| | 2019 ᠤᠨ ᠤ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠵᠢᠯ ᠤᠨ ᠮᠡᠲᠡᠬᠦᠯᠦᠯᠲᠡ | ︵ᠨᠢᠬᠡ︶ | | ᠵᠠᠰᠠᠭ ᠤᠨ ᠤᠷᠲᠤᠨ ᠤ ᠠᠵᠢᠯ ᠤᠨ ᠮᠡᠲᠡᠬᠦᠯᠦᠯᠲᠡ | 2019 ᠤᠨ ᠤ 1 ᠰᠠᠷ᠎ᠠ ᠶᠢᠨ16 ᠤ ᠡᠲᠦᠷ | ᠠᠷᠪᠠᠨ ᠲᠤᠯᠤᠲᠤᠭᠠᠷ ᠤᠲᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ | ᠤᠲᠠᠭᠠᠨ ᠤ ᠬᠤᠷᠠᠯ ᠲᠡᠭᠡᠷ᠎ᠡ | ᠬᠤᠰᠢᠭᠤᠨ ᠲᠠᠷᠤᠭ᠎ᠠ ᠹᠠᠩ ᠷᠦᠢ | ᠲᠦᠯᠦᠬᠡᠯᠡᠭᠴᠢᠳ ᠡ᠄ | ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠢ ᠲᠦᠯᠦᠬᠡᠯᠡᠨ ᠶᠡᠭᠡ ᠬᠤᠷᠠᠯ ᠳᠤ ᠠᠵᠢᠯ | ᠤᠨ ᠮᠡᠲᠡᠬᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠰᠤᠯᠠ | ᠤᠷᠤᠯᠴᠠᠭᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | 2018 ᠤᠨ ᠤ ᠠᠵᠢᠯ ᠤᠨ ᠡᠷᠬᠢᠴᠡᠬᠦᠯᠦᠯ | ᠦᠩᠬᠡᠷᠡᠭᠰᠡᠨ ᠨᠢᠬᠡ ᠵᠢᠯ ᠳᠤ᠂ ᠪᠢᠲᠡ ᠤᠭ ᠰᠠᠨᠠᠭ᠎ᠠ ᠪᠠᠨ ᠦᠯᠦ ᠮᠡᠷᠲᠡᠨ᠂ ᠡᠬᠦᠷᠬᠡ ᠬᠠᠷᠢᠭᠤᠴᠠᠯᠭ᠎ᠠ | ᠪᠠᠨ ᠪᠠᠲᠤ ᠴᠡᠬᠡᠵᠢᠯᠡᠨ᠂ ᠬᠦᠴᠢᠷ ᠢ ᠵᠤᠷᠢᠭᠲᠠᠢ ᠪᠠᠷ ᠲᠠᠪᠠᠨ᠂ ᠪᠤᠲᠠᠲᠠᠢ ᠪᠠᠷ ᠠᠵᠢᠯᠯᠠᠨ᠂ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠲᠤᠷᠢᠲᠤᠯᠭ᠎ᠠ ᠶᠢᠨ ᠲᠤᠤᠷ᠎ᠠ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠬᠢᠨᠠᠯᠲᠠ ᠲᠡᠮᠵᠢᠯᠬᠡ ᠶᠢᠨ ᠲᠤᠤᠷ᠎ᠠ᠂ ᠢᠮᠠᠭᠲᠠ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠨ᠂ ᠨᠠᠮ ᠤᠨ ᠠᠷᠪᠠ ᠶᠢᠰᠤᠲᠦᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠪᠠᠷ ᠲᠤᠤᠱᠠᠯᠠᠭᠤᠯᠤᠨ᠂ ᠲᠤᠭᠲᠠᠭᠤᠨ ᠤ ᠲᠤᠮᠲᠠ ᠲᠠᠪᠰᠢᠯᠲᠠ ᠶᠢ ᠡᠷᠢᠯᠬᠢᠯᠡᠬᠦ ᠪᠠᠷ | ᠠᠵᠢᠯ ᠤᠨ ᠶᠡᠷᠦᠩᠬᠡᠢ ᠦᠨᠲᠤᠰᠤ ᠪᠤᠯᠭᠠᠨ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠲᠤᠭᠠᠨ ᠢ ᠰᠠᠶᠢᠲᠤᠷ | ᠬᠢᠵᠦ᠂ ᠠᠵᠦ ᠠᠬᠤᠢ ᠨᠡᠶᠢᠬᠡᠮ ᠤᠨ ᠲᠤᠭᠲᠠᠪᠦᠷᠢᠲᠠᠢ ᠡᠷᠡᠬᠦᠯ ᠬᠦᠭᠵᠢᠯᠲᠡ ᠶᠢ ᠪᠠᠲᠤᠯᠠᠨ᠂ ᠰᠢᠨ᠎ᠠ ᠨᠢᠬᠡ | ᠬᠤᠭᠤᠴᠠᠭᠠᠨ ᠤ ᠵᠠᠰᠠᠭ ᠤᠨ ᠤᠷᠲᠤᠨ ᠤ ᠠᠵᠢᠯ ᠳᠤ ᠮᠠᠰᠢ ᠰᠠᠶᠢᠨ ᠡᠬᠢᠯᠡᠯᠲᠡ ᠶᠢ ᠭᠠᠷᠭᠠᠬᠤ ᠬᠡᠷᠡᠭᠲᠡᠢ᠃ | ᠪᠠᠷᠤᠭᠴᠠᠯᠠᠬᠤ ᠳᠤ ᠪᠦᠬᠦ ᠬᠤᠰᠢᠭᠤᠨ ᠤ ᠤᠷᠤᠨ ᠨᠤᠲᠤᠭ ᠣᠨᠦᠢᠯᠡᠳᠪᠦᠷᠢᠯᠡᠯ ᠤᠨ ᠶᠡᠷᠦᠩᠬᠡᠢ ᠦᠷᠲᠡᠭ 104 | ᠳ᠋ᠦᠩᠰᠢᠭᠤᠷ ᠲᠦᠬᠦᠷᠢᠭ ᠲᠤ ᠬᠦᠷᠴᠦ᠂ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 4.9 | ᠳ᠋ᠦᠩᠰᠢᠭᠤᠷ ᠲᠦᠬᠦᠷᠢᠭ᠂ ᠨᠠᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠶᠠᠷᠦᠩᠭᠡᠢ ᠨᠤᠷᠮ᠎ᠠ 53.3 | ᠳ᠋ᠦᠩᠰᠢᠭᠤᠷ ᠲᠦᠬᠦᠷᠢᠭ᠂ ᠬᠡᠪᠴᠢᠶᠡᠨ ᠠᠴᠠ ᠲᠡᠭᠡᠭᠰᠢᠬᠢ ᠲᠤᠬᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ | ᠨᠠᠶᠢᠳᠠ 45.2 ᠳ᠋ᠦᠩᠰᠢᠭᠤᠷ ᠲᠦᠬᠦᠷᠢᠭ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠪᠦᠷᠢ ᠶᠢᠨ | ᠲᠡᠭᠰᠢᠳᠭᠡᠭᠰᠡᠨ ᠡᠵᠡᠮᠳᠡᠵᠤ ᠪᠤᠯᠬᠤ ᠤᠷᠤᠯᠭ᠎ᠠ ᠲᠤᠰᠪᠤᠷᠢ 28056 ᠲᠦᠬᠦᠷᠢᠭ ᠪᠠ 10322 ᠲᠦᠬᠦᠷᠢᠭ᠂ | ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 38.6 ᠳ᠋ᠦᠩᠰᠢᠭᠤᠷ ᠲᠦᠬᠦᠷᠢᠭ ᠲᠤ ᠲᠤᠰ ᠲᠤᠰ | ᠬᠦᠷᠴᠠᠢ᠃ ᠨᠢᠬᠡ ᠵᠢᠯ ᠤᠨ ᠲᠤᠷᠰᠢ᠂ ᠪᠢᠲᠠ ᠬᠠᠷᠠᠯᠲᠠ ᠪᠠᠷᠢᠮᠵᠢᠶ᠎ᠠ ᠶᠤᠰᠤᠭᠠᠷ ᠠᠵᠢᠯᠯᠠᠨ᠂ ᠶᠠᠲᠠᠭᠤ ᠶᠢ ᠲᠡᠳᠬᠦᠨ | ᠰᠢᠪᠲᠤᠯᠤᠯᠲᠠ ᠬᠢᠬᠦ ᠶᠢ ᠬᠦᠨᠵᠡᠬᠡᠶᠢᠷᠡᠬᠦᠯᠵᠠᠢ᠃ ᠲᠠᠷᠢᠶᠠᠯᠠᠩ ᠮᠠᠯ ᠠᠵᠦ ᠠᠬᠤᠢ ᠳᠤ ᠬᠤᠯᠪᠤᠭᠲᠠᠬᠤ ᠪᠡᠯᠡ ᠮᠦᠩᠬᠦ | ᠶᠢ 3.1ᠳ᠋ᠦᠩᠰᠢᠭᠤᠷ ᠲᠦᠬᠦᠷᠢᠭ ᠢ ᠡᠮᠬᠢᠯᠡᠨᠨᠡᠶᠢᠯᠡᠬᠦᠯᠦᠨ ᠬᠡᠷᠡᠭᠯᠡᠵᠦ᠂ ᠮᠦᠩᠬᠦᠨ ᠬᠦᠢᠯᠬᠡᠬᠡᠨ ᠢᠶᠠᠷ ᠶᠠᠲᠠᠭᠤ ᠶᠢ | ᠲᠡᠳᠬᠦᠬᠦ ᠵᠢᠬᠡᠯᠡᠯᠬᠡ 1ᠳ᠋ᠦᠩᠰᠢᠭᠤᠷ ᠲᠦᠬᠦᠷᠢᠭ ᠢ ᠲᠠᠷᠬᠠᠭᠠᠨᠦᠭᠴᠠᠢ᠃ ᠬᠤᠰᠢᠭᠤᠨᠲ᠋ᠡᠰ ᠤᠨ ᠭᠤᠤᠯᠲᠠᠯᠭ᠎ᠠ ᠲᠠᠢ | ᠲᠦᠷᠦᠯ ᠵᠤᠶᠢᠯ᠂ ᠶᠠᠲᠠᠭᠤ ᠶᠢ ᠲᠡᠳᠬᠦᠬᠦ ᠠᠵᠦ ᠦᠢᠯᠡᠰ ᠤᠨ ᠬᠦᠷᠢᠶᠡᠯᠡᠩ ᠤᠨ ᠲᠦᠷᠦᠯ ᠵᠤᠶᠢᠯ ᠪᠠ ᠡᠷᠦᠬᠡ ᠳᠤ | ᠬᠦᠷᠬᠡᠬᠦ ᠬᠡᠯᠪᠡᠷᠢ ᠪᠠᠷ ᠵᠢᠵᠢᠭ ᠲᠦᠷᠦᠯ ᠵᠤᠶᠢᠯ ᠢᠶᠠᠷ ᠶᠠᠲᠠᠭᠤ ᠶᠢ ᠲᠡᠳᠬᠦᠬᠦ ᠶᠢ ᠪᠦᠬᠦ ᠲᠠᠯ᠎ᠠ ᠪᠠᠷ ᠶᠠᠪᠤᠭᠲᠠᠭᠤᠯᠤᠨ᠂ | 34030 ᠨᠡᠷ᠎ᠡ ᠲᠡᠩᠰᠠ ᠺᠡᠷᠲ ᠪᠠᠶᠢᠭᠤᠯᠤᠭᠰᠠᠨ ᠶᠠᠲᠠᠭᠤ ᠬᠦᠴᠢᠷᠲᠠᠢ ᠡᠷᠦᠬᠡ ᠶᠢᠨ ᠬᠦᠮᠦᠨ ᠠᠮᠠ ᠶᠢ ᠵᠢᠯ | ᠪᠦᠷᠢ1000 ᠲᠦᠬᠦᠷᠢᠭ ᠨᠡᠮᠡᠭᠲᠡᠬᠦᠯᠦᠨ ᠲᠠᠶᠢᠴᠢᠯᠠᠵᠠᠢ᠃ 2811 ᠡᠷᠦᠬᠡ ᠶᠢᠨ ᠠᠶᠤᠯᠲᠠᠢ ᠬᠡᠷ ᠪᠠᠶᠢᠰᠢᠩ ᠢ | ᠦᠬᠡᠷᠡᠴᠢᠯᠡᠨ᠂ 5771 ᠡᠷᠦᠬᠡ ᠶᠢᠨ ᠰᠠᠭᠤᠬᠤ ᠤᠷᠴᠢᠨ ᠢ ᠵᠠᠰᠠᠨ ᠰᠠᠶᠢᠵᠢᠷᠠᠭᠤᠯᠵᠠᠢ᠃ ︿︿ ᠬᠦᠷᠢᠶᠡᠯᠡᠩ | ᠲᠤᠭᠤᠷᠢᠭ ᠤᠨ ᠠᠵᠦ ᠠᠬᠤᠶᠢᠯᠠᠯ + ᠨᠡᠬᠦᠯᠬᠡᠨ ᠰᠢᠯᠵᠢᠬᠦᠯᠬᠦ﹀﹀ ᠬᠡᠯᠪᠡᠷᠢ ᠶᠢ ᠲᠦᠬᠡᠮᠵᠢᠯᠡᠬᠦᠯᠦᠨ᠂ ᠶᠠᠲᠠᠭᠤ ᠶᠢ | ᠲᠡᠳᠬᠦᠨ ᠨᠡᠬᠦᠯᠬᠡᠨ ᠰᠢᠯᠵᠢᠬᠦᠯᠬᠦ ᠲᠤᠬᠢᠷᠠᠭᠤᠯᠦᠯᠲᠠ ᠶᠢᠨ ᠲᠤᠭᠤᠷᠢᠭ ᠤᠨ ᠠᠰᠠᠷ ᠪᠠᠷᠢᠯᠭ᠎ᠠ 35 ᠰᠠᠭᠤᠷᠢ᠂ 16 | ᠲᠦᠮᠡᠨ ᠲᠡᠭᠰᠢ ᠲᠦᠷᠪᠡᠯᠵᠢᠨ ᠮᠧᠲᠷ ᠶᠢᠨ ᠪᠠᠷᠢᠯᠭ᠎ᠠ ᠶᠢᠨ ᠪᠠᠶᠢᠭᠤᠯᠤᠯᠲᠠ ᠶᠢ ᠡᠬᠢᠯᠡᠬᠦᠯᠦᠨ᠂ 1844 ᠨᠡᠷ᠎ᠡ | ᠶᠠᠲᠠᠭᠤ ᠬᠦᠴᠢᠷᠲᠠᠢ ᠤᠯᠠᠨ ᠲᠦᠮᠡᠨ ᠢ ᠬᠤᠲᠠ ᠳᠤ ᠤᠷᠤᠭᠤᠯᠵᠠᠢ᠃ ᠰᠤᠷᠠᠭᠠᠨ ᠬᠦᠮᠦᠵᠢᠯ᠂ ᠡᠷᠡᠬᠦᠯ ᠴᠢᠬᠢᠷᠠᠭ᠂ | ᠲᠤᠤᠷ᠎ᠠ ᠪᠠᠲᠤᠯᠭ᠎ᠠ ᠵᠡᠷᠬᠡ ᠶᠠᠲᠠᠭᠤ ᠶᠢ ᠲᠡᠳᠬᠦᠬᠦ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠠᠷ | ᠨᠠᠶᠢᠲᠠᠪᠦᠷᠢᠵᠢᠭᠤᠯᠤᠨ᠂ ᠶᠠᠲᠠᠭᠤ ᠬᠦᠴᠢᠷᠲᠠᠢ ᠡᠷᠦᠬᠡ ᠶᠢᠨ ᠰᠤᠷᠤᠭᠴᠢ ᠶᠢᠨ ᠨᠦᠬᠦᠪᠦᠷᠢ ᠮᠦᠩᠬᠦ 1073 ᠲᠦᠮᠡᠨ | ᠲᠦᠬᠦᠷᠢᠭ ᠲᠠᠷᠬᠠᠭᠠᠨ᠂ ᠶᠠᠲᠠᠭᠤ ᠬᠦᠴᠢᠷᠲᠠᠢ ᠡᠷᠦᠬᠡ ᠶᠢᠨ ᠡᠪᠡᠳᠴᠢᠲᠠᠨ ᠤ ᠡᠮᠨᠡᠯᠬᠡ ᠳᠤ ᠰᠠᠭᠤᠨ ᠡᠮᠨᠡᠬᠦᠯᠬᠦ | ᠵᠠᠷᠤᠲᠠᠯ ᠰᠦᠢᠳᠬᠡᠯ ᠣᠨᠲ᠋ᠠᠶᠢᠯᠤᠨ ᠪᠤᠲᠤᠬᠤ ᠬᠠᠷᠢᠴᠠᠯ ᠢ 90% ᠳᠤ ᠬᠦᠷᠬᠡᠨ᠂ ᠪᠦᠬᠦ ᠬᠤᠰᠢᠭᠤᠨ ᠤ ᠶᠠᠲᠠᠭᠤ | ᠠᠴᠠ ᠠᠩᠬᠢᠵᠢᠷᠠᠭᠠᠲᠤᠢ ᠡᠷᠦᠬᠡ ᠪᠠ ᠲᠤᠤᠷ᠎ᠠ ᠪᠠᠲᠤᠯᠠᠭᠠᠲᠦ ᠡᠲᠡᠬᠡᠳ ᠤᠨ ᠲᠡᠬᠢᠨ ᠨᠡᠶᠢᠯᠡᠬᠦᠯᠦᠯᠲᠡ ᠶᠢᠨ ᠨᠤᠷᠮ᠎ᠠ | 70.6% ᠳᠤ ᠬᠦᠷᠴᠠᠢ᠃ ᠡᠨᠧᠷᠬᠢ ᠶᠢᠨ ᠰᠤᠷᠪᠤᠯᠵᠢ 6 ᠲᠦᠮᠡᠨ ᠺᠢᠯᠤᠸᠠᠲ ᠬᠡᠷᠡᠯ ᠴᠠᠬᠢᠯᠭᠠᠨ ᠢᠶᠠᠷ ᠶᠠᠲᠠᠭᠤ | ᠶᠢ ᠲᠡᠳᠬᠦᠬᠦ ᠲᠦᠷᠦᠯ ᠵᠤᠶᠢᠯ ᠢ ᠪᠡᠶᠡᠯᠡᠬᠦᠯᠦᠨ ᠴᠠᠬᠢᠯᠭᠠᠨ ᠭᠠᠷᠭᠠᠵᠦ᠂ 2365 ᠡᠷᠦᠬᠡ ᠶᠠᠲᠠᠭᠤ ᠬᠦᠴᠢᠷᠲᠠᠢ | ᠡᠷᠦᠬᠡ ᠶᠢᠨ ᠵᠢᠯ ᠤᠨ ᠤᠷᠤᠯᠭ᠎ᠠ ᠶᠢᠨ ᠨᠡᠮᠡᠭᠲᠡᠯᠲᠡ ᠶᠢ 3000 ᠲᠦᠬᠦᠷᠢᠭ ᠦᠰᠬᠡᠵᠠᠢ᠃ | ᠪᠡᠬᠡᠵᠢᠩ ᠦᠪᠦᠷ ᠮᠤᠩᠭᠤᠯ ᠤᠨ ᠶᠠᠲᠠᠭᠤ ᠶᠢ ᠲᠡᠳᠬᠦᠬᠦ ᠬᠠᠮᠵᠢᠯᠴᠠᠭᠠᠨ ᠤ ᠬᠦᠴᠦᠯᠡᠴᠡ ᠶᠢ | ᠴᠢᠩᠭᠠᠳᠬᠠᠨ᠂ 7261 ᠲᠦᠮᠡᠨ ᠲᠦᠬᠦᠷᠢᠭ ᠪᠡᠯᠡ ᠮᠦᠩᠬᠦ ᠶᠢ ᠨᠠᠶᠢᠲᠠᠪᠦᠷᠢᠵᠢᠭᠤᠯᠵᠠᠢ᠃ ᠲᠦᠪ ᠤᠨ ᠴᠢᠭ | ᠲᠤᠭᠲᠠᠭᠠᠭᠰᠠᠨ ᠠᠵᠦ ᠠᠬᠤᠶᠢᠯᠠᠯ ᠤᠨ ᠬᠠᠪᠰᠤᠷᠤᠨ ᠲᠡᠳᠬᠦᠬᠦ ᠠᠵᠢᠯ ᠢ ᠦᠷ᠎ᠡ ᠪᠦᠲᠦᠮᠵᠢᠲᠠᠢ ᠪᠤᠯᠭᠠᠵᠠᠢ᠃ ᠴᠠᠬᠢᠮ | ᠬᠤᠲᠠᠯᠲᠤᠭ᠎ᠠ᠂ ᠠᠵᠢᠯ ᠤᠯᠭᠤᠬᠤ᠂ ᠠᠮᠢ ᠠᠬᠤᠢ ᠵᠤᠭᠠᠴᠠᠯ᠂ ᠤᠤᠭᠤᠬᠤ ᠤᠰᠤᠨ ᠤ ᠠᠮᠤᠷ ᠲᠦᠪᠰᠢᠨ ᠵᠡᠷᠬᠡ | ᠠᠵᠢᠯ ᠦᠢᠯᠡᠰ ᠢᠶᠠᠷ ᠶᠠᠲᠠᠭᠤ ᠶᠢ ᠲᠡᠳᠬᠦᠬᠦ ᠠᠵᠢᠯ ᠢ ᠡᠷᠴᠢᠮᠲᠠᠢ ᠬᠢᠵᠠᠢ᠃ ᠾᠧᠩ ᠳ᠋ᠦᠦ10 ᠲᠦᠮᠡᠨ ᠮᠢᠬᠠᠨ | ᠦᠬᠡᠷ ᠢ ᠠᠯᠠᠵᠦ ᠨᠢᠲᠤᠯᠡᠨ ᠪᠤᠯᠪᠠᠰᠤᠷᠠᠭᠤᠯᠬᠤ᠂ ᠮᠤ᠋ ᠶᠤᠸᠠᠨ60 ᠲᠦᠮᠡᠨ ᠲᠤᠨ ᠤ ᠪᠤᠷᠲᠤᠭ᠎ᠠ ᠪᠤᠯᠪᠠᠰᠤᠷᠠᠭᠤᠯᠬᠤ | ᠲᠦᠷᠦᠯ ᠵᠤᠶᠢᠯ ᠢ ᠲᠦᠯᠬᠢᠨ ᠠᠬᠢᠭᠤᠯᠬᠤ᠂ ᠯᠢᠩ ᡁᠢ 7 ᠲᠦᠮᠡᠨ ᠲᠤᠨ ᠤ ᠲᠦᠷᠬᠡᠨᠬᠦ᠋ᠯᠲᠡᠬᠡᠭᠰᠡᠨ ᠲᠦᠮᠦᠰᠤᠨ | ᠬᠡᠷᠴᠢᠮᠡᠯ ᠢ ᠪᠤᠯᠪᠠᠰᠤᠷᠠᠭᠤᠯᠬᠤ ᠂ ᠠᠨᠴᠢ ᠢᠰᠬᠡᠬᠦᠷ ᠤᠨ ᠪᠤᠬᠢᠷᠲᠠᠯ ᠦᠬᠡᠢ ᠲᠦᠪᠯᠡᠷᠡᠬᠦᠯᠦᠨ ᠦᠢᠯᠡᠳᠪᠦᠷᠢᠯᠡᠬᠦ ᠪᠠ | 1 ᠲᠦᠮᠡᠨ ᠲᠤᠨ ᠤ ᠬᠠᠭᠤᠷᠠᠢ ᠮᠦᠬᠦᠯᠢᠭᠲᠦ ᠪᠤᠷᠲᠤᠭ᠎ᠠ᠂ ᠢᠤᠢ ᠴᠢᠶᠤᠤ ᠶᠢᠨ ᠨᠢᠬᠡᠲᠦᠬᠡᠷ ᠬᠤᠭᠤᠴᠠᠭᠠᠨ ᠤ | ᠲᠡᠮᠦᠷᠯᠢᠭ ᠲᠦᠬᠦᠬᠡᠷᠦᠮᠵᠢ ᠶᠢᠨ ᠦᠢᠯᠡᠳᠪᠦᠷᠢᠯᠡᠯ᠂ ᠮᠡᠨᠲᠦO2O ᠮᠠᠯ ᠠᠵᠦ ᠠᠬᠤᠢ ᠶᠢᠨ ᠪᠦᠲᠦᠭᠡᠭᠲᠡᠬᠦᠨ ᠤ | ᠬᠦᠯᠲᠡᠬᠡᠬᠦ ᠬᠡᠯᠬᠢᠶᠡᠵᠢᠯᠲᠡ ᠶᠢᠨ ᠲᠦᠷᠦᠯ ᠵᠤᠶᠢᠯ ᠤᠨ ᠬᠡᠰᠡᠭ ᠢ ᠪᠠᠶᠢᠭᠤᠯᠵᠠᠢ᠃ ᠤᠯᠠᠭᠠᠨᠬᠠᠲᠠ ᠶᠢᠨ ᠢᠨᠲ᠋ᠧᠷ | ᠰᠦᠯᠵᠢᠶᠡᠨ ᠤ ᠨᠤᠭᠤᠭ᠎ᠠ ᠬᠤᠯᠢᠰᠢᠨ ᠠᠮᠤ ᠶᠢᠨ ᠬᠦᠨ ᠪᠤᠯᠪᠠᠰᠤᠷᠠᠭᠤᠯᠤᠯᠲᠠ ᠶᠢᠨ ᠲᠦᠷᠦᠯ ᠵᠤᠶᠢᠯ ᠢ | ᠰᠠᠭᠤᠷᠢᠰᠢᠭᠤᠯᠵᠠᠢ᠃ ᠬᠤᠸᠠ ᠳ᠋ᠢᠶᠠᠨ ᠭᠤᠤ ᠵᠢᠶᠠ ᠯᠢᠶᠠᠩ ᠤᠨ ᠨᠢᠬᠡᠲᠤᠬᠡᠷ ᠬᠤᠭᠤᠴᠠᠭᠠᠨ ᠤ ᠪᠠᠷᠢᠯᠭ᠎ᠠ ᠶᠢᠨ 4. | 95 ᠲᠦᠮᠡᠨᠺᠢᠯᠤᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠤᠶᠢᠯ ᠤᠨ ᠪᠠᠶᠢᠭᠤᠯᠤᠯᠲᠠ ᠶᠢ | ᠡᠬᠢᠯᠡᠬᠦᠯᠦᠨ᠂ ᠲᠢᠶᠡᠨ ᠾᠦᠢ ᠾᠧ ᠫᠢᠩ ᠢᠩᠽᠢ ᠲᠤᠰᠬᠤᠨ ᠤ ᠨᠢᠬᠡᠲᠤᠬᠡᠷ ᠬᠤᠭᠤᠴᠠᠭᠠᠨ ᠤ ᠪᠠᠷᠢᠯᠭ᠎ᠠ ᠶᠢᠨ 4. | 95 ᠲᠦᠮᠡᠨᠺᠢᠯᠤᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠤᠶᠢᠯ ᠴᠠᠬᠢᠯᠭᠠᠨ ᠭᠠᠷᠭᠠᠵᠦ | ᠡᠬᠢᠯᠠᠵᠠᠢ᠃ ᠤᠯᠠᠭᠠᠨᠬᠠᠲᠠ ᠶᠢᠨ ᠷᠦᠢ ᠨᠧᠩ᠂ ᠴᠠᠶᠢᠷ ᠢ ᠰᠢᠯᠢᠨ ᠠᠪᠬᠤ ᠮᠡᠷᠬᠡᠵᠢᠯ ᠤᠨ ᠲᠡᠰ ᠲᠡᠪᠰᠢᠬᠦ ᠵᠡᠷᠬᠡ | ᠲᠦᠷᠦᠯ ᠵᠤᠶᠢᠯ ᠤᠨ ᠪᠠᠶᠢᠭᠤᠯᠤᠯᠲᠠ ᠶᠢ ᠲᠦᠷᠭᠡᠳᠬᠡᠵᠡᠢ᠃ ᠢᠤᠢ ᠯᠦᠩ ᠠᠵᠦ ᠦᠢᠯᠡᠳᠪᠦᠷᠢ ᠶᠢᠨ ᠬᠦᠷᠢᠶᠡᠯᠡᠩ | ᠦᠢᠯᠡᠰ ᠤᠨ ᠬᠦᠭᠵᠢᠯᠲᠡ ᠶᠢᠨ ᠲᠦᠰᠦᠪ ᠪᠠ ᠶᠡᠷᠦᠩᠬᠡᠢ ᠲᠦᠰᠦᠪᠯᠡᠯᠲᠡ ᠦᠪᠡᠷᠲᠡᠬᠡᠨ ᠵᠠᠰᠠᠬᠤ ᠤᠷᠤᠨ ᠤ ᠬᠢᠨᠠᠨ | ᠲᠤᠭᠲᠠᠭᠠᠯᠲᠠ ᠵᠦᠪᠰᠢᠶᠡᠷᠡᠯᠲᠡ ᠶᠢ ᠦᠩᠬᠡᠷᠡᠬᠡᠵᠦ᠂ ᠬᠤᠶᠢᠲᠤ ᠭᠤᠷᠪᠠᠨ ᠵᠠᠮ᠂ ᠡᠮᠦᠨ᠎ᠡ ᠬᠦᠷᠢᠶᠡᠯᠡᠩ ᠲᠤᠭᠤᠷᠢᠭ | ᠤᠨ ᠪᠤᠬᠢᠷ ᠤᠰᠤ ᠶᠢ ᠰᠢᠢᠳᠪᠦᠷᠢᠯᠡᠬᠦ ᠢᠨᠵᠧᠨᠧᠷᠢᠭ ᠪᠠ ᠬᠤᠶᠢᠲᠦ ᠬᠦᠷᠢᠶᠡᠯᠡᠩ ᠲᠤᠭᠤᠷᠢᠭ ᠤᠨ ᠨᠢᠬᠡᠨ | ᠴᠤᠭᠴᠠᠵᠢᠭᠰᠠᠨ ᠪᠤᠬᠢᠷ ᠤᠰᠤ ᠶᠢ ᠰᠢᠢᠳᠪᠦᠷᠢᠯᠡᠬᠦ ᠲᠦᠬᠦᠬᠡᠷᠦᠮᠵᠢ ᠶᠢ ᠪᠠᠶᠢᠭᠤᠯᠵᠦ᠂ ᠲᠤᠭᠲᠠᠭᠰᠠᠨ ᠬᠤᠭ | ᠬᠠᠶᠠᠭᠲᠠᠮᠠᠯ ᠢ ᠰᠢᠢᠳᠪᠦᠷᠢᠯᠡᠬᠦ ᠲᠠᠯᠠᠪᠠᠢ ᠵᠡᠷᠬᠡ ᠢᠨᠵᠧᠨᠧᠷᠢᠭ ᠢ ᠡᠬᠢᠯᠡᠬᠦᠯᠦᠨ᠂ ᠪᠤᠬᠢᠷ ᠤᠰᠤ ᠶᠢ ᠲᠦᠪᠯᠡᠷᠡᠬᠦᠯᠦᠨ | ᠰᠢᠢᠳᠬᠦ ᠪᠠ ᠲᠦᠪᠯᠡᠷᠡᠭᠰᠡᠨ ᠲᠤᠯᠠᠭᠠᠯᠭ᠎ᠠ ᠶᠢ ᠦᠨᠲᠦᠰᠦᠨ ᠳᠡᠭᠡᠨ ᠪᠡᠶᠡᠯᠡᠬᠦᠯᠵᠡᠢ᠃ | ᠨᠢᠬᠡ ᠵᠢᠯ ᠤᠨ ᠲᠤᠷᠰᠢ᠂ ᠪᠢᠲᠠ ᠪᠦᠲᠦᠴᠡ ᠶᠢ ᠰᠢᠯᠢᠲᠡᠭᠵᠢᠬᠦᠯᠦᠨ ᠲᠤᠬᠢᠷᠠᠭᠤᠯᠤᠯᠲᠠ ᠬᠢᠬᠦ ᠶᠢ | ᠴᠢᠬᠤᠯᠠᠴᠢᠯᠠᠨ᠂ ᠲᠠᠷᠢᠶᠠᠯᠠᠩ ᠮᠠᠯ ᠠᠵᠦ ᠠᠬᠤᠢ ᠶᠢᠨ ᠤᠲᠤᠬᠢᠴᠢᠯᠠᠭᠰᠠᠨ ᠬᠡᠮᠵᠢᠶ᠎ᠡ ᠶᠢ ᠲᠤᠭᠲᠠᠭᠤᠨ ᠢᠶᠠᠷ | ᠨᠡᠮᠡᠭᠲᠡᠬᠦᠯᠵᠠᠢ᠃ ᠬᠦᠨᠲᠦ ᠨᠤᠴᠢᠲᠠᠢ ᠪᠠᠶᠢᠭᠠᠯᠢ ᠶᠢᠨ ᠭᠠᠮᠰᠢᠭ ᠢ ᠢᠲᠡᠪᠬᠢᠲᠠᠢ ᠪᠠᠷ ᠠᠷᠭᠠᠴᠠᠭᠠᠵᠦ᠂ ᠲᠠᠷᠢᠶᠠᠯᠠᠩ | ᠮᠠᠯ ᠠᠵᠦ ᠠᠬᠤᠢ ᠶᠢᠨ ᠬᠤᠷᠢᠶᠠᠯᠲᠠ ᠮᠠᠰᠢ ᠰᠠᠶᠢᠨ ᠪᠦᠲᠦᠮᠵᠢᠲᠡᠢ ᠲᠠᠢ ᠪᠤᠯᠵᠦ᠂ ᠲᠠᠷᠢᠶᠠᠨ ᠤ ᠶᠡᠷᠦᠩᠬᠡᠢ ᠤᠨᠠᠯᠲᠠ | 23 ᠳ᠋ᠦᠩᠰᠢᠭᠤᠷ ᠵᠢᠩ ᠳᠤ ᠬᠦᠷᠴᠠᠢ᠃ ᠪᠦᠬᠦ ᠬᠤᠰᠢᠭᠤᠨ ᠤ ᠲᠠᠷᠢᠰᠢᠨ ᠨᠤᠭᠤᠭ᠎ᠠ 32.5 ᠲᠦᠮᠡᠨ ᠮᠤ᠋᠂ | ᠲᠦᠮᠦᠰᠦ 25ᠲᠦᠮᠡᠨ ᠮᠤ᠋᠂ ᠰᠢᠬᠢᠷᠲᠦ ᠯᠤᠤᠪᠠᠩ 16 ᠲᠦᠮᠡᠨ ᠮᠤ᠋᠂ ᠨᠤᠭᠤᠭᠠᠨ ᠲᠠᠷᠤᠰᠢᠨ ᠡᠷᠲᠡᠨᠢ ᠰᠢᠰᠢ 7.4 | ᠲᠦᠮᠡᠨ ᠮᠤ᠋᠂ ᠰᠢᠯᠢᠲᠡᠭ ᠴᠢᠨᠠᠷ ᠤᠨ ᠬᠦᠷᠡᠩ ᠴᠠᠷᠭᠠᠰᠤ 3.6 ᠲᠦᠮᠡᠨ ᠮᠤ᠋ ᠳᠤ ᠬᠦᠷᠴᠠᠢ᠃ ᠮᠢᠬᠠᠨ ᠦᠬᠡᠷ ᠤᠨ | ᠭᠠᠷᠭᠠᠯᠲᠠ 20 ᠲᠦᠮᠡᠨ ᠲᠤᠯᠤᠭᠠᠢ᠂ ᠮᠢᠬᠠᠨ ᠬᠤᠨᠢ 104 ᠲᠦᠮᠡᠨ ᠲᠤᠯᠤᠭᠠᠢ᠂ ᠭᠠᠭ᠋ᠠᠢ 114 ᠲᠦᠮᠡᠨ | ᠲᠤᠯᠤᠭᠠᠢ ᠠᠯᠠᠵᠦ ᠨᠢᠲᠤᠯᠡᠨ ᠭᠠᠷᠭᠠᠵᠠᠢ᠃ ᠱᠧᠩ ᠴᠢᠣᠸᠠᠨ ᠲᠦᠮᠡᠨ ᠲᠤᠯᠤᠭᠠᠢ ᠮᠢᠬᠠᠨ ᠦᠬᠡᠷ ᠢ ᠲᠦᠪᠯᠡᠷᠡᠬᠦᠯᠦᠨ | ᠬᠠᠲᠠᠭᠠᠯᠠᠬᠤ ᠲᠦᠪ᠂ ᠮᠤ᠋ ᠶᠤᠸᠠᠨ30 ᠲᠦᠮᠡᠨ ᠭᠠᠭ᠋ᠠᠢ ᠲᠡᠵᠢᠬᠡᠬᠦ᠂ ᡁᠢ ᠴᠧᠩ 30 ᠲᠦᠮᠡᠨ ᠨᠤᠭᠤᠰᠤ ᠲᠡᠵᠢᠬᠡᠨ | ᠦᠷᠡᠵᠢᠬᠦᠯᠬᠦ ᠲᠦᠷᠦᠯ ᠵᠤᠶᠢᠯ ᠤᠨ ᠠᠬᠢᠴᠠ ᠤᠷᠤᠭᠰᠢᠲᠠᠢ ᠶᠠᠪᠤᠭᠲᠠᠵᠦ᠂ ᠵᠦᠩ ᠯᠢᠶᠠᠩ ᠤᠨ40 ᠰᠠᠭᠤᠷᠢ ᠭᠠᠭ᠋ᠠᠢ | ᠲᠡᠵᠢᠬᠡᠨ ᠦᠷᠡᠵᠢᠬᠦᠯᠬᠦ ᠰᠠᠭᠤᠷᠢᠨ᠂ ᡁᠢ ᠱᠧᠩ ᠤᠨ 60 ᠲᠦᠮᠡᠨ ᠨᠤᠭᠤᠰᠤ ᠲᠡᠵᠢᠬᠡᠨ ᠦᠷᠡᠵᠢᠬᠦᠯᠬᠦ ᠲᠦᠷᠦᠯ | ᠵᠤᠶᠢᠯ ᠨᠢᠬᠡ ᠬᠡᠰᠡᠭ ᠨᠢ ᠪᠠᠶᠢᠭᠤᠯᠤᠭᠲᠠᠵᠦ ᠠᠰᠢᠭᠯᠠᠯᠲᠠ ᠳᠤ ᠤᠷᠤᠵᠠᠢ᠃ ᠶᠠᠩ ᠵᠢᠶᠠ ᠢᠩᠽᠢ ᠤᠨ | ᠤᠲᠤᠬᠢᠴᠢᠯᠠᠭᠰᠠᠨ ᠲᠠᠷᠢᠶᠠᠯᠠᠩ ᠤᠨ ᠵᠢᠱᠢᠶ᠎ᠠ ᠦᠵᠡᠬᠦᠯᠬᠦ ᠬᠦᠷᠢᠶᠡᠯᠡᠩ ᠲᠤᠭᠤᠷᠢᠭ ᠶᠡᠷᠦᠩᠬᠡᠢ ᠲᠦᠰᠦᠪ ᠢᠶᠠᠨ | ᠪᠡᠶᠡᠯᠡᠬᠦᠯᠦᠨ ᠠᠵᠢᠯᠯᠠᠵᠦ ᠪᠠᠶᠢᠨ᠎ᠠ᠃ ᠦᠨᠲᠦᠷ ᠴᠢᠨᠠᠷ ᠢᠶᠠᠷ ᠪᠦᠬᠦ ᠬᠤᠰᠢᠭᠤᠨ ᠤ ᠰᠢᠶᠠᠩ ᠲᠤᠰᠬᠤᠨ ᠢ | ᠬᠦᠭᠵᠢᠬᠦᠯᠬᠦ ᠵᠢᠱᠢᠶ᠎ᠡ ᠦᠵᠡᠬᠦᠯᠬᠦ ᠪᠦᠰᠡ ᠶᠢᠨ ᠬᠦᠭᠵᠢᠯᠲᠡ ᠶᠢᠨ ᠲᠦᠰᠦᠪ ᠢ ᠲᠦᠯᠦᠪᠯᠡᠨ᠂ ᠴᠢᠶᠤᠤ ᠲᠸᠤ ᠠᠴᠠ | ᠪᠤᠷᠤᠬᠤᠲᠠ ᠬᠦᠷᠬᠦ ᠠᠵᠦ ᠦᠢᠯᠡᠰ ᠤᠨ ᠪᠦᠰᠡ᠂ ᠬᠤᠲᠠ ᠲᠤᠭᠤᠷᠢᠭᠰᠠᠨ ᠠᠵᠦ ᠦᠢᠯᠡᠰ ᠤᠨ ᠪᠦᠰᠡ᠂ ᠰᠤᠶᠤᠯ | ᠵᠤᠭᠠᠴᠠᠯ ᠤᠨ ᠦᠢᠯᠡᠰ ᠤᠨ ᠪᠦᠰᠡ 3 ᠵᠤᠷᠪᠤᠰ ᠬᠤᠲᠠ ᠶᠢᠨ ᠲᠡᠰ ᠤᠨ ᠵᠢᠱᠢᠶ᠎ᠡ ᠦᠵᠡᠬᠦᠯᠬᠦ ᠪᠦᠰᠡ ᠠᠩᠬ᠎ᠠ | ᠠᠯᠬᠤᠮ ᠬᠡᠪᠴᠢᠶᠡᠵᠢᠨ ᠪᠦᠷᠢᠯᠲᠦᠵᠠᠢ᠃ ︿︿ᠤᠩᠨᠢᠭᠤᠳ ᠤᠨ ᠨᠠᠷᠢᠮᠤ﹀﹀ ᠤᠯᠤᠰ ᠤᠨ ᠭᠠᠵᠠᠷ ᠵᠦᠢ ᠶᠢᠨ | ᠲᠡᠮᠲᠡᠭ ᠤᠨ ᠬᠡᠷᠡᠴᠢᠯᠡᠯ ᠢᠶᠠᠷ ᠲᠡᠮᠵᠢᠨ ᠮᠡᠲᠡᠷᠡᠭᠲᠡᠵᠡᠢ᠃ ᠵᠢᠬᠦᠷᠲᠡᠨ ᠤ ᠪᠠᠭᠠᠰᠤ ᠪᠤᠬᠢᠷᠲᠠᠯ ᠢ ᠡᠬᠢ ᠪᠠᠶᠠᠯᠢᠭ | ᠪᠤᠯᠭᠠᠨ ᠠᠰᠢᠭᠯᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠦᠷᠦᠯ ᠵᠤᠶᠢᠯ ᠠᠯᠬᠤᠮ ᠲᠠᠷᠠᠭ᠎ᠠ ᠲᠠᠢ ᠪᠠᠷ | ᠶᠠᠪᠤᠭᠲᠠᠵᠦ ᠪᠠᠶᠢᠨ᠎ᠠ᠃ ᠰᠢᠨ᠎ᠠ ᠪᠠᠷ ᠪᠠᠶᠢᠭᠤᠯᠤᠭᠲᠠᠭᠰᠠᠨ ᠦᠨᠲᠦᠷ ᠠᠰᠢᠭᠲᠦ ᠤᠰᠤ ᠠᠷᠪᠢᠯᠠᠨ ᠤᠰᠤᠯᠠᠬᠤ | ᠲᠠᠯᠠᠪᠠᠢ10 ᠲᠦᠮᠡᠨ ᠮᠤ᠋ ᠳᠤ ᠬᠦᠷᠴᠠᠢ᠃ ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠠᠵᠢᠯᠯᠠᠬᠤ | ᠲᠦᠪᠰᠢᠨ 78% ᠳᠤ ᠬᠦᠷᠴᠠᠢ᠃ | ᠨᠢᠬᠡ ᠵᠢᠯ ᠤᠨ ᠲᠤᠷᠰᠢ᠂ ᠪᠢᠲᠠ ᠲᠡᠰ ᠦᠰᠬᠡᠬᠡᠨ ᠲᠦᠷᠬᠡᠳᠬᠡᠨ ᠲᠡᠪᠰᠢᠵᠦ᠂ ᠤᠲᠤᠬᠢᠴᠢᠯᠠᠭᠰᠠᠨ | ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢᠨ ᠪᠠᠶᠢᠲᠠᠯ ᠮᠠᠰᠢ ᠰᠠᠶᠢᠨ ᠪᠠᠶᠢᠨ᠎ᠠ᠃ ᠰᠤᠶᠤᠯ ᠵᠤᠭᠠᠴᠠᠯ ᠢ | ᠤᠶᠠᠯᠲᠤᠭᠤᠯᠤᠨ ᠬᠦᠭᠵᠢᠯᠲᠡ ᠶᠢᠨ ᠠᠯᠬᠤᠴᠠ ᠶᠢ ᠲᠦᠷᠬᠡᠳᠬᠡᠨ᠂ ︿︿ ᠬᠠᠰ ᠯᠤᠤ ᠶᠢᠨ ᠨᠤᠲᠤᠭ᠂ ᠵᠤᠭᠠᠴᠠᠯ﹀﹀ | ᠰᠤᠶᠤᠯ ᠵᠤᠭᠠᠴᠠᠯ ᠨᠡᠷᠡᠲᠦ ᠲᠡᠮᠲᠡᠭ ᠢ ᠬᠦᠮᠦᠰ ᠤᠨ ᠰᠡᠳᠬᠢᠯ ᠳᠤ ᠰᠠᠭᠤᠭᠲᠠᠭᠤᠯᠤᠨ᠂ ᠲᠤᠮᠲᠠᠲᠦ ᠶᠢᠨ ᠯᠤᠤ ᠶᠢᠨ | ᠰᠤᠶᠤᠯ ᠤᠨ ᠦᠢᠯᠡᠰ ᠤᠨ ᠬᠦᠷᠢᠶᠡᠯᠡᠩ ᠲᠤᠭᠤᠷᠢᠭ᠂ ᠲᠡᠷᠡᠰᠤ ᠶᠢᠨ ᠠᠮᠢ ᠠᠬᠤᠢ ᠲᠠᠷᠢᠶᠠᠯᠠᠩ ᠤᠢ ᠰᠢᠭᠤᠢ ᠶᠢᠨ | ᠰᠡᠯᠡᠬᠦᠴᠠᠨ ᠲᠤᠭᠤᠷᠢᠬᠤ ᠬᠦᠷᠢᠶᠡᠯᠡᠩ ᠲᠤᠭᠤᠷᠢᠭ ᠵᠢᠷᠤᠭ ᠲᠦᠯᠦᠪᠯᠡᠭᠡ ᠢᠶᠠᠷ ᠢᠶᠠᠨ ᠪᠡᠶᠡᠯᠡᠭᠲᠡᠵᠡᠢ᠃ ᠴᠢᠤᠸᠠᠨ ᠨᠢᠩ | ᠰᠤᠶᠤᠯ ᠵᠤᠭᠠᠴᠠᠯ ᠤᠨ ᠦᠢᠯᠡᠰ ᠤᠨ ᠬᠦᠷᠢᠶᠡᠯᠡᠩ ᠲᠤᠭᠤᠷᠢᠭ ᠤᠨ5.5 ᠺᠢᠯᠤᠮᠧᠲᠷ ᠤᠨ ᠵᠠᠮ ᠬᠤᠯᠪᠤᠬᠤ ᠪᠠᠷᠢᠯᠭ᠎ᠠ | ᠲᠠᠭᠤᠰᠴᠠᠢ᠃ ᠬᠠᠰ ᠯᠤᠤ ᠡᠯᠡᠰᠤᠨ ᠨᠠᠭᠤᠷ ᠦᠵᠡᠮᠵᠢ ᠶᠢᠨ ᠤᠷᠤᠨ ᠤ ᠮᠠᠰᠢᠨ ᠲᠡᠷᠬᠡ ᠪᠠᠷ ᠡᠯᠡᠰᠦ ᠮᠠᠩᠬ᠎ᠠ ᠢᠶᠠᠷ | ᠲᠤᠭᠤᠷᠢᠬᠤ ᠬᠡᠬᠡᠷ᠎ᠡ ᠶᠢᠨ ᠪᠤᠯᠪᠠᠰᠤᠷᠠᠯ ᠤᠷᠤᠯᠲᠤᠭᠠᠨ ᠤ ᠰᠠᠭᠤᠷᠢᠨ ᠲᠦᠷᠦᠯ ᠵᠤᠶᠢᠯ ᠪᠠᠶᠢᠭᠤᠯᠤᠯᠲᠠ ᠪᠠᠨ ᠡᠬᠢᠯᠡᠵᠦ | ᠂ ᠡᠯᠡᠰᠤ ᠮᠠᠩᠬᠠᠨ ᠤ ᠬᠠᠯᠠᠭᠤᠨ ᠷᠠᠰᠢᠶᠠᠨ ᠤ ᠲᠦᠪ᠂ ᠮᠤᠲᠤᠨ ᠬᠡᠷ ᠤᠨ ᠤᠷᠤᠨ ᠰᠠᠭᠤᠴᠠ ᠶᠢᠨ ᠪᠠᠷᠢᠯᠭ᠎ᠠ ᠵᠡᠷᠬᠡ | ᠲᠦᠷᠦᠯ ᠵᠤᠶᠢᠯ ᠠᠰᠢᠭᠯᠠᠯᠲᠠ ᠳᠤ ᠤᠷᠤᠵᠠᠢ᠃ ᠬᠤᠸᠠ ᠫᠢᠩ ᠲᠢᠶᠠᠨ ᠶᠤᠸᠠᠨ ᠶᠡᠷᠦᠩᠬᠡᠶᠢᠯᠡᠭᠰᠡᠨ ᠴᠤᠭᠴᠠ ᠠᠬᠢᠴᠠ | ᠪᠠᠷ ᠲᠦᠷᠬᠡᠳᠬᠡᠨ᠂ ᠹᠦ᠋ ᠰᠢ ᠲᠢᠶᠠᠨ ᠶᠤᠸᠠᠨ ᠶᠡᠷᠦᠩᠬᠡᠶᠢᠯᠡᠭᠰᠡᠨ ᠴᠤᠭᠴᠠ᠂ ᠪᠦᠷᠢᠲᠤᠨ ᠤ ᠤᠨᠴᠠᠯᠢᠭᠲᠦ | ᠦᠨᠲᠦᠰᠦᠲᠡᠨ ᠤ ᠲᠠᠳᠬᠠᠯ ᠤᠨ ᠵᠢᠵᠢᠭ ᠲᠤᠭᠤᠷᠢᠭ ᠡᠵᠡᠩᠨᠡᠯᠲᠡ ᠳᠤ ᠤᠷᠤᠵᠠᠢ᠃ 50 ᠺᠢᠯᠤᠮᠧᠲᠷ ᠤᠨ ᠰᠤᠶᠤᠯ | ᠵᠤᠭᠠᠴᠠᠯ ᠤᠨ ᠦᠢᠯᠡᠰ ᠤᠨ ᠪᠦᠰᠡ ᠶᠢ ᠬᠤᠯᠪᠤᠬᠤ ᠵᠠᠮ ᠱᠤᠭᠤᠮ ᠪᠠᠷᠢᠯᠭ᠎ᠠ ᠡᠬᠢᠯᠡᠵᠡᠢ᠃ ᠰᠢᠶᠠᠩ ᠲᠤᠰᠬᠤᠨ ᠤ | ᠵᠤᠭᠠᠴᠠᠯ ᠤᠨ ᠬᠦᠭᠵᠢᠯᠲᠡ ᠶᠢ ᠲᠦᠷᠬᠡᠳᠬᠡᠨ᠂ ᠮᠠᠯ ᠲᠠᠷᠢᠶᠠᠨ ᠤ ᠵᠤᠭᠠᠴᠠᠯ ᠤᠨ ᠬᠤᠭᠤᠯᠠᠨ ᠬᠡᠷ ᠢ 50 ᠶᠢ | ᠰᠢᠨ᠎ᠠ ᠪᠠᠷ ᠪᠠᠶᠢᠭᠤᠯᠵᠠᠢ᠃ ᠪᠦᠬᠦ ᠬᠤᠰᠢᠭᠤᠨ ᠤ ᠵᠤᠭᠠᠴᠠᠭᠰᠠᠳ ᠢ ᠬᠦᠯᠢᠶᠡᠨ ᠠᠪᠤᠭᠰᠠᠨ ᠲᠤᠭ᠎ᠠ 180 ᠲᠦᠮᠡᠨ | ᠬᠦᠮᠦᠨ ᠤᠲᠠᠭ᠎ᠠ ᠳᠤ ᠬᠦᠷᠴᠦ᠂ ᠵᠤᠭᠠᠴᠠᠯ ᠤᠨ ᠤᠷᠤᠯᠭ᠎ᠠ 25 ᠳ᠋ᠦᠩᠰᠢᠭᠤᠷ ᠲᠦᠬᠦᠷᠢᠭ ᠲᠤ ᠬᠦᠷᠴᠠᠢ᠃ | ᠴᠠᠬᠢᠮ ᠬᠤᠲᠠᠯᠲᠤᠭ᠎ᠠ ᠶᠢ ᠬᠦᠲᠡᠭᠡ ᠲᠤᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠰᠢᠶᠠᠨ ᠤ ᠲᠦᠷᠦᠯ ᠵᠤᠶᠢᠯ | ᠪᠤᠯᠭᠠᠨ ᠤᠷᠤᠭᠤᠯᠵᠦ ᠠᠬᠢᠴᠠ ᠨᠢ ᠰᠢᠯᠤᠭᠤᠨ ᠪᠠᠶᠢᠵᠦ᠂ ᠬᠤᠰᠢᠭᠤᠨ ᠲᠡᠰ ᠤᠨ ᠴᠠᠬᠢᠮ ᠬᠤᠲᠠᠯᠲᠤᠭ᠎ᠠ ᠶᠢᠨ | ᠨᠡᠶᠢᠲᠡ ᠶᠢᠨ ᠦᠢᠯᠡᠴᠢᠯᠡᠬᠡᠨ ᠤ ᠲᠦᠪ᠂ ᠪᠠᠷᠠᠭ᠎ᠠ ᠪᠤᠲᠠᠰ ᠬᠠᠲᠠᠭᠠᠯᠠᠬᠤ ᠲᠠᠷᠠᠬᠠᠭᠠᠤ ᠲᠦᠪ᠂ ᠬᠦᠯᠲᠡᠬᠡᠬᠦᠷ | ᠬᠦᠮᠦᠷᠬᠡ ᠶᠢᠨ ᠬᠦᠷᠬᠡᠬᠦ ᠲᠤᠭᠤᠷᠢᠭ ᠪᠠ175 ᠲᠤᠰᠬᠤᠨ ᠤ ᠲᠡᠰ ᠤᠨ ᠴᠠᠬᠢᠮ ᠬᠤᠲᠠᠯᠲᠤᠭᠠᠨ ᠤ ᠦᠷᠲᠡᠭᠡ ᠶᠢ | ᠪᠠᠶᠢᠭᠤᠯᠵᠠᠢ᠃ ᠤᠩᠨᠢᠭᠤᠳ ᠬᠤᠰᠢᠭᠤᠨ ᠤ ᠲᠡᠷᠢᠶᠡᠯᠡᠩ ᠤᠨ ᠤᠨᠴᠠᠯᠢᠭᠲᠦ ᠪᠠᠷᠠᠭ᠎ᠠ ᠲᠠᠸᠠᠷ ᠤᠨ | ᠪᠤᠷᠤᠯᠠᠭᠤᠯᠤᠯᠲᠠ ᠶᠢᠨ ᠲᠦᠪ ᠢ ᠪᠡᠬᠡᠵᠢᠩ ᠬᠤᠲᠠ ᠶᠢᠨ ᠲᠦᠩ ᠵᠸᠤ ᠲᠤᠭᠤᠷᠢᠭ ᠲᠤ ᠵᠢᠩᠬᠢᠨᠢ ᠪᠠᠷ ᠡᠬᠦᠲᠡ | ᠡᠵᠡᠩᠨᠡᠵᠦ᠂ ᠤᠯᠠᠭᠠᠨᠬᠠᠲᠠ ᠶᠢᠨ ᠠᠷᠠᠯᠵᠢᠶᠠᠨ ᠤ ᠬᠠᠲᠠᠭᠠᠯᠠᠬᠤ ᠬᠦᠮᠦᠷᠬᠡ ᠶᠢᠨ ᠪᠠᠷᠠᠭ᠎ᠠ ᠲᠠᠸᠠᠷ ᠤᠨ ᠡᠷᠬᠢᠯᠲᠡ ᠶᠢᠨ | ᠲᠦᠷᠦᠯ ᠵᠤᠶᠢᠯ ᠢ ᠪᠠᠶᠢᠭᠤᠯᠵᠦ ᠠᠰᠢᠭᠯᠠᠯᠲᠠ ᠳᠤ ᠤᠷᠤᠭᠤᠯᠵᠠᠢ᠃ ᠰᠢᠶᠠᠨ ᠤ ᠬᠠᠷᠢᠶᠠᠨ ᠲᠠᠬᠢ ᠮᠦᠩᠬᠦᠨ | ᠬᠦᠢᠯᠬᠡᠬᠡᠨ ᠤ ᠲᠤᠷᠰᠢᠯᠲᠠ ᠶᠢᠨ ᠴᠢᠭ ᠤᠨ ᠪᠠᠷᠢᠯᠭ᠎ᠠ ᠡᠬᠢᠯᠡᠵᠦ᠂ ᠰᠢᠨ᠎ᠠ ᠪᠠᠷ ᠭᠠᠵᠠᠷ ᠤᠷᠤᠨ ᠤ ᠰᠲ᠋ᠤᠺ ᠶᠢᠨ | ᠰᠤᠯᠢᠯᠴᠠᠭᠠᠨ ᠤ ᠲᠦᠪ ᠲᠤ 10 ᠠᠵᠦ ᠠᠬᠤᠶᠢᠯᠠᠯ ᠫᠠᠶᠢᠰᠠ ᠡᠯᠬᠦᠭᠰᠡᠨ ᠠᠵᠢᠯᠯᠠᠭᠰᠠᠨ ᠪᠠᠶᠢᠨ᠎ᠠ᠃ ᠪᠦᠬᠦ | ᠬᠤᠰᠢᠭᠤᠨ ᠤ ᠮᠦᠩᠬᠦᠨ ᠬᠦᠢᠯᠬᠡᠬᠡᠨ ᠤ ᠪᠦᠲᠦᠴᠡ ᠶᠢᠨ ᠬᠠᠲᠠᠭᠠᠯᠠᠬᠤ ᠵᠢᠬᠡᠯᠡᠯᠬᠡ ᠶᠢᠨ ᠮᠦᠩᠬᠦ ᠶᠢᠨ | ᠦᠯᠡᠲᠡᠪᠦᠷᠢ113 ᠳ᠋ᠦᠩᠰᠢᠭᠤᠷ ᠲᠦᠬᠦᠷᠢᠭ ᠪᠠ 92 ᠳ᠋ᠦᠩᠰᠢᠭᠤᠷ ᠲᠦᠬᠦᠷᠢᠭ ᠲᠤ ᠲᠤᠰ ᠲᠤᠰ ᠬᠦᠷᠴᠠᠢ᠃ | ᠨᠢᠬᠡ ᠵᠢᠯ ᠤᠨ ᠲᠤᠷᠰᠢ᠂ ᠪᠢᠲᠠ ᠪᠤᠬᠢᠷᠲᠠᠯ ᠢ ᠵᠠᠰᠠᠨ ᠦᠬᠡᠷᠡᠴᠢᠯᠡᠵᠦ᠂ ᠠᠮᠢ ᠠᠬᠤᠢ ᠶᠢᠨ ᠬᠠᠮᠠᠭᠠᠯᠠᠯᠲᠠ | ᠮᠡᠲᠡᠭᠲᠡᠬᠦᠶᠢᠴᠠ ᠪᠦᠲᠦᠮᠵᠢᠲᠠᠢ ᠪᠤᠯᠵᠠᠢ᠃ ᠪᠤᠬᠢᠷᠲᠠᠯ ᠢ ᠰᠡᠷᠬᠡᠶᠢᠯᠡᠨ ᠵᠠᠰᠠᠬᠤ ᠲᠠᠶᠢᠯᠠᠯᠲᠤᠭᠠᠨ ᠢ ᠪᠦᠬᠦ ᠲᠠᠯ᠎ᠠ ᠪᠠᠷ | ᠡᠬᠢᠯᠡᠬᠦᠯᠦᠨ᠂ ᠲᠤᠰᠠᠬᠠᠢ ᠠᠵᠢᠯᠯᠠᠭ᠎ᠠ ᠪᠠᠷ ᠲᠦᠪᠯᠡᠷᠡᠬᠦᠯᠦᠨ ᠦᠷᠨᠢᠬᠦᠯᠵᠦ᠂ ᠲᠦᠪ ᠤᠨ ᠠᠮᠢ ᠠᠬᠤᠢ ᠶᠢᠨ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︿︿ ᠡᠷᠬᠢᠨ ᠬᠠᠷᠠᠬᠤ﹀﹀ ᠪᠠ ︿︿ᠯᠢᠤᠢ ᠳ᠋ᠦᠨ 2018﹀﹀ | ᠲᠤᠰᠠᠬᠠᠢ ᠬᠢᠨᠠᠨ ᠪᠠᠶᠢᠴᠠᠭᠠᠯᠲᠠ ᠶᠢ ᠤᠷᠤᠭᠰᠢᠲᠠᠢ ᠪᠠᠷ ᠤᠭᠲᠤᠵᠠᠢ᠃ ᠬᠤᠶᠠᠲᠤᠭᠠᠷ ᠤᠲᠠᠭᠠᠨ ᠤ ᠪᠦᠬᠦ ᠤᠯᠤᠰ | ᠤᠨ ᠪᠤᠬᠢᠷᠲᠠᠯ ᠤᠨ ᠡᠬᠢ ᠡᠬᠦᠰᠦᠯ ᠣᠨᠨᠡᠶᠢᠲᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠬᠦᠯᠦᠨ᠂ ᠭᠤᠤᠯᠲᠠᠯᠭ᠎ᠠ | ᠲᠠᠢ ᠠᠵᠦ ᠠᠬᠤᠶᠢᠯᠠᠯ ᠨᠡᠬᠦᠷᠡᠰᠦ ᠰᠢᠲᠠᠭᠠᠬᠤ ᠵᠤᠤᠬ᠎ᠠ ᠶᠢ ᠦᠬᠡᠷᠡᠴᠢᠯᠡᠬᠦ ᠪᠠ ᠪᠤᠷᠤᠬᠤᠲᠠ ᠶᠢᠨ ᠬᠤᠲᠠ ᠲᠤᠭᠤᠷᠢᠭ | ᠤᠨ ᠵᠠᠲᠠᠭᠠᠢ ᠨᠡᠬᠦᠷᠡᠰᠦ ᠶᠢᠨ ᠪᠤᠬᠢᠷᠲᠠᠯ ᠢ ᠵᠠᠰᠠᠨ ᠰᠠᠶᠢᠵᠢᠷᠠᠭᠤᠯᠬᠤ ᠶᠢ ᠲᠦᠷᠭᠡᠳᠬᠡᠵᠡᠢ᠃ ᠤᠲᠠᠨᠲᠤᠬᠤᠢ ᠪᠠᠯᠭᠠᠰᠤ᠂ | ᠳ᠋ᠠ ᠰᠢᠩ ᠲᠠᠷᠢᠶᠠᠯᠠᠩ ᠤᠨ ᠲᠠᠯᠠᠪᠠᠢ ᠵᠡᠷᠬᠡ ᠭᠠᠵᠠᠷ ᠤᠨ ᠪᠤᠬᠢᠷ ᠤᠰᠤ ᠬᠤᠭ ᠨᠤᠪᠰᠢ ᠶᠢ ᠰᠢᠢᠳᠪᠦᠷᠢᠯᠡᠬᠦ ᠪᠠᠷᠢᠯᠭ᠎ᠠ | ᠶᠢ ᠡᠬᠢᠯᠡᠬᠦᠯᠦᠨ᠂ ᠴᠢᠨᠠᠷ ᠮᠠᠭᠤ V ᠲᠦᠷᠦᠯ ᠤᠨ ᠤᠰᠤ ᠶᠢ ᠴᠡᠪᠡᠷᠯᠡᠵᠠᠢ᠃ ᠯᠤᠤᠬ᠎ᠠ ᠶᠢᠨ ᠭᠤᠤᠯ ᠤᠨ ᠲᠡᠬᠡᠲᠦ | ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠤᠷᠴᠢᠨ ᠲᠤᠭᠤᠷᠢᠨ ᠢ ᠵᠠᠰᠠᠨ ᠴᠡᠭᠴᠡᠯᠡᠵᠦ᠂ ᠴᠢᠶᠤᠤ ᠲᠸᠤ | ᠪᠠᠯᠭᠠᠰᠤ ᠶᠢᠨ ᠰᠢᠷᠤᠢ ᠮᠠᠯᠲᠠᠭᠰᠠᠨ ᠨᠦᠬᠡ ᠶᠢ ᠵᠠᠰᠠᠬᠤ ᠠᠵᠢᠯ᠂ 30 ᠲᠦᠮᠡᠨ ᠮᠤ᠋ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠠᠵᠢᠯ᠂ ᠭᠤᠤᠯᠲᠠᠯᠠᠭ᠎ᠠ ᠲᠠᠢ ᠭᠠᠵᠠᠷ ᠤᠷᠤᠨ ᠳᠤ 3000 ᠮᠤ᠋ ᠨᠤᠭᠤᠭᠠᠷᠠᠭᠤᠯᠬᠤ ᠠᠵᠢᠯ ᠢ | ᠬᠢᠵᠠᠢ᠃ ᠬᠤᠰᠢᠭᠤ ᠰᠤᠮᠤ ᠭᠠᠴᠠᠭ᠎ᠠ ᠭᠤᠷᠪᠠᠨ ᠱᠠᠲᠤᠨ ᠤ ᠭᠤᠤᠯ ᠨᠠᠭᠤᠷ ᠤᠨ ᠲᠠᠷᠤᠭ᠎ᠠ ᠶᠢᠨ ᠲᠦᠷᠢᠮ ᠢ | ᠬᠦᠨᠵᠡᠬᠡᠢ ᠨᠠᠶᠢᠲᠠᠪᠦᠷᠢᠵᠢᠭᠤᠯᠤᠨ᠂ ᠭᠤᠤᠯ ᠳᠤ ᠴᠢᠳᠬᠤᠬᠤ ᠪᠤᠬᠢᠷ ᠤᠰᠤ ᠪᠠ ᠤᠰᠤᠨ ᠤ ᠢᠷᠡᠯᠲᠡ ᠶᠢᠨ ᠤᠷᠴᠢᠨ | ᠲᠤᠭᠤᠷᠢᠨ ᠢ ᠲᠦᠪᠯᠡᠷᠡᠬᠦᠯᠦᠨ ᠵᠠᠰᠠᠵᠦ᠂ ᠭᠤᠤᠯ ᠨᠠᠭᠤᠷ ᠤᠨ ᠤᠷᠤᠰᠢᠵᠦ ᠪᠠᠶᠢᠭ᠎ᠠ ᠠᠰᠠᠭᠤᠲᠠᠯ ᠢ ᠪᠦᠲᠦᠮᠵᠢᠲᠠᠢ | ᠴᠡᠭᠴᠡᠯᠡᠵᠡᠢ᠃ ᠰᠢᠷᠠᠮᠦ᠋ᠷᠡᠨ ᠭᠤᠤᠯ ᠤᠨ ᠦᠶᠡᠷ ᠢ ᠰᠡᠷᠬᠡᠶᠢᠯᠡᠬᠦ ᠠᠵᠢᠯ᠂ ᠲᠤᠮᠲᠠ ᠬᠡᠯᠪᠡᠷᠢ ᠶᠢᠨ ᠤᠰᠤᠨ | ᠬᠠᠭᠠᠯᠲᠠ ᠶᠢᠨ ᠪᠠᠬᠢᠵᠢᠬᠦᠯᠦᠯᠲᠡ ᠵᠡᠷᠬᠡ ᠪᠠᠷᠢᠯᠭ᠎ᠠ ᠶᠢ ᠠᠯᠬᠤᠮ ᠲᠠᠷᠠᠭ᠎ᠠ ᠲᠠᠢ ᠪᠠᠷ ᠠᠬᠢᠭᠤᠯᠤᠨ᠂ ᠵᠠᠩ ᠹᠠᠩ | ᠭᠤᠤᠯ ᠪᠠ ᠪᠦᠷᠢᠲᠤᠨ ᠨᠠᠭᠤᠷ ᠤᠨ ᠭᠤᠤᠯ ᠨᠠᠭᠤᠷ ᠢ ᠬᠤᠯᠪᠤᠬᠤ ᠪᠠᠷᠢᠯᠭ᠎ᠠ 200 ᠲᠦᠮᠡᠨ ᠪᠤᠰᠤᠭ᠎ᠠ ᠲᠦᠷᠪᠡᠯᠵᠢᠨ | ᠮᠧᠲᠷ ᠤᠰᠤ ᠶᠢ ᠠᠮᠵᠢᠯᠲᠠ ᠲᠠᠢ ᠲᠠᠲᠠᠨ ᠤᠷᠤᠭᠤᠯᠵᠦ᠂ 8000 ᠮᠤ᠋ ᠲᠠᠷᠢᠶᠠᠨ ᠭᠠᠵᠠᠷ ᠢ ᠨᠦᠬᠡᠴᠡ ᠶᠢᠨ | ᠬᠦᠮᠦᠷᠬᠡ ᠶᠢᠨ ᠲᠦᠷᠦᠯ ᠵᠤᠶᠢᠯ ᠳᠤ ᠤᠷᠤᠭᠤᠯᠠᠬᠤ ᠠᠵᠢᠯ ᠢ ᠡᠬᠢᠯᠡᠬᠦᠯᠦᠨ᠂ ᠤᠩᠨᠢᠭᠤᠳ ᠬᠤᠰᠢᠭᠤᠨ ᠤ ᠭᠠᠵᠠᠷ | ᠵᠦᠢ ᠶᠢᠨ ᠴᠡᠴᠡᠷᠯᠢᠭ ᠦᠪᠡᠷᠲᠡᠬᠡᠨ ᠵᠠᠰᠠᠬᠤ ᠤᠷᠤᠨ ᠤ ᠲᠡᠰ ᠤᠨ ᠭᠠᠵᠠᠷ ᠵᠦᠢ ᠶᠢᠨ ᠴᠡᠴᠡᠷᠯᠢᠭ ᠪᠠᠷ ᠦᠨᠡᠯᠡᠭᠲᠡᠵᠡᠢ | ᠃ | ᠨᠢᠬᠡ ᠵᠢᠯ ᠤᠨ ᠲᠤᠷᠰᠢ᠂ ᠪᠢᠲᠠ ᠪᠠᠶᠢᠭᠤᠯᠤᠯᠲᠠ ᠶᠢᠨ ᠲᠦᠰᠦᠪ ᠶᠤᠰᠤᠭᠠᠷ ᠬᠦᠴᠦᠯᠡᠨ ᠠᠵᠢᠯᠠᠯᠵᠦ᠂ | ᠬᠤᠲᠠ ᠬᠦᠲᠡᠭᠡ ᠶᠢᠨ ᠲᠦᠷᠰᠦ ᠪᠠᠶᠢᠲᠠᠯ ᠢ ᠦᠷᠬᠦᠯᠵᠢᠯᠡᠨ ᠬᠤᠪᠢᠷᠠᠭᠤᠯᠵᠠᠢ᠃ ᠤᠯᠤᠰ ᠤᠨ ᠤᠢ ᠰᠢᠭᠤᠢ ᠶᠢᠨ | ᠬᠦᠷᠢᠶᠡᠯᠡᠩᠲᠦ ᠰᠢᠶᠠᠨ ᠢ ᠪᠦᠲᠦᠬᠡᠨ ᠪᠠᠶᠢᠭᠤᠯᠬᠤ ᠠᠵᠢᠯ ᠢ ᠡᠬᠢᠯᠡᠬᠦᠯᠦᠨ᠂ ᠪᠤᠷᠤᠬᠤᠲᠠ ᠶᠢᠨ ᠬᠠᠭᠤᠴᠢᠨ ᠬᠤᠲᠠ | ᠲᠤᠭᠤᠷᠢᠭ ᠤᠨ 4.5 ᠲᠡᠭᠰᠢ ᠲᠦᠷᠪᠡᠯᠵᠢᠨ ᠺᠢᠯᠤᠮᠧᠲᠷ ᠭᠠᠵᠠᠷ ᠢ ᠡᠵᠡᠮᠰᠢᠯᠲᠦ ᠨᠠᠷᠢᠨ ᠲᠦᠯᠦᠪᠯᠡᠬᠡᠨ ᠳᠤ | ᠤᠷᠤᠭᠤᠯᠵᠠᠢ᠃ | ︿︿ ᠬᠤᠶᠠᠷ ᠠᠭᠤᠯᠠ ᠨᠢᠬᠡ ᠭᠤᠤᠯ ᠤᠯᠠᠨ ᠴᠢᠭ﹀﹀ ᠤᠨ ᠠᠮᠢ ᠠᠬᠤᠢ ᠶᠢᠨ ᠦᠵᠡᠮᠵᠢ ᠶᠢᠨ ᠪᠠᠷᠢᠯᠭ᠎ᠠ | ᠶᠢ ᠲᠦᠷᠬᠡᠳᠬᠡᠨ ᠪᠠᠶᠢᠭᠤᠯᠵᠦ᠂ ᠴᠦᠨᠲᠦᠪ ᠤᠨ ᠭᠤᠣᠯ ᠤᠨ ᠬᠤᠶᠠᠲᠤᠭᠠᠷ ᠬᠤᠭᠤᠴᠠᠭᠠᠨ ᠤ ᠪᠠᠷᠢᠯᠭ᠎ᠠ ᠶᠢᠨ | ᠶᠡᠷᠦᠩᠬᠡᠶᠢᠯᠡᠨ ᠵᠠᠰᠠᠬᠤ ᠠᠵᠢᠯ ᠢ ᠡᠬᠢᠯᠡᠬᠦᠯᠦᠨ᠂ ᠤᠪᠤᠭ᠎ᠠ ᠶᠢᠨ ᠠᠭᠤᠯᠠ᠂ ᠴᠦᠨᠲᠦᠪ ᠤᠨ ᠭᠤᠤᠯ ᠤᠨ ᠬᠤᠶᠠᠷ | ᠬᠦᠪᠡᠭᠡ ᠶᠢᠨ ᠨᠤᠭᠤᠭᠠᠷᠠᠭᠤᠯᠤᠯᠲᠠ᠂ ᠬᠠᠲᠠᠭᠤᠵᠢᠭᠤᠯᠤᠯᠲᠠ ᠶᠢᠨ 31 ᠲᠦᠮᠡᠨ ᠲᠡᠭᠰᠢ ᠲᠦᠷᠪᠡᠯᠵᠢᠨ ᠮᠧᠲᠷ ᠤᠨ | ᠠᠵᠢᠯ ᠢ ᠲᠠᠭᠤᠰᠠᠬᠨ ᠪᠡᠶᠡᠯᠡᠬᠦᠯᠵᠡᠢ᠃ ︿︿ᠭᠤᠷᠪᠠᠨ ᠵᠡᠬᠡᠯᠢ ᠨᠢᠬᠡ ᠵᠠᠮ ᠤᠯᠠᠨ ᠬᠤᠯᠪᠤᠭᠠᠰᠤ ᠱᠤᠭᠤᠮ﹀﹀ ᠤᠨ | ᠪᠠᠷᠢᠯᠭ᠎ᠠ ᠲᠡᠰ ᠲᠠᠷᠠᠭ᠎ᠠ ᠲᠠᠢ ᠪᠠᠷ ᠶᠠᠪᠤᠭᠲᠠᠨ᠂ ᠪᠠᠶᠠᠨᠲᠠᠯ᠎ᠠ ᠶᠡᠭᠡ ᠵᠡᠬᠡᠯᠢ᠂ ᠪᠤᠷᠤᠬᠤᠲᠠ ᠵᠠᠮ ᠤᠨ ᠪᠠᠷᠢᠯᠭ᠎ᠠ | ᠦᠨᠲᠦᠰᠦᠨ ᠳᠡᠭᠡᠨ ᠪᠠᠷᠢᠯᠭ᠎ᠠ ᠲᠠᠭᠤᠰᠴᠤ᠂ ᠬᠠᠶᠢᠠᠯᠰᠤ ᠶᠡᠭᠡ ᠵᠡᠬᠡᠯᠢ ᠶᠢᠨ ᠵᠡᠬᠦᠨᠰᠢ ᠨᠡᠪᠲᠡᠷᠡᠬᠦ᠂ ᠴᠢᠩ ᠴᠢᠤᠸᠠᠨ | ᠵᠠᠮ ᠤᠨ ᠬᠤᠶᠢᠰᠢ ᠨᠡᠪᠲᠡᠷᠡᠬᠦ᠂ ᠰᠢᠶᠠᠩ ᠱᠦᠢ ᠵᠠᠮ ᠢ ᠨᠡᠪᠲᠡᠷᠡᠬᠦᠯᠬᠦ᠂ ᠪᠤᠷᠤᠬᠤᠲᠠ ᠵᠠᠮ ᠤᠨ ᠡᠮᠤᠨᠡᠰᠢ ᠨᠡᠪᠲᠡᠷᠡᠬᠦ | ᠪᠠᠷᠢᠯᠭ᠎ᠠ ᠪᠦᠬᠦᠨ ᠢᠶᠠᠷ ᠢᠶᠠᠨ ᠡᠬᠢᠯᠡᠨ᠂ ᠤᠲᠠᠨᠲᠤᠬᠤᠢ ᠶᠡᠭᠡ ᠵᠠᠬᠡᠯᠢ ᠪᠠ ᠴᠢᠩ ᠴᠢᠤᠸᠠᠨ ᠵᠠᠮ ᠤᠨ ᠬᠠᠷᠢᠯᠴᠠᠨ | ᠨᠡᠪᠲᠡᠷᠡᠬᠦ ᠪᠠᠷᠢᠯᠭ᠎ᠠ ᠪᠠᠶᠢᠭᠤᠯᠤᠭᠲᠠᠨ ᠲᠡᠷᠬᠡ ᠨᠡᠪᠲᠡᠷᠡᠵᠠᠢ᠃ ᠰᠢᠨ᠎ᠡ ᠪᠠᠷ ᠲᠢᠶᠠᠨ ᠾᠧ ᠯᠠᠩ ᠶᠤᠸᠠᠨ᠂ ᠪᠢ | ᠬᠠᠢ ᠰᠢᠨ ᠶᠤᠸᠠᠨ ᠵᠡᠷᠬᠡ ᠤᠷᠤᠨ ᠰᠠᠭᠤᠴᠠ ᠶᠢᠨ ᠲᠤᠭᠤᠷᠢᠭ ᠤᠨ 24.5 ᠲᠦᠮᠡᠨ ᠲᠡᠭᠰᠢ ᠲᠦᠷᠪᠡᠯᠵᠢᠨ | ᠮᠧᠲᠷ ᠤᠨ ᠪᠠᠷᠢᠯᠭ᠎ᠠ ᠡᠬᠢᠯᠡᠭᠰᠡᠨ ᠪᠠᠶᠢᠨ᠎ᠠ᠃ ᠲᠤᠷ᠎ᠠ ᠪᠠᠷ ᠪᠠ ᠬᠠᠤᠯᠢ ᠪᠤᠰᠤ ᠪᠠᠷ ᠪᠠᠷᠢᠭᠰᠠᠨ ᠪᠠᠷᠢᠯᠭ᠎ᠠ ᠶᠢ ᠡᠪᠲᠡᠨ | ᠨᠤᠷᠠᠭᠠᠵᠦ ᠲᠦᠪᠯᠡᠷᠡᠬᠦᠯᠦᠨ ᠵᠠᠰᠠᠬᠤ ᠠᠵᠢᠯᠠᠯᠭ᠎ᠠ ᠶᠢ ᠦᠷᠨᠢᠬᠦᠯᠵᠦ᠂ ᠬᠤᠲᠠ ᠲᠤᠭᠤᠷᠢᠭ ᠤᠨ ᠪᠠᠶᠢᠭᠤᠯᠤᠯᠲᠠ ᠶᠢᠨ | ᠡᠮᠬᠢ ᠲᠢᠭᠯᠢᠮ ᠢ ᠤᠯᠠᠮ ᠲᠦᠷᠢᠮᠵᠢᠬᠦᠯᠵᠠᠢ᠃ ᠬᠤᠩ ᠱᠠᠨ ᠨᠠᠭᠤᠷ ᠤᠨ ᠵᠤᠭᠠᠴᠠᠯ ᠤᠨ ᠵᠠᠮ᠂ ᠮᠤᠵᠢ ᠵᠠᠮ 304 | ᠱᠤᠭᠤᠮ ᠤᠨ ᠬᠠᠶᠢᠯᠠᠰᠤ ᠠᠴᠠ ᠳ᠋ᠠ ᠰᠢᠩ ᠬᠦᠷᠬᠦ ᠲᠤᠰᠤᠨ ᠵᠠᠮ ᠢ ᠦᠬᠡᠷᠡᠴᠢᠯᠡᠬᠦ ᠪᠠᠷᠢᠯᠭ᠎ᠠ ᠡᠬᠢᠯᠡᠵᠦ᠂ ᠳ᠋ᠠᠨ ᠰᠢ | ᠬᠤᠷᠲᠤᠨ ᠤ ᠵᠠᠮ ᠤᠨ ᠦᠲᠠ ᠶᠢᠨ ᠬᠤᠸᠠ ᠳᠤ ᠬᠠᠷᠢᠯᠴᠠᠨ ᠨᠡᠪᠲᠡᠷᠡᠬᠦ᠂ ᠲᠡᠩᠨᠡᠬᠦᠷ ᠤᠨ ᠭᠤᠤᠯ ᠠᠴᠠ ᠮᠦᠸᠧ ᠱᠢ | ᠭᠡᠸᠤ ᠵᠤᠭᠠᠴᠠᠯ ᠤᠨ ᠵᠠᠮ ᠬᠦᠷᠬᠦ ᠵᠡᠷᠬᠡ ᠲᠦᠷᠦᠯ ᠵᠤᠶᠢᠯ ᠡᠬᠢᠯᠡᠨ ᠶᠠᠪᠤᠭᠲᠠᠵᠦ᠂ 42 ᠺᠢᠯᠤᠮᠧᠲᠷ ᠨᠡᠶᠢᠯᠡᠬᠦᠯᠦᠨ | ᠪᠠᠶᠢᠭᠤᠯᠤᠭᠰᠠᠨ ᠲᠤᠰᠬᠤᠨ ᠤ ᠵᠠᠮ ᠪᠠᠶᠢᠭᠤᠯᠤᠭᠲᠠᠨ ᠲᠡᠷᠬᠡ ᠨᠡᠪᠲᠡᠷᠡᠵᠠᠢ᠃ ᠪᠤᠷᠤᠬᠤᠲᠠ ᠶᠢᠨ 500 ᠺᠢᠯᠤᠸᠠᠲ | ᠴᠠᠬᠢᠯᠭᠠᠨ ᠬᠤᠪᠢᠰᠬᠠᠨ ᠬᠦᠷᠬᠡᠬᠦ᠂ ᠵᠤᠸᠠᠩ ᠲᠸᠤ ᠢᠩᠽᠢ ᠶᠢᠨ 220 ᠺᠢᠯᠤᠸᠠᠲ ᠬᠡᠷᠡᠯ ᠰᠠᠯᠬᠢᠨ ᠤ ᠴᠠᠬᠢᠯᠭᠠᠨ | ᠨᠡᠶᠢᠯᠡᠬᠦᠯᠬᠦ ᠦᠷᠲᠡᠭᠡ ᠶᠢᠨ ᠲᠦᠷᠦᠯ ᠵᠤᠶᠢᠯ ᠤᠨ ᠪᠠᠶᠢᠭᠤᠯᠤᠯᠲᠠ ᠡᠬᠢᠯᠡᠨ᠂ ᠳ᠋ᠠ ᠰᠢᠩ ᠤᠨ 66 ᠺᠢᠯᠤᠸᠠᠲ | ᠴᠠᠬᠢᠯᠭᠠᠨ ᠬᠤᠪᠢᠰᠬᠠᠨ ᠬᠦᠷᠬᠡᠬᠦ ᠦᠷᠲᠡᠭᠡ ᠶᠢᠨ ᠦᠬᠡᠷᠡᠴᠢᠯᠡᠬᠦ ᠪᠠᠷᠢᠯᠭ᠎ᠠ ᠠᠬᠢᠴᠠ ᠪᠠᠨ ᠲᠦᠷᠬᠡᠳᠬᠡᠨ᠂ ᠡᠯ | ᠫᠠᠶᠢᠰᠠ᠂ ᠬᠤᠸᠠᠩ ᠬᠦ᠋ ᠲᠦᠨ ᠤ 66 ᠺᠢᠯᠤᠸᠠᠲ ᠴᠠᠬᠢᠯᠭᠠᠨ ᠬᠤᠪᠢᠰᠬᠠᠨ ᠬᠦᠷᠬᠡᠬᠦ᠂ ᠺᠠᠩ ᠵᠢᠶᠠ ᠢᠩ ᠠᠴᠠ | ᠪᠠᠶᠠᠨᠲᠤᠬᠤᠢ ᠬᠦᠷᠬᠦ 66 ᠺᠢᠯᠤᠸᠠᠲ ᠴᠠᠬᠢᠯᠭᠠᠨ ᠬᠤᠪᠢᠰᠬᠠᠨ ᠬᠦᠷᠬᠡᠬᠦ ᠪᠠᠷᠢᠯᠭ᠎ᠠ ᠠᠵᠢᠯ ᠢᠶᠠᠨ ᠲᠠᠭᠤᠰᠠᠬᠨ | ᠠᠰᠢᠭᠯᠠᠯᠲᠠ ᠳᠤ ᠤᠷᠤᠵᠠᠢ᠃ | ᠨᠢᠬᠡ ᠵᠢᠯ ᠤᠨ ᠲᠤᠷᠰᠢ᠂ ᠪᠢᠲᠠ ᠠᠷᠠᠳ ᠲᠤ ᠠᠰᠢᠭᠲᠠᠢ ᠪᠠᠶᠢᠯᠭᠠᠨ ᠠᠵᠢᠯᠯᠠᠬᠤ ᠶᠢ ᠠᠩᠬᠠᠷᠴᠤ᠂ | ᠠᠷᠠᠳ ᠤᠨ ᠠᠮᠢᠲᠤᠷᠠᠯ ᠢ ᠦᠨᠡᠨᠬᠦ ᠦᠬᠡᠷᠡᠴᠢᠯᠡᠨ ᠰᠠᠶᠢᠵᠢᠷᠠᠭᠤᠯᠵᠠᠢ᠃ ᠪᠦᠬᠦ ᠵᠢᠯ ᠳᠤ ᠠᠷᠠᠳ ᠤᠨ ᠠᠮᠢᠲᠤᠷᠠᠯ | ᠤᠨ ᠵᠠᠷᠤᠯᠭ᠎ᠠ 32 ᠳ᠋ᠦᠩᠰᠢᠭᠤᠷ ᠲᠦᠬᠦᠷᠢᠭ ᠬᠦᠷᠴᠦ᠂ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠵᠠᠷᠤᠯᠭ᠎ᠠ ᠶᠢᠨ 83% ᠢ ᠡᠵᠡᠯᠡᠵᠡᠢ ᠃ ᠬᠤᠲᠠ ᠬᠦᠲᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠲᠡᠭᠰᠢ | ᠴᠡᠭᠴᠡᠲᠢ ᠪᠠᠷ ᠬᠦᠭᠵᠢᠨ ᠪᠠᠷᠢᠮᠵᠢᠶ᠎ᠠ ᠳᠤ ᠬᠦᠷᠬᠦ ᠢᠨᠵᠧᠨ᠋ᠷᠢᠭ ᠢᠯᠭᠤᠮ ᠢᠶᠠᠷ ᠤᠯᠤᠰ ᠤᠨ ᠲᠡᠰ ᠤᠨ | ᠬᠢᠨᠠᠨᠦᠨᠡᠯᠡᠯᠲᠡ ᠶᠢ ᠤᠯᠵᠠᠢ᠃ ᠪᠤᠷᠤᠬᠤᠲᠠ ᠨᠢᠬᠡᠲᠦᠬᠡᠷ ᠲᠤᠮᠲᠠᠲᠤ ᠰᠤᠷᠭᠠᠭᠤᠯᠢ ᠶᠢᠨ ᠨᠤᠮ ᠤᠨ ᠰᠠᠩ ᠦᠷᠦᠬᠡ | ᠂ ᠪᠤᠷᠤᠬᠤᠲᠠ ᠬᠤᠶᠠᠲᠤᠭᠠᠷ ᠲᠤᠮᠲᠠᠲᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠪᠠᠷᠢᠯᠭ᠎ᠠ᠂ ᠪᠤᠷᠤᠬᠤᠲᠠ | ᠨᠢᠬᠡᠲᠦᠬᠡᠷ ᠬᠡᠤᠬᠡᠳ ᠤᠨ ᠴᠡᠴᠡᠷᠯᠢᠭ ᠢ ᠪᠠᠶᠢᠭᠤᠯᠤᠨ᠂ ᠪᠤᠷᠤᠬᠤᠲᠠ ᠮᠤᠩᠭᠤᠯ ᠬᠡᠤᠬᠡᠳ ᠤᠨ ᠴᠡᠴᠡᠷᠯᠢᠭ ᠢ | ᠨᠡᠬᠦᠯᠬᠡᠨ ᠪᠠᠶᠢᠭᠤᠯᠬᠤ ᠵᠡᠷᠬᠡ ᠪᠠᠷᠢᠯᠭ᠎ᠠ᠂ ᠬᠠᠶᠢᠯᠠᠰᠤ ᠮᠤᠩᠭᠤᠯ ᠲᠤᠮᠲᠠᠲᠤ ᠰᠤᠷᠭᠠᠭᠤᠯᠢ ᠵᠢᠨᠦᠬᠡᠷᠡᠴᠢᠯᠡᠬᠦ ᠪᠠᠷᠢᠯᠭ᠎ᠠ | ᠠᠰᠢᠭᠯᠠᠯᠲᠠ ᠳᠤ ᠤᠷᠤᠵᠠᠢ᠃ ᠪᠦᠬᠦ ᠬᠤᠰᠢᠭᠤᠨ ᠤ ᠲᠡᠬᠡᠲᠦ ᠰᠤᠷᠭᠠᠭᠤᠯᠢ ᠳᠤ ᠰᠢᠯᠭᠠᠭᠤᠯᠤᠭᠰᠠᠳ ᠤᠨᠴᠠ ᠰᠠᠶᠢᠨ | ᠪᠦᠲᠦᠮᠵᠢ ᠶᠢ ᠭᠠᠷᠭᠠᠨ᠂ ᠶᠡᠭᠡ ᠰᠤᠷᠭᠠᠭᠤᠯᠢ ᠠᠴᠠ ᠲᠡᠭᠡᠰᠢᠬᠢ ᠱᠤᠭᠤᠮ ᠳᠤ ᠬᠦᠷᠦᠭᠰᠡᠡ ᠪᠠ ᠰᠢᠯᠭᠠᠨ ᠤᠷᠤᠬᠤ | ᠨᠤᠷᠮ᠎ᠠ ︿︿ ᠬᠤᠤᠰ ᠲᠡᠪᠰᠢᠯᠲᠠ﹀﹀ ᠶᠢ ᠪᠡᠶᠡᠯᠡᠬᠦᠯᠠᠵᠢ᠃ ᠬᠤᠰᠢᠭᠤᠨ ᠡᠮᠨᠡᠯᠬᠡ ᠶᠢᠨ ᠬᠤᠷᠢᠶᠠᠨ ᠤ ᠨᠤᠷᠠᠭᠠᠨ | ᠦᠷᠬᠡᠳᠬᠡᠬᠦ ᠪᠠᠶᠢᠭᠤᠯᠤᠯᠲᠠ᠂ ᠡᠬᠡ ᠨᠢᠯᠬᠠᠰ ᠤᠨ ᠡᠮᠨᠡᠯᠬᠡ᠂ ᠵᠡᠮᠲᠡᠭᠴᠤᠳ ᠤᠨ ᠡᠷᠡᠬᠦᠯᠵᠢᠯ ᠤᠨ ᠲᠦᠪ ᠤᠨ ᠡᠮᠦᠨ᠎ᠠ | ᠬᠤᠭᠤᠴᠠᠭᠠᠨ ᠤ ᠠᠵᠢᠯ ᠡᠬᠢᠯᠠᠨ ᠶᠠᠪᠤᠭᠲᠠᠵᠦ᠂ ᠡᠮᠨᠡᠯᠬᠡ ᠰᠤᠪᠢᠯᠠᠯᠲᠠ ᠡᠷᠡᠬᠦᠯ ᠴᠢᠬᠢᠷᠠᠭ ᠢᠶᠠᠷ ᠠᠰᠠᠷᠠᠬᠤ | ᠬᠦᠷᠢᠶᠠᠯᠠᠩ ᠲᠤᠭᠤᠷᠢᠭ᠂ ᠮᠤᠩᠭᠤᠯ ᠬᠢᠲᠠᠳ ᠡᠮᠨᠡᠯᠬᠡ ᠶᠢᠨ ᠬᠤᠷᠢᠶᠠᠨ ᠤ ᠨᠡᠬᠦᠨ ᠰᠢᠯᠵᠢᠬᠦ ᠪᠠᠶᠢᠭᠤᠯᠤᠯᠲᠠ᠂ | ᠠᠷᠠᠳ ᠤᠨ ᠶᠠᠪᠤᠲᠠᠯ ᠤᠨ ᠠᠰᠠᠷᠠᠬᠤ ᠲᠦᠪ ᠤᠨ ᠲᠦᠷᠦᠯ ᠵᠤᠶᠢᠯ ᠦᠨᠲᠦᠰᠦᠨ ᠳᠡᠭᠡᠨ ᠲᠠᠭᠤᠰᠴᠤ᠂ ᠳ᠋ᠠ ᠰᠢᠩ᠂ | ᠭᠤᠷᠤᠬᠠᠨ ᠤ ᠡᠷᠡᠬᠦᠯ ᠬᠠᠮᠠᠭᠠᠯᠠᠯ ᠤᠨ ᠬᠤᠷᠢᠶ᠎ᠠ ᠠᠰᠢᠭᠯᠠᠯᠲᠠ ᠳᠤ ᠤᠷᠤᠵᠠᠢ᠃ ᠰᠢᠨ᠎ᠠ ᠪᠠᠷ ᠰᠤᠷᠭᠠᠨ ᠬᠦᠮᠦᠵᠢᠯ | ᠡᠷᠡᠬᠦᠯ ᠬᠠᠮᠠᠭᠠᠯᠠᠯ ᠤᠨ ᠴᠢᠲᠠᠪᠦᠷᠢᠲᠠᠨ 75 ᠬᠦᠮᠦᠨ ᠢ ᠡᠯᠰᠡᠵᠠᠢ᠃ ᠫᠧᠩ ᠰᠠᠷᠠᠪᠴᠢᠲᠦ ᠲᠤᠭᠤᠷᠢᠭ ᠤᠨ 1011 | ᠰᠠᠭᠤᠷᠢ ᠶᠢ ᠦᠬᠡᠷᠡᠴᠢᠯᠡᠨ᠂ ᠨᠡᠶᠢᠲᠡ ᠶᠢᠨ ᠲᠦᠷᠢᠶᠡᠰᠦᠨ ᠬᠡᠷ 216 ᠰᠠᠭᠤᠷᠢ ᠶᠢ ᠪᠠᠶᠢᠭᠤᠯᠵᠠᠢ᠃ ᠰᠤᠶᠤᠯ ᠢᠶᠠᠷ | ᠠᠷᠠᠳ ᠲᠤ ᠠᠰᠢᠭᠲᠠᠢ ᠠᠵᠢᠯᠯᠠᠬᠤ ᠶᠢ ᠬᠦᠨᠵᠡᠬᠡᠶᠢᠷᠡᠬᠦᠯᠦᠨ᠂ ᠤᠯᠠᠭᠠᠨᠮᠦ᠋ᠴᠢᠷ ᠤᠨ ᠪᠠᠶᠢᠭᠤᠯᠤᠯᠲᠠ ᠶᠢ ᠲᠡᠰᠤᠷᠤᠯᠲᠠ | ᠦᠬᠡᠢ ᠴᠢᠩᠭᠠᠳᠬᠠᠨ᠂ ᠡᠯ᠎ᠡ ᠲᠦᠷᠦᠯ ᠤᠨ ᠰᠤᠶᠤᠯ ᠤᠷᠠᠯᠢᠭ ᠤᠨ ᠲᠤᠭᠯᠠᠯᠲᠠ100 ᠢᠯᠡᠬᠦᠦ ᠲᠠᠯᠠᠪᠠᠢ ᠤᠲᠠᠭ᠎ᠠ | ᠦᠷᠨᠢᠬᠦᠯᠦᠨ᠂ ᠪᠦᠬᠦ ᠬᠤᠰᠢᠭᠤᠨ ᠳᠤ ᠰᠢᠨ᠎ᠠ ᠠᠵᠢᠯ ᠤᠯᠭᠤᠭᠰᠠᠨ ᠤ ᠲᠤᠭ᠎ᠠ 2581 ᠬᠦᠮᠦᠨ ᠳᠤ ᠬᠦᠷᠴᠦ᠂ | ᠬᠦᠲᠡᠭᠡ ᠲᠤᠰᠬᠤᠨ ᠮᠠᠯᠵᠢᠬᠤ ᠤᠷᠤᠨ ᠤ ᠬᠦᠲᠡᠯᠮᠤᠷᠢ ᠬᠦᠴᠦᠨ ᠢ ᠰᠢᠯᠵᠢᠬᠦᠯᠦᠨ ᠠᠵᠢᠯ ᠤᠯᠭᠤᠭᠰᠠᠨ ᠲᠤᠭ᠎ᠠ 6. | 5 ᠲᠦᠮᠡᠨ ᠬᠦᠮᠦᠨ ᠳᠤ ᠬᠦᠷᠴᠦ᠂ ᠨᠢᠬᠡᠨᠲᠡ ᠲᠠᠩᠰᠠᠯᠠᠭᠰᠠᠨ ᠬᠤᠲᠠ ᠪᠠᠯᠭᠠᠰᠤᠨ ᠤ ᠠᠵᠢᠯ ᠠᠯᠲᠠᠭᠰᠠᠳ ᠤᠨ | ᠨᠤᠷᠮ᠎ᠠ ᠶᠢ 4% ᠶᠢᠨ ᠲᠤᠲᠤᠷ᠎ᠠ ᠬᠢᠵᠠᠭᠠᠷᠯᠠᠵᠠᠢ᠃ ᠠᠷᠠᠳ ᠤᠨ ᠠᠮᠢᠲᠤᠷᠠᠯ ᠳᠤ ᠠᠰᠢᠭᠲᠠᠢ ᠲᠦᠷᠦ ᠶᠢᠨ | ᠪᠤᠲᠤᠯᠭ᠎ᠠ ᠶᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠤᠨ᠂ ᠡᠯ᠎ᠡ ᠲᠦᠷᠦᠯ ᠤᠨ ᠭᠠᠮᠰᠢᠭ ᠠᠴᠠ ᠠᠪᠤᠷᠠᠬᠤ ᠠᠪᠤᠷᠠᠨ | ᠲᠤᠰᠠᠯᠠᠬᠤ ᠪᠡᠯᠡ ᠮᠦᠩᠬᠦ 2 ᠳ᠋ᠦᠩᠰᠢᠭᠤᠷ ᠲᠦᠬᠦᠷᠢᠭ ᠬᠦᠷᠴᠡᠢ᠃ ︿︿ᠬᠠᠷ᠎ᠠ ᠪᠦᠯᠦᠭ ᠢ ᠱᠦᠬᠦᠷᠲᠡᠨ ᠬᠠᠷᠬᠢᠰ | ᠬᠦᠴᠦᠨ ᠢ ᠠᠷᠢᠯᠭᠠᠬᠤ﹀﹀ ᠲᠤᠰᠬᠠᠢᠠᠵᠢᠯᠠᠯᠭᠠ ᠶᠢ ᠦᠷᠨᠢᠬᠦᠯᠦᠨ ᠲᠡᠮᠡᠴᠡᠵᠦ᠂ ᠢᠯᠡ ᠪᠠᠶᠢᠬᠤ ᠢ ᠬᠡᠷᠡᠭᠵᠢᠬᠦᠯᠦᠨ | ᠲᠦᠷᠬᠡᠳᠬᠡᠨ᠂ ᠠᠮᠤᠷ ᠢ ᠬᠠᠮᠠᠭᠠᠯᠠᠨ ᠰᠡᠷᠬᠡᠶᠢᠯᠡᠬᠦ ᠰᠢᠰᠲ᠋ᠧᠮ ᠢ ᠠᠩᠬ᠎ᠠ ᠠᠯᠬᠤᠮ ᠪᠦᠷᠢᠯᠲᠦᠬᠦᠯᠵᠠᠢ᠃ ᠵᠠᠬᠢᠲᠠᠯ | ᠰᠤᠷᠪᠤᠯᠵᠢᠯᠠᠭ᠎ᠠ ᠶᠢᠨ ᠲᠤᠭᠲᠠᠭᠤᠨ᠂ ᠠᠶᠤᠯᠬᠦᠢ ᠦᠢᠯᠡᠳᠪᠦᠷᠢᠯᠡᠯ᠂ ᠵᠠᠰᠠᠮᠠᠯ ᠵᠠᠮ ᠤᠨ ᠬᠤᠷᠲᠤᠴᠠ ᠲᠠᠭᠠᠭᠠᠴᠠ | ᠬᠡᠲᠦᠷᠡᠬᠦ ᠶᠢ ᠬᠤᠷᠢᠭᠯᠠᠨ ᠵᠠᠰᠠᠬᠤ᠂ ᠢᠲᠡᠬᠡᠨ ᠡᠮ ᠲᠠᠩ ᠤᠨ ᠬᠢᠨᠠᠯᠲᠠ᠂ ᠠᠹᠷᠢᠺᠡ ᠶᠢᠨ ᠭᠠᠭ᠋ᠠᠢ ᠶᠢᠨ ᠬᠢᠵᠢᠭ ᠢ | ᠰᠡᠷᠬᠡᠶᠢᠯᠡᠬᠦ ᠵᠡᠷᠬᠡ ᠨᠡᠶᠢᠲᠡ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠦ᠂ ᠨᠡᠶᠢᠬᠡᠮ ᠤᠨ ᠶᠡᠭᠡ ᠲᠠᠯ᠎ᠠ | ᠪᠠ ᠲᠤᠭᠲᠠᠭᠤᠨ ᠢ ᠬᠠᠮᠠᠭᠠᠯᠠᠵᠠᠢ᠃ | ᠨᠢᠬᠡ ᠵᠢᠯ ᠤᠨ ᠲᠤᠷᠰᠢ᠂ ᠪᠢᠲᠠ ᠦᠷᠬᠦᠯᠵᠢᠯᠡᠨ ᠤᠷᠴᠢᠨ ᠲᠤᠭᠤᠷᠢᠨ ᠢ ᠰᠢᠯᠢᠲᠡᠭᠵᠢᠬᠦᠯᠦᠨ᠂ ᠠᠵᠦ | ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠲᠡᠰᠤᠷᠠᠯᠲᠠ ᠦᠬᠡᠢ ᠴᠢᠩᠭᠠᠳᠬᠠᠵᠠᠢ᠃ ᠠᠷᠠᠯᠵᠢᠶᠠᠴᠢᠨ | ᠤᠷᠢᠵᠦ ᠪᠡᠯᠡ ᠲᠠᠲᠠᠬᠤ ︿︿ᠡᠪᠤᠯ ᠤᠨ ᠤᠯᠠᠷᠢᠯ ᠤᠨ ᠠᠵᠢᠯᠯᠠᠭᠠᠨ﹀﹀ ᠢ ᠡᠷᠴᠢᠮᠲᠠᠢ ᠪᠠᠷ ᠦᠷᠨᠢᠬᠦᠯᠦᠨ᠂ | ᠠᠩᠬᠠᠲᠤᠭᠠᠷ ᠬᠤᠭᠤᠴᠠᠭᠠᠨ ᠤ ᠯᠤᠤᠲᠦ ᠨᠤᠲᠤᠭ ᠢᠶᠠᠷ ᠠᠶᠠᠯᠬᠤ ᠤᠩᠨᠢᠭᠤᠳ ᠨᠤᠲᠤᠭ ᠤᠨ ᠨᠠᠶᠢᠵᠠ ᠶᠢᠨ ᠬᠤᠷᠠᠯ ᠢ | ᠠᠮᠵᠢᠯᠲᠠ ᠲᠠᠢ ᠡᠷᠬᠢᠯᠠᠵᠠᠢ᠃ ᠪᠦᠬᠦ ᠵᠢᠯ ᠳᠤ ᠬᠤᠰᠢᠭᠤᠨ ᠭᠠᠲᠠᠨᠠᠬᠢ ᠪᠡᠯᠡ ᠮᠦᠩᠬᠦ ᠶᠢ 13.3 ᠳ᠋ᠦᠩᠰᠢᠭᠤᠷ | ᠲᠦᠬᠦᠷᠢᠭ ᠲᠠᠲᠠᠨ ᠤᠷᠤᠭᠤᠯᠵᠦ᠂ ᠲᠡᠭᠡᠲᠦ ᠱᠠᠲᠤᠨ ᠤ ᠲᠤᠰᠬᠠᠢ ᠪᠡᠯᠡᠮᠦ᠋ᠩᠬᠦ ᠶᠢ 19 ᠳ᠋ᠦᠩᠰᠢᠭᠤᠷ ᠲᠦᠬᠦᠷᠢᠭ | ᠤᠷᠤᠭᠤᠯᠤᠨ ᠠᠪᠴᠢᠷᠠᠵᠠᠢ᠃ ᠵᠠᠰᠠᠭ ᠵᠠᠬᠢᠷᠭᠠᠨ ᠤ ᠵᠦᠪᠰᠢᠶᠡᠷᠡᠯ ᠤᠨ ᠡᠷᠬᠡ ᠬᠠᠷᠢᠴᠠᠩᠭᠤᠢ ᠪᠠᠷ ᠲᠦᠪᠯᠡᠷᠡᠵᠦ | ᠪᠠᠶᠢᠬᠤ ᠳᠤ ᠦᠬᠡᠷᠡᠴᠢᠯᠡᠯᠲᠡ ᠬᠢᠬᠦ ᠲᠤᠷᠰᠢᠯᠲᠠ ᠶᠢᠨ ᠴᠢᠭ ᠤᠨ ᠠᠵᠢᠯ ᠦᠪᠡᠷᠲᠡᠭᠡᠨ ᠵᠠᠰᠠᠬᠤ ᠤᠷᠤᠨ ᠤ ᠬᠢᠨᠠᠨ | ᠠᠪᠤᠯᠲᠠ ᠶᠢ ᠤᠷᠤᠭᠰᠢᠲᠠᠢ ᠪᠠᠷ ᠬᠦᠯᠢᠶᠠᠨ ᠠᠪᠴᠦ᠂ ︿︿ᠨᠢᠬᠡ ᠲᠠᠮᠠᠭ᠎ᠠ ᠪᠠᠷ ᠬᠢᠨᠠᠨ ᠵᠦᠪᠰᠢᠶᠡᠷᠡᠬᠦ﹀﹀ ᠶᠢ | ᠪᠠᠶᠠᠯᠠᠬᠦᠯᠵᠠᠢ᠃ ︿︿ ᠨᠢᠭᠤᠷᠲᠠᠨ ᠠᠭᠤᠯᠵᠠᠬᠤ ᠦᠬᠡᠢ ᠪᠠᠷ ᠬᠢᠨᠠᠨ ᠵᠦᠪᠰᠢᠶᠡᠷᠡᠬᠦ﹀﹀ ︿︿ᠨᠢᠬᠡᠯᠡ ᠴᠤᠩᠬᠤ ᠪᠠᠷ | ᠬᠦᠯᠢᠶᠡᠨ ᠠᠪᠬᠤ᠂ ᠲᠦᠪᠯᠡᠷᠡᠬᠦᠯᠦᠨ ᠵᠦᠪᠰᠢᠶᠡᠷᠡᠬᠦ﹀﹀ ᠵᠡᠷᠬᠡ ᠬᠢᠨᠠᠨ ᠵᠦᠪᠰᠢᠶᠡᠷᠡᠬᠦ ᠬᠡᠯᠪᠡᠷᠢ ᠶᠢ ᠢᠲᠡᠪᠬᠢᠲᠡᠢ ᠪᠠᠷ | ᠲᠦᠯᠬᠢᠨ ᠠᠬᠢᠭᠤᠯᠵᠦ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠴᠠᠬᠢᠯᠭᠠᠨ ᠲᠠᠪᠴᠠᠩ ᠢ ᠪᠠᠶᠢᠭᠤᠯᠵᠠᠢ᠃ ᠠᠷᠠᠳ | ᠲᠤ ᠲᠦᠬᠦᠮᠬᠢᠨᠠᠨ ᠵᠦᠪᠰᠢᠶᠡᠷᠡᠬᠦ ᠦᠢᠯᠡᠴᠢᠯᠡᠬᠡᠨ ᠤ ︿︿ᠲᠦᠷᠪᠡᠨ ᠵᠤᠷᠪᠤᠰ ᠲᠤᠲᠤᠷᠬᠠᠢ ᠲᠠᠩᠰᠠ﹀﹀᠂ 136 | ᠵᠤᠷᠪᠤᠰ ᠢ ᠲᠠᠷᠤᠢ ᠶᠠᠪᠤᠲᠠᠯ ᠪᠦᠲᠦᠬᠡᠬᠦ ᠵᠤᠷᠪᠤᠰ ᠪᠤᠯᠭᠠᠨ ᠲᠤᠭᠲᠠᠭᠠᠵᠦ᠂ ᠲᠤᠪᠴᠢ ᠲᠦᠬᠦᠮ ᠬᠢᠨᠠᠨ ᠵᠦᠪᠰᠢᠶᠡᠷᠡᠬᠦ | 73 ᠬᠤᠪᠢ᠂ ᠬᠢᠨᠠᠨ ᠵᠦᠪᠰᠢᠶᠡᠷᠡᠬᠦ ᠶᠢ ᠬᠠᠰᠤᠨ ᠪᠠᠭᠠᠰᠬᠠᠭᠰᠠᠨ 119 ᠵᠤᠶᠢᠯ ᠵᠡᠷᠬᠡ ᠪᠠᠷ ᠠᠷᠠᠯᠵᠢᠶ᠎ᠠ ᠡᠵᠡᠩᠨᠡᠬᠦ | ᠤᠷᠴᠢᠨ ᠢ ᠰᠢᠯᠢᠲᠡᠭᠵᠢᠬᠦᠯᠵᠠᠢ᠃ ᠡᠮ ᠡᠮᠨᠡᠯᠬᠡ ᠡᠷᠡᠬᠦᠯ ᠬᠠᠮᠠᠭᠠᠯᠠᠯ ᠣᠨᠰᠢᠰᠲ᠋ᠧᠮ ᠣᠨᠦᠬᠡᠷᠡᠴᠢᠯᠡᠯᠲᠡ ᠶᠢ | ᠬᠦᠨᠵᠡᠬᠡᠶᠢᠷᠡᠬᠦᠯᠵᠦ᠂ ᠤᠯᠤᠰ ᠤᠨ ᠤᠢ ᠰᠢᠭᠤᠢ ᠶᠢᠨ ᠲᠠᠯᠠᠪᠠᠢ᠂ ᠠᠵᠢᠯ ᠦᠢᠯᠡᠰ ᠤᠨ ᠪᠠᠶᠢᠭᠤᠯᠤᠯᠭ᠎ᠠ ᠶᠢᠨ | ᠨᠠᠰᠤᠲᠠᠨ ᠢ ᠠᠰᠠᠷᠠᠬᠤ ᠲᠠᠭᠠᠳᠬᠠᠯ ᠤᠨ ᠲᠦᠷᠢᠮ᠂ ᠭᠠᠵᠠᠷ ᠰᠢᠷᠤᠢ ᠨᠤᠲᠤᠭ ᠪᠡᠯᠴᠢᠬᠡᠷ ᠤᠨ ᠲᠠᠭᠠᠭᠠᠴᠢᠯᠠᠨ | ᠡᠵᠡᠩᠨᠡᠬᠦ ᠡᠷᠬᠡ ᠶᠢ ᠲᠤᠲᠤᠯᠠᠨ ᠲᠠᠩᠰᠠᠯᠠᠬᠤ ᠬᠡᠷᠡᠴᠢ ᠪᠢᠴᠢᠭ᠂ ᠤᠯᠤᠰ ᠤᠨ ᠭᠠᠶᠢᠯᠢ ᠤᠷᠤᠨ ᠨᠤᠲᠤᠭ ᠤᠨ ᠭᠠᠶᠢᠯᠢ | ᠶᠢ ᠬᠠᠮᠢᠶᠠᠷᠬᠤ ᠰᠢᠰᠲ᠋ᠧᠮ ᠵᠡᠷᠬᠡ ᠦᠬᠡᠷᠡᠴᠢᠯᠡᠯᠲᠡ ᠪᠤᠲᠠᠲᠤ ᠠᠬᠢᠴᠠ ᠲᠠᠢ ᠪᠤᠯᠵᠦ᠂ ᠤᠯᠤᠰ ᠤᠨ ᠲᠠᠷᠢᠶᠠᠯᠠᠩ ᠮᠠᠯ | ᠠᠵᠦ ᠠᠬᠤᠢ ᠶᠢᠨ ᠲᠠᠯᠠᠪᠠᠢ᠂ ᠲᠠᠷᠢᠶᠠᠯᠠᠩ ᠤᠰᠤᠨ ᠤ ᠬᠠᠩᠰᠢ᠂ ᠲᠤᠭ᠎ᠠ ᠪᠦᠷᠢᠳᠭᠡᠯ ᠤᠨ ᠲᠦᠷᠢᠮ ᠵᠡᠷᠬᠡ | ᠦᠬᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠦ᠂ ᠭᠤᠷᠪᠠᠲᠤᠭᠠᠷ ᠤᠲᠠᠭᠠᠨ ᠤ ᠪᠦᠬᠦ ᠤᠯᠤᠰ ᠤᠨ | ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ᠂ ᠲᠦᠷᠪᠡᠲᠦᠬᠡᠷ ᠤᠲᠠᠭᠠᠨ ᠤ ᠪᠦᠬᠦ ᠤᠯᠤᠰ ᠤᠨ ᠠᠵᠦ ᠠᠬᠤᠢ | ᠶᠢᠨ ᠪᠠᠶᠢᠴᠠᠭᠠᠯᠲᠠ᠂ ᠬᠦᠲᠡᠭᠡ ᠲᠤᠰᠬᠤᠨ ᠮᠠᠯᠵᠢᠬᠤ ᠤᠷᠤᠨ ᠤ ᠬᠡᠷ ᠭᠠᠵᠠᠷ ᠨᠢᠬᠡ ᠴᠤᠭᠴᠠ ᠪᠠᠷ ᠲᠡᠩᠰᠠᠯᠠᠨ | ᠲᠡᠮᠲᠡᠭᠯᠡᠬᠦ ᠵᠡᠷᠬᠡ ᠠᠵᠢᠯ ᠤᠷᠤᠭᠰᠢᠲᠠᠢ ᠶᠠᠪᠤᠭᠲᠠᠵᠦ ᠪᠠᠶᠢᠨ᠎ᠠ᠃ | ᠨᠢᠬᠡ ᠵᠢᠯ ᠤᠨ ᠲᠤᠷᠰᠢ᠂ ᠪᠢᠲᠠ ᠬᠦᠴᠦ ᠪᠠᠨ ᠲᠦᠪᠯᠡᠷᠡᠬᠦᠯᠦᠨ ᠪᠦᠲᠦᠮᠵᠢ ᠶᠢ ᠲᠡᠭᠡᠭᠰᠢᠯᠡᠬᠦᠯᠦᠨ᠂ | ᠵᠠᠰᠠᠭ ᠤᠨ ᠤᠷᠲᠤᠨ ᠤ ᠦᠪᠡᠷ ᠤᠨ ᠪᠠᠶ᠎ᠠ ᠶᠢᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠵᠠᠢ᠃ ᠨᠠᠮ ᠤᠨ | ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ | ᠬᠢᠨᠠᠮᠠᠭᠠᠢ ᠪᠠᠷ ᠨᠠᠶᠢᠲᠠᠪᠦᠷᠢᠵᠢᠭᠤᠯᠵᠦ᠂ ᠲᠦᠪ ᠤᠨ ᠨᠠᠢᠮᠠᠨ ᠵᠤᠷᠪᠤᠰ ᠲᠤᠭᠲᠠᠭᠠᠯ ᠵᠢᠴᠢ ᠬᠡᠷᠡᠭᠵᠢᠬᠦᠯᠬᠦ ᠨᠠᠷᠢᠨ | ᠲᠦᠷᠢᠮ ᠤᠨ ᠵᠤᠷᠢᠭ ᠰᠠᠨᠠᠭ᠎ᠠ ᠶᠢ ᠡᠷᠡᠰ ᠰᠢᠭᠤᠷᠬᠠᠢ ᠪᠠᠷ ᠲᠤᠤᠱᠠᠯᠠᠭᠤᠯᠤᠨ᠂ ᠵᠠᠰᠠᠭ ᠤᠨ ᠤᠷᠲᠤᠨ ᠤ ᠰᠤᠷᠲᠠᠯ ᠢ | ᠦᠷᠬᠦᠯᠵᠢᠯᠡᠨ ᠬᠤᠪᠢᠷᠠᠭᠤᠯᠵᠠᠢ᠃ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠬᠡᠳ ᠤᠨ | ᠬᠢᠨᠠᠯᠲᠠ ᠶᠢ ᠦᠪᠡᠷ ᠤᠨ ᠲᠤᠷ᠎ᠠ ᠠᠴᠠ ᠪᠠᠨ ᠬᠦᠯᠢᠶᠡᠨ ᠠᠪᠴᠦ᠂ ᠪᠦᠬᠦ ᠵᠢᠯ ᠳᠤ ᠠᠷᠠᠳ ᠤᠨ ᠲᠦᠯᠦᠬᠡᠯᠡᠭᠴᠢ | ᠵᠢᠨᠰᠠᠨᠠᠯ ᠵᠦᠪᠯᠡᠯᠬᠡ ᠶᠢ 185 ᠬᠤᠪᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠲᠡᠪᠰᠢᠬᠦᠯᠦᠭᠰᠡᠨ | ᠶᠡᠪᠤᠲᠡᠯ 252 ᠬᠤᠪᠢ ᠵᠢᠬᠤᠷᠢᠶᠠᠨ ᠰᠢᠢᠳᠪᠦᠷᠢᠯᠡᠵᠡᠢ᠃ ᠬᠠᠤᠯᠢ ᠶᠤᠰᠤᠭᠠᠷ ᠵᠠᠰᠠᠭ ᠪᠠᠷᠢᠬᠤ ᠶᠢ ᠪᠠᠷᠢᠮᠲᠠᠯᠠᠨ᠂ | ᠬᠠᠤᠯᠢ ᠶᠤᠰᠤᠭᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠵᠦ᠂ ︿︿ᠲᠤᠯᠤᠭ᠎ᠠ ᠲᠠᠪᠤ﹀﹀ ᠶᠢᠨ ᠬᠠᠤᠯᠢ | ᠲᠦᠬᠡᠮᠵᠢᠯᠡᠬᠦᠯᠦᠯᠲᠡ ᠶᠢ ᠡᠷᠴᠢᠮᠲᠠᠢ ᠪᠠᠷ ᠦᠷᠨᠢᠬᠦᠯᠵᠦ᠂ ᠤᠩᠨᠢᠭᠤᠳ ᠬᠤᠰᠢᠭᠤ ︿︿ᠪᠦᠬᠦ ᠤᠷᠤᠨ ᠤ | ᠠᠩᠬᠠᠲᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠵᠠᠰᠠᠭ ᠤᠨ ᠪᠠᠶᠢᠭᠤᠯᠤᠯᠲᠠ ᠶᠢᠨ ᠵᠢᠱᠢᠶᠠᠴᠢ ᠬᠤᠰᠢᠭᠤ ᠰᠢᠶᠠᠨ | ﹀﹀ ᠪᠠᠷ ᠲᠤᠭᠲᠠᠭᠠᠲᠠᠵᠠᠢ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠶᠡᠷᠦᠩᠬᠡᠶᠢᠯᠡᠨ | ᠦᠨᠡᠯᠡᠬᠦ ᠳᠤ ᠰᠢᠯᠢᠲᠡᠭ ᠪᠦᠲᠦᠮᠵᠢ ᠶᠢ ᠤᠯᠵᠦ᠂ ᠪᠦᠬᠦ ᠤᠯᠤᠰ ᠤᠨ ᠰᠢᠶᠠᠨ ᠤ ᠲᠡᠰ ᠳᠤ 142 ᠳ᠋ᠣᠭᠠᠷ ᠨᠠᠷᠠ᠂ | ᠪᠦᠬᠦ ᠤᠷᠤᠨ ᠳᠤ 1 ᠳ᠋ᠤᠬᠡᠷ ᠨᠡᠷ᠎ᠡ ᠳᠤ ᠤᠷᠤᠵᠠᠢ᠃ ᠵᠠᠰᠠᠭ ᠤᠨ ᠤᠷᠲᠤᠨ ᠤ ᠦᠷᠢ ᠰᠢᠷᠢ ᠶᠢ ᠰᠢᠢᠳᠪᠦᠷᠢᠯᠡᠬᠦ | ᠠᠵᠢᠯ ᠢ ᠯᠠᠪᠲᠠᠭᠤᠨ ᠪᠠᠷ ᠠᠬᠢᠭᠤᠯᠤᠨ᠂ ︿︿ ᠠᠷᠪᠠ ᠶᠢ ᠪᠦᠷᠬᠦᠬᠦᠯᠬᠦ ﹀﹀ ᠢᠨᠵᠧᠨ᠋ᠷᠢᠭ ᠤᠨ ᠬᠢᠨᠠᠨ ᠰᠢᠯᠭᠠᠵᠦ | ᠪᠤᠲᠤᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠪᠦᠬᠦ ᠵᠢᠯ ᠳᠤ 13.3 ᠳ᠋ᠦᠩᠰᠢᠭᠤᠷ ᠲᠦᠬᠦᠷᠢᠭ ᠦᠷᠢ ᠰᠢᠷᠢ | ᠶᠢ ᠰᠢᠢᠳᠪᠦᠷᠢᠯᠡᠨ᠂ ᠵᠢᠯ ᠣᠨᠦᠷᠢ ᠰᠢᠷᠢ ᠶᠢ ᠰᠢᠢᠳᠪᠦᠷᠢᠯᠡᠬᠦ ᠠᠵᠢᠯ ᠡᠬᠦᠷᠬᠡ ᠪᠠᠨ ᠲᠠᠪᠠᠭᠤᠯᠤᠨ ᠪᠡᠶᠡᠯᠡᠬᠦᠯᠵᠡᠢ᠃ | ᠬᠤᠶᠠᠷ ᠢ ᠬᠦᠷᠢᠶᠠᠯᠠᠨ ᠬᠠᠮᠲᠦ ᠪᠠᠷ ᠪᠠᠶᠢᠭᠤᠯᠵᠦ᠂ ᠦᠨᠲᠦᠰᠦᠲᠡᠨ ᠱᠠᠰᠢᠨ ᠰᠤᠷᠲᠠᠬᠤᠨ᠂ ᠰᠢᠨᠵᠢᠯᠡᠬᠦ ᠮᠡᠷᠬᠡᠵᠢᠯ᠂ | ᠲᠠᠩᠰᠠ ᠡᠪᠬᠡᠮᠡᠯ᠂ ᠤᠷᠤᠨ ᠨᠤᠲᠤᠭ ᠤᠨ ᠤᠶᠢᠯᠠᠯᠠᠭᠠ᠂ ᠭᠠᠯ ᠢ ᠰᠡᠷᠬᠡᠶᠢᠯᠬᠦ᠂ ᠭᠠᠲᠠᠭᠠᠲᠤ ᠶᠠᠪᠤᠲᠠᠯ᠂ ᠬᠠᠷᠢᠶᠠᠲᠦ | ᠶᠢᠨ ᠶᠠᠪᠤᠲᠠᠯ᠂ ᠴᠠᠭ ᠠᠭᠤᠷ᠂ ᠭᠠᠵᠠᠷ ᠬᠦᠲᠡᠯᠦᠯᠲᠡ᠂ ᠵᠡᠮᠲᠡᠭᠴᠤᠳ᠂ ᠤᠯᠠᠭᠠᠨ ᠵᠠᠭᠠᠯᠮᠠᠶᠢᠲᠠᠨ ᠵᠡᠷᠬᠡ ᠡᠯ᠎ᠡ | ᠲᠦᠷᠦᠯ ᠤᠨ ᠠᠵᠢᠯ ᠪᠦᠷ ᠰᠢᠨ᠎ᠠ ᠪᠦᠲᠦᠮᠵᠢ ᠶᠢ ᠤᠯᠵᠠᠢ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠤᠨ ᠠᠵᠢᠯ ᠢᠶᠠᠨ ᠡᠷᠬᠢᠴᠡᠬᠦᠯᠵᠦ᠂ ᠪᠢᠲᠠ ᠢᠲᠡᠬᠡᠯ | ᠵᠤᠷᠢᠭ ᠢᠶᠠᠨ ᠪᠠᠲᠦ ᠴᠢᠩᠭ᠎ᠠ ᠪᠤᠯᠭᠠᠨ᠂ ᠬᠦᠴᠢᠷ ᠪᠡᠷᠬᠡᠰᠢᠶᠡᠯ ᠢ ᠰᠢᠪᠲᠤᠯᠤᠨ᠂ ᠬᠠᠲᠠᠭᠤᠵᠢᠯᠲᠠᠢ ᠪᠠᠷ ᠵᠢᠳᠬᠦᠨ | ᠤᠷᠤᠭᠰᠢᠯᠠᠵᠦ᠂ ᠤᠯᠠᠨ ᠬᠦᠨᠲᠦ ᠲᠠᠷᠤᠯᠲᠠ ᠶᠢ ᠲᠠᠭᠠᠭᠠᠨ᠂ ᠤᠯᠠᠨ ᠬᠦᠴᠢᠷ ᠲᠦᠪᠡᠭ ᠢ ᠢᠯᠡᠨ᠂ ᠤᠯᠠᠨ | ᠮᠠᠷᠭᠤᠭᠠᠨ ᠢ ᠲᠤᠯᠤᠨ ᠵᠤᠭᠰᠤᠭᠠᠵᠦ᠂ ᠠᠶᠤᠯ ᠢ ᠰᠡᠷᠬᠡᠶᠢᠯᠡᠬᠦ ᠪᠠ ᠲᠤᠭᠲᠠᠭᠤᠨᠦᠰᠦᠯᠲᠡ ᠶᠢ ᠵᠡᠷᠬᠡ ᠠᠯᠬᠤᠮ ᠳᠤ | ᠠᠬᠢᠭᠤᠯᠤᠨ᠂ ᠬᠤᠰᠢᠭᠤ ᠪᠠᠨ ᠠᠮᠢᠵᠢᠷᠠᠯ ᠤᠨ ᠬᠦᠴᠦᠨ ᠢᠶᠠᠷ ᠬᠦᠪᠴᠢᠯᠡᠨ᠂ ᠬᠢᠵᠠᠭᠠᠷᠯᠠᠰᠢ ᠦᠬᠡᠢ ᠠᠷᠠᠳ ᠤᠯᠠᠨ | ᠤ ᠬᠦᠴᠦᠨ ᠢ ᠬᠦᠢᠴᠡᠳ ᠲᠦᠪᠯᠡᠷᠡᠬᠦᠯᠦᠨ᠂ ᠠᠵᠦ ᠠᠬᠤᠢ ᠲᠤᠷᠤᠭᠰᠢᠯᠠᠬᠤ ᠶᠠᠪᠤᠴᠠ ᠲᠤᠮᠲᠠ ᠲᠤᠭᠲᠠᠭᠤᠨ ᠢ | ᠪᠠᠲᠤᠯᠠᠨ᠂ ᠡᠳ᠋ ᠤᠨ ᠵᠠᠰᠠᠭ ᠬᠢᠵᠠᠭᠠᠷ ᠲᠠᠢ ᠪᠠᠶᠢᠬᠤ ᠲᠤᠮᠲᠠ ᠠᠷᠠᠳ ᠤᠨ ᠠᠮᠢᠲᠤᠷᠠᠯ ᠢ ᠰᠠᠶᠢᠷᠠᠭᠤᠯᠤᠨ᠂ ᠪᠦᠬᠦ | ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠲᠠᠪᠠᠨ ᠲᠡᠪᠰᠢᠬᠦ ᠰᠢᠨ᠎ᠠ ᠠᠶᠠᠨ ᠳᠤ ᠯᠠᠪᠲᠠᠭᠤᠨ | ᠪᠠᠲᠤᠲᠠᠢ ᠨᠢᠬᠡ ᠠᠯᠬᠤᠮ ᠠᠯᠬᠤᠵᠠᠢ᠃ ᠡᠲᠡᠬᠡᠷ ᠬᠢᠷᠢ ᠪᠦᠲᠦᠮᠵᠢ ᠶᠢ ᠲᠡᠮᠡᠴᠡᠨ ᠤᠯᠬᠤ ᠳᠤ᠂ ᠬᠤᠰᠢᠭᠤᠨ ᠤ ᠨᠠᠮ | ᠤᠨ ᠬᠤᠷᠢᠶ᠎ᠠ᠂ ᠬᠤᠰᠢᠭᠤᠨ ᠤᠯᠤᠰ ᠲᠦᠷᠦ ᠶᠢᠨ ᠵᠦᠪᠯᠡᠯᠬᠡᠨ ᠤ ᠬᠢᠨᠠᠯᠲᠠ ᠲᠡᠮᠵᠢᠯᠬᠡ ᠶᠢᠨ ᠦᠷ᠎ᠡ ᠪᠦᠲᠦᠬᠡᠯ | ᠪᠤᠯᠬᠤ ᠶᠤᠮ᠂ ᠪᠦᠬᠦ ᠲᠦᠯᠦᠬᠡᠯᠡᠭᠴᠢ ᠬᠡᠰᠢᠬᠦᠨ ᠪᠠ ᠨᠡᠶᠢᠬᠡᠮ ᠤᠨ ᠡᠯ᠎ᠡ ᠡᠲᠡᠭᠡᠳ ᠤᠨ ᠯᠤᠲᠦ ᠶᠡᠭᠡ | ᠬᠠᠪᠰᠤᠷᠤᠯᠭ᠎ᠠ ᠵᠢᠨᠦᠷ᠎ᠡ ᠪᠦᠲᠦᠬᠡᠯ ᠪᠤᠯᠬᠤ ᠶᠤᠮ ᠂ ᠨᠡᠩ ᠴᠦ ᠪᠦᠬᠦ ᠬᠤᠰᠢᠭᠤᠨ ᠲᠡᠭᠡᠷ᠎ᠡ ᠲᠤᠤᠷ᠎ᠠ ᠱᠠᠲᠤᠨ ᠤ | ᠪᠦᠯᠬᠦᠮᠲᠡᠨ ᠲᠡᠮᠡᠴᠡᠭᠰᠡᠨ ᠤ ᠦᠷ᠎ᠡ ᠪᠦᠲᠦᠬᠡᠯ ᠪᠤᠯᠬᠤ ᠶᠤᠮ᠃ ᠤᠨᠴᠤᠭᠤᠶᠢᠯᠠᠨ ᠶᠠᠲᠠᠭᠤ ᠶᠢ ᠲᠡᠳᠬᠦᠨ ᠪᠤᠭᠤᠮᠲᠠ | ᠰᠢᠪᠲᠤᠯᠬᠤ ᠨᠢᠬᠡᠲᠦᠬᠡᠷ ᠹᠠᠷᠤᠨᠲ ᠤᠨ ᠦᠷᠬᠡᠨ ᠤᠯᠠᠨ ᠺᠠᠲᠠᠷ ᠠᠵᠢᠯᠲᠠᠨ ᠤ ᠬᠦᠯᠢᠴᠡᠩᠬᠦᠢ ᠪᠠᠷ ᠪᠠᠷᠢᠮᠲᠠᠯᠠᠵᠦ᠂ | ᠬᠦᠴᠦᠨ ᠵᠢᠳᠬᠦᠯ ᠲᠡᠪᠰᠢᠬᠦᠯᠵᠦ᠂ ᠲᠡᠲᠡᠨᠤᠰ ᠤᠨ ᠬᠠᠲᠠᠭᠤᠵᠢᠯᠲᠠᠢ ᠴᠠᠷᠮᠠᠶᠢᠯᠠᠭᠠ ᠪᠠᠷ ᠶᠠᠲᠠᠭᠤ ᠬᠦᠴᠢᠷᠲᠠᠢ ᠤᠯᠠᠨ | ᠲᠦᠮᠡᠨ ᠳᠤ ᠠᠵᠠ ᠵᠢᠷᠭᠠᠯ ᠢ ᠠᠪᠴᠢᠷᠠᠵᠦ ᠦᠭᠬᠦᠭᠰᠡᠨ ᠶᠤᠮ᠃ ᠡᠬᠦᠨ ᠳᠤ ᠪᠢ ᠬᠤᠰᠢᠭᠤᠨ ᠤ ᠠᠷᠠᠳ ᠤᠨ | ᠵᠠᠰᠠᠭ ᠤᠨ ᠤᠷᠲᠤᠨ ᠢ ᠲᠦᠯᠦᠬᠡᠯᠡᠨ᠂ ᠬᠠᠮᠢᠶ᠎ᠠ ᠪᠦᠬᠦᠢ ᠤᠩᠨᠢᠭᠤᠳ ᠬᠤᠰᠢᠭᠤᠨ ᠤ ᠪᠠᠨ ᠠᠵᠦ ᠠᠬᠤᠢ ᠨᠡᠶᠢᠬᠡᠮ | ᠤᠨ ᠬᠦᠭᠵᠢᠯᠲᠡ ᠶᠢ ᠬᠠᠯᠠᠮᠵᠢᠯᠠᠲᠠᠭ᠂ ᠲᠡᠮᠵᠢᠲᠡᠭ ᠡᠯ᠎ᠡ ᠦᠨᠲᠦᠰᠦᠲᠡᠨ ᠤ ᠠᠷᠠᠳ ᠲᠦᠮᠡᠨ᠂ ᠡᠯ᠎ᠡ ᠡᠲᠡᠬᠡᠳ ᠤᠨ | ᠨᠠᠶᠢᠵᠠ ᠨᠦᠬᠦᠳ ᠪᠠ ᠨᠦᠬᠦᠳ ᠳᠡᠭᠡᠨ᠂ ᠬᠠᠮᠤᠭ ᠤᠨ ᠬᠦᠨ ᠬᠢᠴᠢᠶᠡᠩᠬᠦᠶᠢᠯᠡᠯ ᠪᠠ ᠦᠨᠡᠨ ᠰᠡᠳᠬᠢᠯ ᠤᠨ | ᠲᠠᠯᠠᠷᠬᠠᠯ ᠪᠠᠨ ᠲᠡᠪᠰᠢᠬᠦᠯᠦᠶ᠎ᠠ︕ | ᠠᠮᠵᠢᠯᠲᠠ ᠪᠦᠲᠦᠮᠵᠢ ᠪᠠᠨ ᠤᠯᠵᠦ ᠬᠠᠷᠠᠭᠰᠠᠨ ᠤ ᠬᠠᠮᠲᠦ᠂ ᠪᠢᠲᠠ ᠪᠠᠰᠠ ᠮᠠᠰᠢ ᠤᠯᠠᠨ ᠠᠰᠠᠭᠤᠲᠠᠯ | ᠰᠢᠯᠭᠠᠯᠲᠠ ᠶᠢ ᠨᠢᠭᠤᠷᠯᠠᠵᠦ᠂ ᠭᠤᠷᠪᠠᠨ ᠶᠡᠭᠡ ᠲᠠᠶᠢᠯᠠᠯᠲᠤᠭᠠᠨ ᠢ ᠢᠯᠠᠬᠤ ᠡᠬᠦᠷᠬᠡ ᠬᠦᠨᠲᠦ ᠪᠠᠶᠢᠵᠦ᠂ ᠶᠠᠲᠠᠭᠤ ᠶᠢ | ᠲᠡᠳᠬᠦᠨ ᠪᠤᠭᠤᠮᠲᠠ ᠰᠢᠪᠲᠤᠯᠬᠤ ᠪᠠᠰᠠ ᠨᠢᠬᠡᠨ ᠠᠯᠬᠤᠮ ᠤᠨ ᠴᠢᠬᠤᠯᠠ ᠠᠵᠢᠯ ᠪᠠᠶᠢᠵᠦ᠂ ᠪᠤᠬᠢᠷᠲᠠᠯ ᠢ | ᠰᠡᠷᠬᠡᠶᠢᠯᠡᠨ ᠵᠠᠰᠠᠬᠤ ᠳᠤ ᠪᠠᠰᠠ ᠨᠢᠬᠡ ᠲᠤᠪᠤᠶᠢᠮ᠎ᠠ ᠠᠰᠠᠭᠤᠲᠠᠯ ᠢ ᠰᠢᠢᠳᠪᠦᠷᠢᠯᠡᠬᠦ ᠴᠢᠬᠤᠯᠠᠲᠠᠢ ᠪᠠᠶᠢᠵᠦ᠂ ᠵᠠᠰᠠᠭ | ᠤᠨ ᠤᠷᠲᠤᠨ ᠤ ᠦᠷᠢ ᠰᠢᠷᠢ ᠶᠢ ᠰᠢᠢᠳᠪᠦᠷᠢᠯᠡᠬᠦ ᠲᠠᠷᠤᠯᠲᠠ ᠦᠷᠬᠦᠯᠵᠢᠯᠡᠨ ᠨᠡᠮᠡᠭᠲᠡᠨ᠂ ᠦᠨᠲᠦᠷ ᠴᠢᠨᠠᠷ ᠲᠠᠢ ᠪᠠᠷ | ᠬᠦᠭᠵᠢᠬᠦ ᠳᠤ ᠡᠬᠦᠷᠬᠡ ᠪᠠᠰᠠ ᠬᠦᠨᠲᠦ ᠪᠠᠶᠢᠭᠰᠠᠭᠠᠷ᠂ ᠠᠵᠦ ᠦᠢᠯᠡᠰ ᠢ ᠤᠶᠠᠯᠲᠤᠭᠤᠯᠬᠤ ᠰᠢᠰᠲ᠋ᠧᠮ ᠪᠠᠰᠠ | ᠲᠡᠬᠦᠯᠲᠡᠷᠵᠢᠬᠡᠲᠦᠢ ᠪᠠᠶᠢᠵᠦ᠂ ᠦᠨᠲᠦᠰᠦᠨ ᠰᠠᠭᠤᠷᠢ ᠪᠦᠲᠦᠬᠡᠨ ᠪᠠᠶᠢᠭᠤᠯᠤᠯᠲᠠ ᠶᠢᠨ ᠬᠦᠷᠦᠯᠴᠡᠬᠦᠢ ᠲᠠᠯ᠎ᠠ ᠶᠢ | ᠨᠦᠬᠦᠪᠦᠷᠢᠯᠡᠬᠦ ᠬᠦᠴᠦᠯᠡᠴᠡ ᠪᠠᠨ ᠪᠠᠰᠠ ᠨᠡᠮᠡᠭᠲᠡᠬᠦᠯᠬᠦ ᠴᠢᠬᠤᠯᠠᠲᠠᠢ ᠪᠠᠶᠢᠵᠦ᠂ ᠴᠠᠯᠢᠩ ᠢ ᠪᠠᠲᠤᠯᠠᠨ᠂ ᠠᠷᠠᠳ ᠤᠨ | ᠠᠮᠢᠲᠤᠷᠠᠯ ᠢ ᠪᠠᠲᠤᠯᠠᠬᠤ᠂ ᠡᠷᠬᠢᠯᠲᠡ ᠶᠢ ᠪᠠᠲᠤᠯᠠᠬᠤ ᠵᠡᠷᠬᠡ ᠴᠢᠬᠤᠯᠠ ᠪᠦᠬᠦᠢ ᠵᠠᠷᠤᠯᠭ᠎ᠠ ᠨᠡᠮᠡᠭᠲᠡᠵᠦ᠂ ᠡᠳ᠋ ᠤᠨ | ᠵᠠᠰᠠᠭ ᠤᠨ ᠤᠷᠤᠯᠭ᠎ᠠ ᠵᠠᠷᠤᠯᠭ᠎ᠠ ᠤᠨ ᠵᠦᠷᠢᠴᠡᠯ ᠡᠲᠦᠷ ᠢᠷᠡᠬᠦᠶ᠎ᠡ ᠢᠯᠡᠳᠲᠡ ᠪᠤᠯᠵᠦ᠂ ᠠᠶᠤᠯᠬᠦᠢ | ᠦᠢᠯᠡᠳᠪᠦᠷᠢᠯᠡᠯ᠂ ᠵᠠᠬᠢᠲᠠᠯ ᠰᠤᠷᠪᠤᠯᠵᠢᠯᠠᠭ᠎ᠠ ᠲᠤᠭᠲᠠᠭᠤᠨ ᠢ ᠬᠠᠮᠠᠭᠠᠯᠠᠬᠤ ᠵᠡᠷᠬᠡ ᠠᠵᠢᠯ ᠪᠠᠰᠠᠴᠤ ᠲᠤᠯᠭᠠᠮ᠎ᠠ | ᠪᠠᠶᠢᠵᠦ᠂ ᠨᠡᠶᠢᠬᠡᠮ ᠤᠨ ᠡᠶ᠎ᠡ ᠵᠤᠬᠢᠴᠠᠯ ᠲᠠᠢ ᠲᠤᠭᠲᠠᠭᠤᠨ ᠪᠠᠶᠢᠬᠤ ᠳᠤ ᠲᠤᠭᠲᠠᠭᠠᠭᠲᠠᠰᠢ ᠦᠬᠡᠢ ᠠᠰᠠᠭᠤᠲᠠᠯ | ᠤᠷᠤᠰᠢᠵᠦ᠂ ᠵᠠᠰᠠᠭ ᠤᠨ ᠤᠷᠲᠤᠨ ᠤ ᠪᠠᠶᠢᠭᠤᠯᠤᠯᠭ᠎ᠠ ᠶᠢᠨ ᠬᠡᠰᠡᠭ ᠺᠠᠲᠠᠷ ᠤᠨ ᠬᠠᠷᠢᠭᠤᠴᠠᠯᠭᠠᠲᠦ ᠰᠡᠳᠬᠢᠯᠬᠡ | ᠪᠠᠰᠠᠴᠤ ᠵᠤᠬᠢᠬᠤ ᠦᠨᠲᠦᠷ ᠲᠦᠪᠰᠢᠨ ᠬᠦᠷᠦᠬᠡᠲᠦᠢ ᠪᠠᠶᠢᠭᠰᠠᠭᠠᠷ᠂ ᠦᠢᠯᠡᠰ ᠪᠦᠲᠦᠬᠡᠬᠦ᠂ ᠬᠦᠴᠢᠷ ᠢ ᠰᠢᠪᠲᠤᠯᠬᠤ | ᠵᠤᠷᠢᠭ ᠰᠦᠰᠦ ᠪᠠᠰᠠ ᠲᠤᠲᠠᠮᠠᠭ ᠪᠠᠶᠢᠬᠤ ᠵᠡᠷᠬᠡ ᠵᠡᠷᠬᠡ᠃ ᠡᠬᠦᠨ ᠳᠤ᠂ ᠪᠢᠲᠠ ᠠᠰᠠᠭᠤᠲᠠᠯ ᠤᠨ ᠵᠢᠯᠤᠭᠤᠳᠬᠤ | ᠬᠠᠨᠲᠤᠯᠭ᠎ᠠ ᠶᠢ ᠪᠠᠷᠢᠮᠲᠠᠯᠠᠨ᠂ ᠪᠦᠲᠦᠬᠡᠯᠴᠢ ᠠᠵᠢᠯ ᠤᠨ ᠰᠤᠷᠲᠠᠯ᠂ ᠪᠤᠲᠠᠲᠤ ᠠᠵᠢᠯ ᠤᠨ ᠬᠢᠷᠢ ᠪᠦᠲᠦᠮᠵᠢ ᠪᠠᠷ ᠢᠶᠠᠨ | ᠠᠰᠠᠭᠤᠲᠠᠯ ᠢ ᠰᠢᠢᠳᠪᠦᠷᠢᠯᠡᠨ ᠲᠦᠷᠬᠡᠳᠬᠡᠨ ᠠᠬᠢᠭᠤᠯᠬᠤ ᠬᠡᠷᠡᠭᠲᠡᠢ᠃ | ︵ ᠦᠷᠬᠦᠯᠵᠢᠯᠡᠯ ᠪᠤᠢ︶ | | | | | ︵ ᠴᠢᠩ ᠱᠠᠨ ᠤᠷᠴᠢᠭᠤᠯᠤᠨ ᠨᠠᠶᠢᠷᠠᠭᠤᠯᠪᠠ ︶ | | |