠠ ᠶᠢ ᠪᠠᠳᠦ ᠴᠡᠭᠡᠵᠢᠯᠡᠵᠦ ᠤᠭ ᠰᠠᠨᠠᠭ᠎ᠠ ᠪᠠᠨ ᠦᠯᠦ ᠮᠡᠷᠳᠡᠨ᠂ ᠦᠨᠢ ᠡᠭᠦᠷᠢᠳᠡ ᠲᠠᠯ᠎ᠠ ᠨᠤᠲᠤᠭ ᠤᠨ ︽ ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠡ ᠮᠤᠷᠢᠲᠦ ᠴᠡᠷᠢᠭ︾ ᠪᠤᠯᠬᠤ ᠭᠡᠷᠡᠭᠳᠠᠢ ᠭᠡᠵᠤ ᠴᠢᠬᠤᠯᠠᠴᠢᠯᠠᠵᠠᠢ᠃      ᠪᠦ᠋ ᠰᠢᠶᠤᠤ ᠯᠢᠨ ᠤᠯᠠᠭᠠᠨᠮᠦ᠋ᠴᠢᠷ ᠤᠨ ᠲᠤᠬᠯᠠᠯᠳᠠ ᠪᠤᠯᠪᠠᠰᠤᠷᠠᠵᠤ ᠪᠠᠶᠢᠬᠰᠠᠨ ᠲᠤᠬᠠᠢ ᠶᠢᠨ ᠲᠠᠯᠠᠪᠠᠢ ᠳᠤ  ᠬᠦᠷᠴᠤ᠂ ᠵᠠᠯᠠᠭᠤ ᠠᠬᠠᠮᠠᠳ ᠬᠡᠰᠢᠭᠦᠳ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠤ᠂ ᠲᠡᠳᠡᠨ ᠤ ᠶᠡᠷᠦᠩᠬᠡᠢ ᠱᠦᠵᠢ  ᠰᠢ ᠶᠢᠨ ᠫᠢᠩ ᠤᠨ ᠬᠠᠷᠢᠭᠤ ᠵᠠᠬᠢᠳᠠᠯ ᠢ ᠰᠤᠷᠤᠯᠴᠠᠬᠰᠠᠨ ᠲᠤᠬᠳᠤᠯᠤᠮ᠎ᠠ ᠰᠡᠳᠬᠢᠯᠭᠡ᠂ ᠤᠯᠠᠭᠠᠨᠮᠦ᠋ᠴᠢᠷ ᠤᠨ  ᠬᠦᠭᠵᠢᠯᠳᠡ ᠶᠢᠨ ᠶᠠᠪᠤᠴᠠ ᠶᠢᠨ ᠲᠤᠬᠠᠢ ᠭᠦᠨᠵᠡᠭᠡᠢ ᠡᠷᠭᠢᠴᠡᠭᠦᠯᠤᠯ ᠪᠤᠯᠤᠨ ᠢᠷᠡᠭᠡᠳᠦᠢ ᠶᠢᠨ ᠲᠤᠬᠠᠢ ᠰᠠᠶᠢᠨ  ᠰᠠᠶᠢᠬᠠᠨ ᠬᠦᠰᠡᠯ ᠡᠷᠡᠮᠡᠯᠵᠡᠯ ᠢ ᠨᠢ ᠰᠤᠨᠤᠰᠪᠠ᠃ ᠪᠦ᠋ ᠰᠢᠶᠤᠤ ᠯᠢᠨ᠂ ᠶᠡᠷᠦᠩᠬᠡᠢ ᠱᠦᠵᠢ ᠰᠢ ᠶᠢᠨ ᠫᠢᠩ ᠠᠴᠠ  ᠤᠯᠠᠭᠠᠨᠮᠦ᠋ᠴᠢᠷ ᠪᠤᠯ ᠪᠦᠬᠦ ᠤᠯᠤᠰ ᠤᠨ ᠤᠳᠬ᠎ᠠ ᠤᠷᠠᠯᠢᠭ ᠤᠨ ᠹᠷᠤᠨᠲ ᠤᠨ ᠨᠢᠭᠡᠨ ᠲᠤᠭ ᠮᠦᠨ ᠬᠡᠵᠤ ᠮᠠᠬᠳᠠᠵᠤ  ᠰᠠᠶᠢᠰᠢᠶᠠᠬᠰᠠᠨ ᠨᠢ ᠬᠦᠢᠴᠡᠳ ᠨᠤᠳᠠᠯᠠᠯᠳᠠ ᠪᠤᠯᠬᠤ ᠮᠦᠷᠳᠡᠭᠡᠨ ᠨᠡᠩ ᠴᠤ ᠴᠢᠩ ᠰᠡᠤᠡᠭᠢᠯ ᠤᠨ ᠵᠤᠷᠢᠬᠵᠢᠭᠤᠯᠤᠯ᠂  ᠬᠦᠰᠡᠯ ᠡᠷᠡᠮᠡᠯᠵᠡᠯ ᠪᠠ ᠱᠠᠭᠠᠷᠳᠠᠯᠭ᠎ᠠ ᠪᠤᠯᠬᠤ ᠶᠤᠮ᠃ ᠰᠢᠨ᠎ᠠ ᠴᠠᠭ ᠦᠶ᠎ᠠ ᠳᠤ ᠮᠠᠨ ᠤ ᠤᠯᠤᠰ ᠢᠶᠠᠨ  ᠬᠦᠴᠤᠷᠭᠡᠭᠵᠢᠬᠦᠯᠬᠦ ᠳᠤ ᠤᠳᠬ᠎ᠠ ᠤᠷᠠᠯᠢᠭ ᠤᠨ ᠦᠢᠯᠡᠰ ᠢ ᠡᠷᠬᠡᠪᠰᠢ ᠬᠦᠴᠦᠷᠭᠡᠭᠵᠢᠭᠦᠯᠬᠦ ᠬᠡᠷᠡᠭᠳᠡᠢ᠂  ᠤᠯᠠᠨ ᠢᠶᠠᠷ ᠢᠶᠠᠨ ᠰᠤᠶᠤᠯ ᠤᠨ ᠢᠳᠡᠭᠡᠯ ᠢᠶᠠᠨ ᠪᠠᠳᠤᠳᠬᠠᠨ᠂ ᠤᠯᠠᠭᠠᠨᠮᠦ᠋ᠴᠢᠷ ᠤᠨ ᠡᠨᠡᠭᠦ ᠲᠤᠭ ᠢ ᠰᠢᠨ᠎ᠠ ᠴᠠᠭ  ᠦᠶ᠎ᠠ ᠶᠢᠨ ᠰᠢᠨ᠎ᠠ ᠠᠶᠠᠨ ᠵᠠᠮ ᠳᠠᠬᠢ ᠨᠡᠩ ᠦᠵᠡᠰᠭᠦᠯᠡᠩᠳᠦ ᠰᠠᠶᠢᠬᠠᠨ ᠦᠵᠡᠮᠵᠢ ᠪᠤᠯᠭᠠᠰᠤᠭᠠᠢ ᠬᠡᠵᠤ ᠬᠦᠰᠡᠪᠡ᠃      ᠪᠦ᠋ ᠰᠢᠶᠤᠤ ᠯᠢᠨ ᠬᠡᠰᠢᠭᠦᠳ ᠤᠨ ᠲᠤᠬᠯᠠᠯᠳᠠ ᠪᠤᠯᠪᠠᠰᠤᠷᠠᠯ ᠢ ᠰᠤᠨᠢᠷᠬᠠᠵᠤ᠂ ᠤᠯᠠᠭᠠᠨᠮᠦ᠋ᠴᠢᠷ ᠤᠨ  ᠬᠦᠭᠵᠢᠯᠳᠡ ᠶᠢᠨ ᠪᠠᠶᠢᠳᠠᠯ ᠢ ᠨᠢᠮᠪᠠᠢ ᠤᠢᠢᠯᠠᠭᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠬᠠᠷᠢᠭᠤ  ᠵᠠᠬᠢᠳᠠᠯ ᠳᠠᠭᠠᠨ ︽ᠤᠯᠠᠭᠠᠨᠮᠦ᠋ᠴᠢᠷ ᠤᠨ ᠤᠷᠳᠤ ᠬᠤᠭᠤᠴᠠᠭ᠎ᠠ ᠦᠷᠨᠢᠩᠭᠦᠢ ᠬᠦᠭᠵᠢᠭᠰᠡᠡ ᠨᠢ ᠠᠷᠠᠳ ᠲᠦᠮᠡᠨ  ᠤᠷᠠᠯᠢᠭ ᠢ ᠬᠡᠷᠡᠭᠰᠡᠨ᠎ᠠ᠂ ᠤᠷᠠᠯᠢᠭ ᠴᠤ ᠠᠷᠠᠳ ᠲᠦᠮᠡᠨ ᠢ ᠬᠡᠷᠡᠭᠰᠡᠨ᠎ᠠ ᠬᠡᠳᠡᠭ ᠢ ᠬᠠᠷᠠᠭᠤᠯᠵᠤ ᠪᠤᠢ︾ ᠬᠡᠵᠤ  ᠵᠢᠭᠠᠵᠤ ᠭᠠᠷᠭᠠᠬᠰᠠᠨ ᠨᠢ ᠠᠷᠠᠳ ᠲᠦᠮᠡᠨ ᠢᠶᠠᠷ ᠭᠤᠤᠯ ᠪᠤᠯᠭᠠᠬᠤ ᠡᠨᠡᠭᠦ ᠨᠡᠶᠢᠭᠡᠮ ᠵᠢᠷᠤᠮ ᠤᠨ ᠤᠳᠬ᠎ᠠ  ᠤᠷᠠᠯᠢᠭ ᠤᠨ ᠮᠦᠨ ᠴᠢᠨᠠᠷ ᠤᠨ ᠱᠠᠭᠠᠷᠳᠠᠯᠭ᠎ᠠ ᠶᠢ ᠬᠦᠨᠵᠡᠭᠡᠢ ᠲᠤᠳᠤᠷᠬᠠᠢᠢᠯᠠᠨ ᠦᠭᠦᠯᠡᠪᠡ᠃  ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ ᠨᠡᠶᠢᠳᠡᠯᠭ᠎ᠠ ᠶᠢ ᠪᠠᠳᠤ  ᠴᠡᠭᠡᠵᠢᠯᠡᠵᠤ᠂ ᠤᠭ ᠰᠠᠨᠠᠭ᠎ᠠ ᠪᠠᠨ ᠦᠯᠦ ᠮᠠᠷᠳᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠢᠮᠠᠬᠳᠠ  ᠦᠨᠳᠦᠰᠦᠨ ᠱᠠᠳᠤᠨ ᠳᠤ ᠦᠨᠳᠦᠰᠦᠯᠡᠵᠤ᠂ ᠠᠮᠢᠳᠤᠷᠠᠯ ᠤᠨ ᠰᠢᠮᠡᠯᠢᠭ ᠬᠦᠷᠦᠰᠦᠨ ᠳᠤ ᠦᠨᠳᠦᠰᠦᠯᠡᠵᠤ᠂ ᠤᠯᠠᠨ  ᠲᠦᠮᠡᠨ ᠲᠠᠢ ᠤᠢᠢᠷᠠᠳᠤᠬᠰᠠᠨ᠂ ᠤᠯᠠᠨ ᠲᠦᠮᠡᠨ ᠤ ᠲᠤᠮᠳᠠ ᠲᠡᠯᠭᠡᠷᠡᠵᠤ ᠲᠠᠭᠠᠰᠢᠶᠠᠬᠳᠠᠬᠰᠠᠨ ᠰᠢᠯᠢᠳᠡᠭ ᠪᠦᠳᠦᠭᠡᠯ ᠢ  ᠨᠡᠩ ᠤᠯᠠᠨ ᠭᠠᠷᠭᠠᠵᠤ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠨᠡᠩ ᠰᠠᠶᠢᠳᠤᠷ ᠲᠠᠮᠵᠢᠭᠤᠯᠵᠤ᠂ ᠮᠠᠯᠴᠢᠨ ᠲᠠᠷᠢᠶᠠᠴᠢᠨ ᠲᠦᠮᠡᠨ ᠤ ᠤᠶᠤᠨ ᠤ ᠪᠠ ᠰᠤᠶᠤᠯ ᠤᠨ ᠠᠮᠢᠳᠤᠷᠠᠯ ᠢ ᠨᠡᠩ ᠰᠠᠶᠢᠳᠤᠷ ᠪᠠᠶᠠᠯᠢᠬᠵᠢᠭᠤᠯᠤᠨ᠂  ᠬᠤᠪᠢᠰᠬᠠᠯᠳᠦ ᠤᠳᠤᠮᠰᠢᠯ ᠢ ᠦᠶ᠎ᠠ ᠶᠢᠨ ᠦᠶ᠎ᠠ ᠳᠡᠭᠡᠨ ᠵᠠᠯᠭᠠᠮᠵᠢᠯᠠᠵᠤ᠂ ᠦᠨᠢ ᠡᠭᠦᠷᠢᠳᠡ ᠲᠠᠯ᠎ᠠ ᠨᠤᠳᠤᠭ ᠤᠨ ︽ ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭ︾ ᠪᠤᠯᠰᠤᠭᠠᠢ ᠬᠡᠪᠡ᠃ ᠪᠦ᠋ ᠰᠢᠶᠤᠤ ᠯᠢᠨ᠂  ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠮᠦᠨᠴᠤ ᠪᠦᠬᠦ ᠤᠷᠤᠨ ᠤ ᠤᠳᠬ᠎ᠠ  ᠤᠷᠠᠯᠢᠭ ᠤᠨ ᠬᠢᠨ ᠤ ᠦᠢᠯᠡᠰ ᠲᠤ ᠲᠠᠯᠪᠢᠬᠰᠠᠨ ᠡᠷᠬᠢᠮ ᠨᠠᠨᠳᠢᠨ ᠬᠦᠰᠡᠯ ᠨᠡᠶᠢᠳᠡᠯᠭ᠎ᠠ ᠪᠤᠯᠬᠤ ᠪᠦᠭᠡᠳ  ᠦᠨᠳᠦᠰᠦᠳᠡᠨ ᠨᠦᠭᠦᠳ ᠤᠨ ᠠᠷᠠᠳ ᠲᠦᠮᠡᠨ ᠢ ᠬᠠᠯᠠᠮᠵᠢᠯᠠᠵᠤ ᠪᠠᠶᠢᠭ᠎ᠠ ᠶᠠᠪᠤᠳᠠᠯ ᠪᠤᠯᠬᠤ ᠶᠤᠮ᠂ ᠡᠯ᠎ᠠ  ᠱᠠᠳᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠰᠤᠷᠤᠯᠴᠠᠨ ᠲᠤᠤᠱᠯᠠᠭᠤᠯᠬᠤ ᠪᠠ  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ  ᠤᠶᠠᠯᠳᠤᠭᠤᠯᠤᠨ᠂ ᠤᠯᠠᠭᠠᠨᠮᠦ᠋ᠴᠢᠷ ᠤᠨ ᠬᠦᠭᠵᠢᠯᠳᠡ ᠶᠢ ᠶᠡᠭᠡᠪᠡᠷ ᠲᠡᠮᠵᠢᠵᠤ᠂ ᠰᠤᠶᠤᠯ ᠤᠨ ᠠᠵᠢᠯ ᠢ ᠴᠢᠩᠭᠠᠳᠬᠠᠨ  ᠰᠠᠶᠢᠵᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠤᠯᠤᠨ ᠬᠦᠰᠡᠯ ᠨᠡᠶᠢᠳᠡᠯᠭ᠎ᠠ ᠶᠢ ᠪᠦᠬᠦ  ᠤᠷᠤᠨ ᠤ ᠰᠤᠶᠤᠯ ᠢ ᠴᠡᠴᠡᠭᠯᠡᠭᠦᠯᠦᠨ ᠬᠦᠭᠵᠢᠭᠦᠯᠭᠦ ᠯᠤᠳᠤ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂  ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ  ᠬᠦᠰᠠᠯ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠰᠤᠶᠤᠯ ᠤᠨ ᠰᠢᠨ᠎ᠠ ᠬᠠᠭᠤᠳᠠᠰᠦ ᠶᠢ ᠪᠢᠴᠢᠭᠯᠡᠭᠦ ᠬᠡᠷᠡᠭᠳᠡᠢ ᠬᠡᠵᠤ  ᠵᠢᠭᠠᠵᠤ ᠭᠠᠷᠭᠠᠪᠠ᠃     ᠪᠠᠶᠢᠴᠠᠭᠠᠨ ᠰᠤᠳᠤᠯᠤᠯᠳᠡ ᠬᠢᠬᠦ ᠬᠤᠭᠤᠴᠠᠭᠠᠨ ᠳᠤ᠂ ᠪᠦ᠋ ᠰᠢᠶᠤᠤ ᠯᠢᠨ ᠪᠠᠰᠠ ᠲᠤᠮᠳᠠᠳᠦ ᠤᠯᠤᠰ ᠤᠨ  ᠬᠢᠳᠡᠨ ᠯᠢᠶᠤᠤ ᠶᠢᠨ ᠰᠤᠶᠤᠯ ᠤᠨ ᠮᠦᠵᠠᠢ ᠶᠢᠨ ᠪᠦᠳᠦᠭᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠪᠠᠷ  ᠬᠦᠨᠵᠡᠭᠡᠶᠢᠷᠡᠵᠦ᠂ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠨᠠᠷᠢᠯᠢᠬ ᠤᠢᠢᠯᠠᠭᠠᠬᠰᠠᠨ  ᠪᠠᠶᠢᠨ᠎ᠠ᠃       ᠬᠤᠳᠠ ᠶᠢᠨ ᠤᠳᠤᠷᠢᠳᠤᠯᠭ᠎ᠠ ᠳ᠋ᠤᠸᠠᠨ ᡁᠢ ᠴᠢᠶᠠᠩ᠂ ᠮᠧᠩ ᠰᠢᠶᠠᠨ ᠳ᠋ᠦᠩ᠂ ᠸᠠᠩ ᠢᠤᠢ ᠱᠦ᠂ ᠵᠸᠦ ᠶᠢᠨ  ᠵᠤᠸᠠᠩ ᠪᠠᠶᠢᠴᠠᠭᠠᠨ ᠰᠤᠳᠤᠯᠤᠯᠳᠠ ᠳᠤ ᠪᠡᠷ᠎ᠠ ᠪᠤᠯᠤᠯᠴᠠᠵᠠᠢ᠃        
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号